ᠯᠢ ᠺᠧ ᠴᠢᠶᠠᠩ᠄ ᠦᠵᠡᠯ ᠰᠠᠨᠠᠭ᠎ᠠ ᠪᠠᠨ ᠴᠢᠯᠥᠭᠡᠯᠡᠨ ᠥᠭᠡᠷᠡᠴᠢᠯᠡᠯᠲᠡ ᠨᠡᠭᠡᠭᠡᠯᠳᠠ ᠶᠢ ᠠᠬᠢᠭᠤᠯᠵᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠵᠤ ᠠᠷᠠᠳ ᠤᠨ ᠠᠮᠢᠳᠤᠷᠠᠯ ᠢ ᠯᠠᠪᠳᠠᠭᠤᠨ ᠪᠠᠲᠤᠲᠠᠢ ᠪᠠᠷ ᠰᠠᠶᠢᠵᠢᠷᠠᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2021/9/24
       9 ᠳ᠋ᠦ᠋ᠭᠡᠷ ᠰᠠᠷ᠎ᠠ ᠶᠢᠨ 16      ᠠᠴᠠ 18      ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠯᠦ ᠰᠢᠨ ᠱᠧ ᠪᠣᠯᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠯᠠᠨ ᠲᠢᠶᠠᠨ ᠯᠢ ᠶᠢᠨ ᠪᠠᠷ᠎ᠠ ᠪᠤᠯᠤᠯᠭ᠎ᠠ ᠲᠠᠢ ᠪᠠᠷ᠂ ᠢᠦᠢ ᠯᠢᠨ᠂ ᠨᠠᠨᠨᠢᠩ ᠳᠤ ᠰᠢᠨᠵᠢᠯᠡᠨ ᠪᠠᠶᠢᠴᠠᠭᠠᠯᠲᠠ ᠬᠢᠬᠦ ᠳᠤ ᠪᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠥᠭᠡᠷᠡᠴᠢᠯᠡᠯᠲᠡ ᠨᠡᠭᠡᠭᠡᠯᠳᠡ ᠶᠢ ᠶᠡᠭᠡ ᠪᠠᠷ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠪᠠᠲᠤᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠴᠢᠨᠠᠷᠯᠢᠭ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠭᠤᠸᠠᠩᠰᠢ ᠶᠢᠨ ᠢᠦᠢ ᠯᠢᠨ᠂ ᠨᠠᠨᠨᠢᠩ ᠳᠤ ᠰᠢᠨᠵᠢᠯᠡᠨ ᠪᠠᠶᠢᠴᠠᠭᠠᠯᠲᠠ ᠬᠢᠪᠡ᠃ ᠵᠢᠷᠤᠭ ᠪᠣᠯ 9 ᠳ᠋ᠦ᠋ᠭᠡᠷ ᠰᠠᠷ᠎ᠠ ᠶᠢᠨ 16      ᠤ ᠡᠳᠦᠷ ᠯᠢ ᠺᠧ ᠴᠢᠶᠠᠩ ᠢᠦᠶ ᠴᠠᠢ ᠪᠦᠯᠦᠭᠯᠡᠯ ᠳᠤ ᠠᠵᠢᠯ ᠪᠠᠶᠢᠴᠠᠭᠠᠵᠤ ᠪᠠᠶᠢᠭ᠎ᠠ ᠨᠢ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠳ᠋ᠢᠩ ᠯᠢᠨ ᠰᠡᠭᠦᠳᠡᠷᠯᠡᠪᠡ      ᠯᠢ ᠺᠧ ᠴᠢᠶᠠᠩ ᠢᠦᠢ ᠴᠠᠢ ᠪᠦᠯᠦᠭᠯᠡᠯ ᠳᠤ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠨᠢ ᠤᠯᠤᠰ ᠤᠨ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠲᠣᠭᠲᠠᠭᠠᠯ ᠳᠤᠮᠳᠠ ᠠᠴᠠ ᠮᠠᠰᠢ ᠶᠡᠭᠡ ᠠᠰᠢᠭ ᠬᠦᠷᠳᠡᠭᠰᠡᠨ ᠢ ᠣᠯᠵᠤ ᠮᠡᠳᠡᠭᠡᠳ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠵᠤ ᠪᠠᠶᠢᠭ᠎ᠠ ᠨᠢ ᠳᠠᠷᠤᠢ ᠠᠵᠤ ᠠᠬᠤᠶᠢᠯᠠᠯ ᠤᠨ ᠠᠴᠢᠶ᠎ᠠ ᠶᠢ ᠬᠥᠩᠭᠡᠯᠡᠨ ᠤᠷᠤᠭᠰᠢᠯᠠᠭᠤᠯᠬᠤ ᠶᠢᠨ ᠲᠥᠯᠥᠭᠡ ᠶᠤᠮ᠂ ᠠᠵᠤ ᠠᠬᠤᠶᠢᠯᠠᠯ ᠰᠠᠶᠢᠲᠤᠷ ᠬᠥᠭᠵᠢᠪᠡᠯ ᠤᠯᠤᠰ ᠣᠷᠣᠨ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠣᠯᠤᠨ᠎ᠠ ᠭᠡᠵᠦ ᠬᠡᠯᠡᠪᠡ᠃ ᠯᠢ ᠺᠧ ᠴᠢᠶᠠᠩ ᠢᠦᠢ ᠴᠠᠢ ᠶᠢᠨ ᠢᠵᠢ ᠪᠦᠷᠢᠳᠦᠭᠦᠯᠦᠭᠰᠡᠨ ᠵᠢᠵᠢᠭ ᠠᠵᠤ ᠠᠬᠤᠶᠢᠯᠠᠯ ᠤᠨ ᠬᠠᠷᠢᠭᠤᠴᠠᠯᠭᠠᠲᠠᠳ ᠲᠠᠢ ᠶᠠᠷᠢᠯᠴᠠᠵᠤ᠂ ᠶᠠᠮᠠᠷ ᠬᠦᠴᠢᠷᠳᠡᠯ ᠪᠠᠶᠢᠬᠤ ᠶᠢ ᠯᠠᠪᠯᠠᠨ ᠠᠰᠠᠭᠤᠪᠠ᠃ ᠲᠡᠷᠡ ᠬᠡᠯᠡᠬᠦ ᠳᠤ ᠪᠠᠨ᠂ ᠵᠢᠵᠢᠭ ᠠᠵᠤ ᠠᠬᠤᠶᠢᠯᠠᠯ ᠥᠷᠭᠡᠨ ᠬᠡᠪᠴᠢᠶ᠎ᠡ ᠪᠠᠷ ᠲᠠᠷᠬᠠᠨ᠂ ᠲᠤᠮᠤ ᠠᠵᠤ ᠠᠬᠤᠶᠢᠯᠠᠯ ᠳᠤ ᠴᠢᠬᠤᠯᠠ ᠪᠦᠬᠦᠢ ᠲᠤᠯᠭᠠᠭᠤᠷᠢᠯᠠᠯ ᠬᠠᠩᠭᠠᠵᠤ᠂ ᠵᠢᠵᠢᠭ ᠠᠵᠤ ᠠᠬᠤᠶᠢᠯᠠᠯ ᠪᠣᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠡᠭᠡ ᠬᠡᠮᠵᠢᠶᠡᠨ ᠤ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠭᠰᠡᠨ ᠤ ᠠᠷᠤ ᠳᠤ ᠲᠦᠭ ᠲᠦᠮᠡᠨ ᠭᠡᠷ ᠪᠦᠯᠢ ᠶᠢᠨ ᠠᠮᠢᠳᠤᠷᠠᠯ ᠪᠣᠯᠤᠨ ᠦᠷ᠎ᠡ ᠬᠡᠦᠬᠡᠳ ᠤᠨ ᠰᠤᠷᠭᠠᠨ ᠬᠥᠮᠦᠵᠢᠯ ᠲᠠᠢ ᠬᠤᠯᠪᠣᠭᠳᠠᠵᠤ ᠪᠠᠶᠢᠨ᠎ᠠ᠃ ᠲᠠ ᠨᠠᠷ ᠤᠨ ᠲᠤᠰᠬᠠᠭᠰᠠᠨ ᠥᠷᠭᠡᠨ ᠬᠡᠷᠡᠭᠴᠡᠭᠡᠨ ᠤ ᠲᠠᠸᠠᠷ ᠤᠨ ᠦᠨ᠎ᠡ ᠬᠠᠩᠰᠢ ᠶᠡᠭᠡ ᠥᠰᠦᠭᠰᠡᠨ ᠵᠡᠷᠭᠡ ᠠᠰᠠᠭᠤᠳᠠᠯ ᠳᠤ ᠤᠯᠤᠰ ᠠᠴᠠ ᠦᠷᠭᠦᠯᠵᠢᠯᠡᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠵᠠᠬ᠎ᠠ ᠳᠡᠯᠭᠡᠭᠦᠷᠴᠢᠯᠡᠬᠦ ᠠᠷᠭ᠎ᠠ ᠪᠠᠷ ᠦᠨ᠎ᠡ ᠬᠠᠩᠰᠢ ᠶᠢ ᠲᠣᠭᠲᠠᠪᠤᠷᠢᠵᠢᠭᠤᠯᠬᠤ ᠶᠢ ᠨᠡᠩ ᠴᠢᠬᠤᠯᠠᠴᠢᠯᠠᠬᠤ ᠪᠣᠯᠣᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶ ᠶᠢᠨ ᠪᠠᠶᠢᠳᠠᠯ ᠤᠨ ᠬᠤᠪᠢᠷᠠᠯᠲᠠ ᠳᠤ ᠴᠢᠭᠯᠡᠭᠦᠯᠦᠨ᠂ ᠬᠤᠷᠸ᠎ᠠ ᠲᠦᠷᠦ ᠶᠢᠨ ᠪᠤᠳᠤᠯᠭ᠎ᠠ ᠶᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠪᠠᠷ ᠭᠤᠣᠯᠯᠠᠭᠤᠯᠤᠨ ᠨᠠᠷᠢᠯᠢᠭ ᠣᠨᠣᠴᠠᠲᠠᠶ ᠪᠠᠷ ᠬᠡᠷᠡᠭᠵᠢᠭᠦᠯᠵᠦ᠂ ᠵᠦᠢ ᠵᠣᠬᠢᠰᠲᠠᠶ ᠵᠢᠱᠢᠯᠲᠡ ᠶᠢ ᠲᠣᠭᠲᠠᠪᠤᠷᠢᠵᠢᠭᠤᠯᠵᠤ᠂ ᠠᠵᠤ ᠠᠬᠤᠶ ᠶᠢᠨ ᠲᠣᠭᠲᠠᠭᠤᠨ ᠠᠵᠢᠯᠯᠠᠭᠠᠨ ᠢ ᠪᠠᠲᠤᠯᠠᠨ᠎ᠠ ᠭᠡᠵᠡᠢ᠃
    ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠭᠤᠸᠠᠩᠰᠢ ᠶᠢᠨ ᠢᠦᠢ ᠯᠢᠨ᠂ ᠨᠠᠨᠨᠢᠩ ᠳᠤ ᠰᠢᠨᠵᠢᠯᠡᠨ ᠪᠠᠶᠢᠴᠠᠭᠠᠯᠲᠠ ᠬᠢᠪᠡ᠃ ᠵᠢᠷᠤᠭ ᠪᠣᠯ 9 ᠳ᠋ᠦ᠋ᠭᠡᠷ ᠰᠠᠷ᠎ᠠ ᠶᠢᠨ 16      ᠤ ᠡᠳᠦᠷ ᠯᠢ ᠺᠧ ᠴᠢᠶᠠᠩ ᠯᠦᠴᠤᠸᠠᠨ ᠰᠢᠶᠠᠨ ᠤ ᠳ᠋ᠦᠩ ᠰᠢ ᠼᠦᠨ ᠲᠣᠰᠬᠤᠨ ᠤ ᠨᠢᠰᠢᠩᠭᠦ ᠶᠢᠨ ᠲᠠᠷᠢᠶᠠᠨ ᠳᠤ ᠬᠦᠷᠴᠦ ᠨᠢᠰᠢᠩᠭᠦ ᠶᠢᠨ ᠲᠠᠷᠢᠶᠠᠴᠢᠳ ᠲᠠᠢ ᠶᠠᠷᠢᠯᠴᠠᠵᠤ ᠪᠠᠶᠢᠭ᠎ᠠ ᠨᠢ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠳ᠋ᠢᠩ ᠯᠢᠨ ᠰᠡᠭᠦᠳᠡᠷᠯᠡᠪᠡ    ᠯᠦᠴᠤᠸᠠᠨ ᠰᠢᠶᠠᠨ ᠤ ᠳ᠋ᠦᠩ ᠰᠢ ᠼᠦᠨ ᠲᠣᠰᠬᠤᠨ ᠳᠤ᠂ ᠯᠢ ᠺᠧ ᠴᠢᠶᠠᠩ ᠨᠢᠰᠢᠩᠭᠦ ᠶᠢᠨ ᠲᠠᠷᠢᠶᠠᠨ ᠳᠤ ᠬᠦᠷᠴᠦ ᠨᠢᠰᠢᠩᠭᠦ ᠶᠢᠨ ᠲᠠᠷᠢᠶᠠᠴᠢᠳ ᠲᠠᠢ ᠶᠠᠷᠢᠯᠴᠠᠪᠠ᠃ ᠲᠡᠷᠡ ᠬᠡᠯᠡᠬᠦ ᠳᠤ ᠪᠠᠨ᠂ ᠨᠢᠰᠢᠩᠭᠦ ᠶᠢᠨ ᠰᠢᠬᠢᠷ ᠪᠣᠯ ᠢᠳᠡᠭᠡᠨ ᠵᠡᠷᠭᠡ ᠠᠵᠤ ᠦᠢᠯᠡᠰ ᠤᠨ ᠴᠢᠬᠤᠯᠠ ᠲᠦᠭᠦᠬᠡᠢ ᠮᠠᠲ᠋ᠧᠷᠢᠶᠠᠯ ᠮᠥᠨ᠂ ᠪᠦᠬᠦ ᠤᠯᠤᠰ ᠤᠨ ᠰᠢᠬᠢᠷ ᠤᠨ ᠭᠤᠷᠪᠠᠨ ᠤ ᠬᠤᠶᠠᠷ ᠨᠢ ᠭᠤᠸᠠᠩᠰᠢ ᠠᠴᠠ ᠢᠷᠡᠭᠰᠡᠨ ᠶᠤᠮ᠂ ᠲᠠ ᠨᠠᠷ ᠰᠢᠷᠭᠠᠭᠤ ᠬᠠᠲᠠᠭᠤᠵᠢᠯᠲᠠᠢ ᠬᠥᠳᠡᠯᠮᠦᠷᠢᠯᠡᠭᠡᠳ ᠲᠦᠭ ᠲᠦᠮᠡᠨ ᠠᠶᠢᠯ ᠡᠷᠦᠬᠡ ᠳᠤ ᠠᠮᠲᠠᠲᠤ ᠰᠢᠬᠢᠷ ᠬᠦᠷᠭᠡᠵᠦ ᠪᠠᠶᠢᠨ᠎ᠠ᠃ ᠤᠯᠤᠰ ᠠᠴᠠ ᠨᠢᠰᠢᠩᠭᠦ ᠶᠢᠨ ᠰᠠᠶᠢᠨ ᠡᠭᠦᠯᠳᠡᠷ ᠢ ᠪᠤᠶᠢᠵᠢᠭᠤᠯᠬᠤ᠂ ᠰᠢᠬᠢᠷ ᠤᠨ ᠦᠢᠯᠡᠰ ᠤᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠬᠦ ᠲᠠᠯ᠎ᠠ ᠪᠠᠷ ᠳᠡᠮᠵᠢᠯᠭᠡ ᠪᠠᠨ ᠨᠡᠮᠡᠭᠳᠡᠭᠦᠯᠦᠨ᠎ᠡ ᠭᠡᠪᠡ᠃ ᠯᠢ ᠺᠧ ᠴᠢᠶᠠᠩ ᠲᠣᠰᠬᠤᠨ ᠤ ᠠᠷᠠᠳ ᠲᠠᠢ ᠲᠣᠭᠤᠷᠢᠨ ᠰᠠᠭᠤᠵᠤ ᠵᠣᠭᠤᠭ ᠳᠡᠯᠭᠡᠪᠡ᠃ ᠶᠡᠭᠡ ᠰᠤᠷᠭᠠᠭᠤᠯᠢ ᠲᠡᠭᠦᠰᠦᠭᠰᠡᠨ ᠨᠢᠭᠡᠨ ᠰᠤᠷᠤᠭᠴᠢ ᠲᠠᠢ ᠵᠣᠭᠤᠭᠲᠠᠬᠤ ᠦᠶ᠎ᠡ ᠳᠤ᠂ ᠣᠶᠢᠷ᠎ᠠ ᠬᠠᠪᠢ ᠳᠤ ᠠᠳᠠᠯ ᠦᠢᠯᠡᠰ ᠴᠣᠭᠴᠠᠯᠠᠵᠤ᠂ 300 ᠬᠥᠮᠦᠨ ᠤ ᠠᠵᠢᠯ ᠣᠯᠭᠤᠯᠲᠠ ᠶᠢ ᠳᠠᠶᠢᠴᠢᠯᠠᠭᠰᠠᠨ ᠢ ᠣᠯᠵᠤ ᠮᠡᠳᠡᠪᠡ᠃ ᠯᠢ ᠺᠧ ᠴᠢᠶᠠᠩ ᠡᠨᠡ ᠨᠢ ᠣᠯᠠᠨ ᠲᠦᠮᠡᠨ ᠢ ᠭᠡᠷ ᠤᠨ ᠣᠶᠢᠷ᠎ᠠ ᠬᠠᠪᠢ ᠳᠤ ᠪᠠᠨ ᠬᠥᠯᠥᠰᠥᠨ ᠠᠵᠢᠯ ᠬᠢᠵᠦ ᠵᠣᠭᠤᠰ ᠣᠯᠵᠤ ᠴᠢᠳᠠᠬᠤ ᠪᠣᠯᠭᠠᠭᠰᠠᠨ ᠪᠥᠭᠡᠳ ᠨᠠᠰᠤᠲᠠᠨ ᠪᠠ ᠦᠷ᠎ᠡ ᠬᠡᠦᠬᠡᠳ ᠢᠶᠠᠨ ᠬᠠᠷᠠᠭᠠᠯᠵᠠᠵᠤ ᠴᠢᠳᠠᠬᠤ ᠪᠣᠯᠭᠠᠭᠰᠠᠨ ᠪᠠᠶᠢᠨ᠎ᠠ ᠭᠡᠵᠦ ᠮᠠᠭᠲᠠᠨ ᠰᠠᠶᠢᠰᠢᠶᠠᠪᠠ᠃ ᠨᠤᠲᠤᠭ ᠤᠨ ᠠᠬ᠎ᠠ ᠳᠡᠭᠦᠦ ᠨᠡᠷ ᠤᠨ ᠬᠦᠰᠡᠯ ᠡᠷᠡᠮᠡᠯᠵᠡᠯ ᠳᠤ ᠴᠢᠭᠯᠡᠭᠦᠯᠦᠨ ᠯᠢ ᠺᠧ ᠴᠢᠶᠠᠩ ᠬᠡᠯᠡᠬᠦ ᠳᠤ ᠪᠠᠨ᠂ ᠣᠳᠣᠬᠠᠨ ᠳᠤ ᠠᠮᠢᠳᠤᠷᠠᠯ ᠰᠠᠶᠢᠵᠢᠷᠠᠵᠤ᠂ ᠮᠠᠰᠢ ᠣᠯᠠᠨ ᠰᠢᠨ᠎ᠡ ᠬᠡᠷᠡᠭᠴᠡᠭᠡ ᠱᠠᠭᠠᠷᠳᠠᠯᠭ᠎ᠠ ᠲᠠᠢ ᠪᠣᠯᠵᠠᠶ᠃ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠵᠤ᠂ ᠴᠢᠳᠠᠯ ᠤᠨ ᠬᠢᠷᠢ ᠪᠠᠷ ᠢᠶᠠᠨ ᠬᠢᠵᠦ᠂ ᠣᠯᠠᠨ ᠲᠦᠮᠡᠨ ᠤ ᠬᠦᠰᠡᠵᠦ ᠱᠠᠭᠠᠷᠳᠠᠵᠤ ᠪᠠᠶᠢᠭ᠎ᠠ ᠤᠴᠢᠷ ᠶᠠᠪᠤᠳᠠᠯ ᠢ ᠰᠠᠶᠢᠲᠤᠷ ᠬᠢᠬᠦ ᠬᠡᠷᠡᠭᠲᠡᠶ ᠭᠡᠵᠡᠶ᠃      ᠯᠢ ᠺᠧ ᠴᠢᠶᠠᠩ ᠭᠤᠸᠠᠩᠰᠢ ᠶᠢᠨ RCEP ᠶᠢ ᠵᠣᠯᠭᠠᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠠᠳᠠᠭᠠᠳᠤ ᠪᠡᠯᠡ ᠶᠢᠨ ᠬᠤᠪᠢ ᠡᠵᠡᠮᠳᠡᠭᠰᠡᠨ ᠳᠤᠮᠳᠠᠳᠤ ᠰᠢᠩᠭᠠᠫᠣᠷ ᠤᠨ ᠨᠠᠨᠨᠢᠩ ᠳᠠᠬᠢ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠰᠢᠨᠵᠢᠯᠡᠨ ᠪᠠᠶᠢᠴᠠᠭᠠᠪᠠ᠃ ᠲᠡᠷᠡ ᠬᠡᠯᠡᠬᠦ ᠳᠤ ᠪᠠᠨ᠂ ᠳᠤᠮᠳᠠᠳᠤ ᠤᠯᠤᠰ ᠨᠡᠬᠡᠬᠡᠯᠳᠡ ᠬᠢᠬᠦ ᠪᠠᠨ ᠨᠡᠩ ᠴᠢᠨᠠᠭᠰᠢᠳᠠ ᠥᠷᠭᠡᠳᠬᠡᠵᠦ᠂ ᠦᠷᠭᠦᠯᠵᠢᠯᠡᠨ ᠭᠠᠳᠠᠭᠠᠳᠤ ᠪᠡᠯᠡ ᠶᠢ ᠲᠠᠲᠠᠬᠤ ᠦᠩ ᠰᠢᠮᠡᠯᠢᠭ ᠬᠥᠷᠥᠰᠥ ᠶᠢ ᠪᠣᠢ ᠪᠣᠯᠭᠠᠵᠤ᠂ ᠳᠡᠯᠡᠬᠡᠢ ᠶᠢᠨ ᠠᠵᠤ ᠠᠬᠤᠢ ᠲᠠᠢ ᠨᠡᠩ ᠭᠦᠨᠵᠡᠭᠡᠢ ᠠᠭᠤᠰᠤᠯᠴᠠᠵᠤ᠂ ᠨᠡᠩ ᠲᠣᠭᠲᠠᠭᠤᠨ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢ ᠪᠦᠷᠢᠯᠳᠦᠭᠦᠯᠬᠦ ᠬᠡᠷᠡᠭᠲᠡᠢ᠃ ᠭᠤᠸᠠᠩᠰᠢ ᠶᠢᠨ ᠣᠷᠣᠨ ᠪᠠᠶᠢᠷᠢ ᠶᠢᠨ ᠳᠠᠪᠠᠭᠤᠯᠢᠭ ᠢᠯᠡᠳᠲᠡ ᠪᠠᠶᠢᠨ᠎ᠠ᠂ ᠠᠵᠠ ᠲᠣᠬᠢᠶᠠᠯ ᠢ ᠡᠵᠡᠮᠳᠡᠵᠦ᠂ RCEP ᠲᠦᠷᠢᠮ ᠢ ᠰᠠᠶᠢᠲᠤᠷ ᠠᠰᠢᠭᠯᠠᠨ᠂ ᠠᠵᠤ ᠦᠢᠯᠡᠰ ᠤᠨ ᠳᠤᠮᠳᠠ ᠳᠡᠭᠡᠳᠦ ᠲᠡᠰ ᠲᠡᠶᠢᠰᠢ ᠬᠡᠯᠪᠡᠷᠢ ᠬᠤᠪᠢᠷᠠᠭᠤᠯᠤᠨ ᠤᠷᠤᠭᠰᠢᠯᠠᠬᠤ ᠶᠢ ᠠᠬᠢᠭᠤᠯᠵᠤ᠂ RCEP ᠶᠢᠨ ᠭᠡᠰᠢᠭᠦᠨ ᠤᠯᠤᠰ ᠢᠯᠠᠩᠭᠤᠶ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡᠲᠦ ᠵᠢᠱᠢᠶ᠎ᠡ ᠦᠵᠡᠭᠦᠯᠬᠦ ᠲᠠᠪᠴᠠᠩ ᠢ ᠪᠤᠢ ᠪᠣᠯᠭᠠᠬᠤ ᠬᠡᠷᠡᠭᠲᠡᠶ ᠭᠡᠵᠡᠢ᠃      ᠯᠢ ᠺᠧ ᠴᠢᠶᠠᠩ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠬᠤ ᠷᠦᠢ ᠱᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠡᠳᠦᠨ ᠠᠷᠪᠠᠨ ᠵᠢᠯ ᠤᠨ ᠬᠥᠭᠵᠢᠯᠲᠡ ᠶᠢᠨ ᠲᠠᠨᠢᠯᠴᠠᠭᠤᠯᠭ᠎ᠠ ᠶᠢ ᠰᠣᠨᠣᠰᠬᠤ ᠳᠤ ᠪᠠᠨ᠂ ᠦᠷᠭᠦᠯᠵᠢᠯᠡᠨ ᠰᠢᠨ᠎ᠡ ᠶᠢ ᠡᠭᠦᠳᠬᠦ ᠪᠠ ᠦᠢᠯᠡᠳᠬᠦᠨ ᠢᠶᠠᠨ ᠳᠡᠭᠡᠭᠰᠢᠯᠡᠭᠦᠯᠬᠦ ᠬᠡᠷᠡᠭᠲᠡᠢ ᠭᠡᠵᠦ ᠵᠣᠷᠢᠭᠵᠢᠭᠤᠯᠪᠠ᠃ ᠲᠡᠷᠡ ᠬᠡᠯᠡᠬᠦ ᠳᠤ ᠪᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠮᠥᠨ᠂ ᠠᠷᠠᠳ ᠠᠴᠠ ᠡᠵᠡᠩᠨᠡᠭᠰᠡᠨ ᠠᠵᠤ ᠠᠬᠤᠢ ᠪᠣᠯ ᠠᠵᠢᠯ ᠣᠯᠭᠤᠯᠲᠠ ᠶᠢ ᠰᠢᠩᠭᠡᠭᠡᠨ ᠠᠪᠬᠤ᠂ ᠡᠳ᠋ ᠪᠠᠶᠠᠯᠢᠭ ᠢ ᠡᠭᠦᠳᠬᠦ ᠴᠢᠬᠤᠯᠠ ᠬᠦᠴᠦᠨ ᠮᠥᠨ᠃ ᠤᠯᠤᠰ ᠠᠴᠠ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠪᠠᠭᠲᠠᠭᠠᠭᠰᠠᠨ ᠡᠯ᠎ᠡ ᠲᠦᠷᠦᠯ ᠤᠨ ᠥᠮᠴᠢᠯᠡᠯᠲᠦ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠠᠳᠠᠯᠢᠬᠠᠨ ᠬᠠᠨᠳᠤᠵᠤ ᠂ ᠡᠷᠬᠡ ᠲᠡᠭᠰᠢ ᠥᠷᠢᠰᠥᠯᠳᠦᠭᠡᠨ ᠢ ᠬᠠᠮᠠᠭᠠᠯᠠᠵᠤ᠂ ᠨᠡᠩ ᠰᠠᠶᠢᠨ ᠬᠥᠭᠵᠢᠯᠲᠡ ᠶᠢ ᠠᠬᠢᠭᠤᠯᠤᠨ᠎ᠠ ᠭᠡᠵᠡᠢ᠃      ᠯᠢ ᠺᠧ ᠴᠢᠶᠠᠩ ᠰᠢᠶᠠᠨ ᠬᠤ᠋ ᠶᠤᠸᠠᠨ ᠤ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠣᠭᠤᠷᠢᠭ ᠲᠤ ᠬᠦᠷᠪᠡ᠃ ᠠᠳᠡ ᠡᠷᠦᠬᠡ ᠶᠡᠭᠡ ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠳ᠂ ᠭᠠᠳᠠᠨ᠎ᠠ ᠠᠴᠠ ᠢᠷᠡᠵᠦ ᠬᠥᠯᠥᠰᠥᠨ ᠠᠵᠢᠯ ᠬᠢᠵᠦ ᠪᠠᠶᠢᠭ᠎ᠠ ᠬᠥᠮᠦᠰ ᠪᠠ ᠣᠷᠣᠯᠭ᠎ᠠ ᠪᠠᠭ᠎ᠠ ᠲᠠᠢ ᠲᠦᠮᠡ ᠰᠢᠬᠠᠮ ᠡᠷᠦᠬᠡ ᠰᠠᠭᠤᠵᠤ ᠪᠠᠶᠢᠨ᠎ᠠ᠃ ᠯᠢ ᠺᠧ ᠴᠢᠶᠠᠩ ᠰᠠᠭᠤᠭᠠᠯᠢ ᠠᠷᠠᠳ ᠤᠨ ᠬᠡᠷ ᠲᠤ ᠬᠦᠷᠴᠦ ᠣᠷᠣᠨ ᠰᠠᠭᠤᠴᠠ ᠶᠢᠨ ᠨᠥᠬᠦᠴᠡᠯ ᠢ ᠪᠠᠶᠢᠴᠠᠭᠠᠨ ᠦᠵᠡᠵᠦ᠂ ᠰᠠᠭᠤᠭᠠᠯᠢ ᠠᠷᠠᠳ ᠲᠠᠢ ᠶᠠᠷᠢᠯᠴᠠᠵᠤ᠂ ᠠᠳᠡᠬᠢ ᠵᠢᠵᠢᠭ ᠬᠡᠯᠪᠡᠷᠢ ᠶᠢᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠥᠭᠵᠢᠭᠦᠯᠦᠭᠰᠡᠨ ᠠᠵᠢᠯ ᠢ ᠮᠠᠭᠲᠠᠨ ᠰᠠᠶᠢᠰᠢᠶᠠᠪᠠ᠃ ᠲᠡᠷᠡ ᠬᠡᠯᠡᠬᠦ ᠳᠤ ᠪᠠᠨ᠂ ᠡᠨᠡ ᠨᠢ ᠨᠠᠩ ᠣᠯᠠᠨ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯ ᠲᠠᠢ ᠣᠯᠠᠨ ᠲᠦᠮᠡᠨ ᠳᠤ ᠨᠠᠭᠠᠲᠤ ᠵᠠᠬ᠎ᠠ ᠶᠢᠨ ᠪᠠᠲᠤᠯᠠᠭ᠎ᠠ ᠬᠠᠩᠭᠠᠬᠤ ᠳᠤ ᠠᠰᠢᠭᠲᠠᠶ ᠪᠥᠭᠡᠳ ᠬᠡᠷ ᠪᠠᠶᠢᠰᠢᠩ ᠤᠨ ᠴᠢᠳᠠᠮᠵᠢ ᠪᠦᠷᠢᠨ᠂ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠬᠤ ᠳᠤ ᠴᠦ ᠠᠰᠢᠭᠲᠠᠶ ᠶᠤᠮ ᠭᠡᠵᠡᠶ᠃ ᠴᠥᠭᠡᠨ ᠪᠤᠰᠤ ᠬᠥᠮᠦᠰ ᠬᠤᠵᠢᠮ ᠬᠡᠷ ᠪᠠᠶᠢᠰᠢᠩ ᠬᠤᠳᠠᠯᠳᠤᠨ ᠠᠪᠬᠤ ᠶᠢ ᠬᠦᠰᠡᠵᠦ᠂ ᠴᠢᠷᠮᠠᠶᠢᠨ ᠲᠡᠮᠡᠴᠡᠳᠡᠭ ᠯᠡ ᠶᠤᠮ ᠪᠣᠯ ᠨᠠᠩ ᠰᠠᠶᠢᠨ ᠠᠮᠢᠳᠤᠷᠠᠯ ᠢ ᠡᠳ᠋ᠯᠡᠬᠦ ᠶᠢ ᠪᠣᠯᠣᠨ᠎ᠠ ᠭᠡᠵᠡᠢ᠃      ᠯᠢ ᠺᠧ ᠴᠢᠶᠠᠩ ᠭᠤᠸᠠᠩᠰᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠥᠭᠡᠷᠡᠴᠢᠯᠡᠯᠲᠡ ᠨᠡᠬᠡᠬᠡᠯᠳᠡ ᠳᠤ ᠲᠦᠰᠢᠭᠯᠡᠨ ᠠᠵᠤ ᠠᠬᠤᠢ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠢ ᠲᠠᠰᠤᠷᠠᠯᠳᠡ ᠦᠭᠡᠢ ᠰᠠᠶᠢᠵᠢᠷᠠᠭᠤᠯᠵᠤ᠂ ᠳᠤᠮᠳᠠ ᠪᠠ ᠪᠠᠷᠠᠭᠤᠨ ᠣᠷᠣᠨ ᠤ ᠬᠥᠭᠵᠢᠯᠲᠡ ᠶᠢᠨ ᠡᠮᠦᠨ᠎ᠡ ᠡᠩᠨᠡᠭᠡᠨ ᠳᠤ ᠶᠠᠪᠤᠬᠤ ᠶᠢ ᠬᠦᠰᠡᠵᠦ ᠪᠠᠶᠢᠨ᠎ᠠ ᠭᠡᠵᠡᠢ᠃      ᠰᠢᠶᠤᠤ ᠵᠢᠶᠧ ᠪᠠᠷ᠎ᠠ ᠪᠤᠯᠵᠤ ᠰᠢᠨᠵᠢᠯᠡᠨ ᠪᠠᠶᠢᠴᠠᠭᠠᠪᠠ᠃
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号