ᠮᠠᠨ ᠤ ᠤᠯᠤᠰ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠭᠰᠡᠨ ᠬᠥᠮᠦᠨ ᠤ ᠲᠤᠭ᠎ᠠ 11 ᠳ᠋ᠦᠩᠰᠢᠭᠤᠷ ᠲᠤ ᠬᠦᠷᠴᠦ ᠪᠦᠬᠦ ᠶᠠᠪᠤᠴᠠ ᠶᠢᠨ ᠲᠠᠷᠢᠯᠭ᠎ᠠ ᠬᠢᠭᠰᠡᠨ ᠬᠥᠮᠥᠨ ᠤ ᠲᠤᠭ᠎ᠠ 10 ᠳ᠋ᠦᠩᠰᠢᠭᠤᠷ ᠢ ᠳᠠᠪᠠᠪᠠ
ᠨᠡᠶᠢᠲᠡᠯᠡᠭᠰᠡᠨ ᠴᠠᠭ᠄
2021/9/24
     ᠰᠤᠷᠪᠤᠯᠵᠢᠯᠠᠭᠴᠢ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠠᠴᠠ ᠣᠶᠢᠯᠠᠭᠠᠭᠰᠠᠨ ᠢᠶᠠᠷ᠂ 2021 ᠣᠨ ᠤ 9 ᠳ᠋ᠦ᠋ᠭᠡᠷ ᠰᠠᠷ᠎ᠠ ᠶᠢᠨ 18      ᠤ ᠡᠳᠦᠷ ᠪᠣᠯᠲᠠᠯ᠎ᠠ᠂ 31 ᠮᠤᠵᠢ ︵ᠣᠷᠣᠨ᠂ ᠬᠤᠲᠠ︶ ᠵᠢᠴᠢ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠨᠡᠶᠢᠲᠡ 217404.3 ᠲᠦᠮᠡᠨ ᠬᠥᠮᠥᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠭᠰᠡᠨ ᠢ ᠮᠡᠳᠡᠭᠦᠯᠵᠦ᠂ ᠸᠠᠺᠼᠢᠨ ᠤ ᠲᠠᠷᠢᠯᠭ᠎ᠠ ᠬᠢᠭᠰᠡᠨ ᠪᠥᠬᠦ ᠬᠥᠮᠦᠨ ᠤ ᠲᠤᠭ᠎ᠠ 110084.2 ᠲᠦᠮᠡ ᠳᠤ ᠬᠦᠷᠴᠦ᠂ ᠡᠭᠦᠨ ᠳᠤ ᠨᠢᠭᠡᠨᠲᠡ 102220.7 ᠲᠦᠮᠡᠨ ᠬᠥᠮᠦᠨ ᠪᠦᠬᠦ ᠶᠠᠪᠤᠴᠠ ᠶᠢᠨ ᠲᠠᠷᠢᠯᠭ᠎ᠠ ᠬᠢᠵᠦ᠂ ᠲᠠᠷᠢᠯᠭ᠎ᠠ ᠬᠢᠭᠰᠡᠨ ᠪᠥᠬᠦ ᠬᠥᠮᠦᠨ ᠤ ᠲᠤᠭ᠎ᠠ ᠨᠢ ᠪᠥᠬᠦ ᠤᠯᠤᠰ ᠤᠨ ᠶᠡᠷᠦᠩᠬᠡᠢ ᠬᠥᠮᠦᠨ ᠠᠮᠠ ᠶᠢᠨ 78% ᠶᠢ ᠡᠵᠡᠯᠡᠪᠡ᠃ ᠲᠠᠷᠢᠯᠭ᠎ᠠ ᠬᠢᠭᠰᠡᠨ ᠶᠡᠷᠦᠩᠬᠡᠶ ᠤᠳᠠᠭ᠎ᠠ ᠪᠠ ᠬᠠᠮᠤᠷᠤᠭᠰᠠᠨ ᠬᠥᠮᠦᠨ ᠤ ᠲᠤᠭ᠎ᠠ  ᠨᠢ ᠴᠥᠮ ᠳᠡᠯᠡᠬᠡᠶ ᠶᠢᠨ ᠲᠡᠷᠢᠭᠦᠨ ᠳᠤ ᠣᠷᠣᠵᠤ᠂ ᠬᠠᠮᠤᠷᠤᠭᠰᠠᠨ ᠨᠣᠷᠮ᠎ᠠ ᠨᠢ ᠪᠥᠬᠦ ᠳᠡᠯᠡᠬᠡᠶ ᠶᠢᠨ ᠲᠡᠷᠢᠭᠦᠨ ᠳᠤ ᠣᠷᠣᠪᠠ᠃      ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ᠸᠠᠺᠼᠢᠨ ᠤ ᠲᠠᠷᠢᠯᠭ᠎ᠠ ᠶᠢᠨ ᠠᠵᠢᠯ ᠤᠨ ᠣᠯᠤᠭᠰᠠᠨ ᠠᠬᠢᠴᠠ ᠨᠢ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠪᠠᠶᠢᠭᠤᠯᠤᠯ ᠤᠨ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠪᠦᠲᠦᠭᠡᠬᠦ ᠥᠪᠡᠷᠮᠢᠴᠡ ᠳᠠᠪᠠᠭᠤᠯᠢᠭ ᠢ ᠭᠦᠢᠴᠡᠳ ᠢᠯᠡᠷᠡᠭᠦᠯᠵᠦ᠂ ᠪᠥᠬᠦ ᠤᠯᠤᠰ ᠤᠨ ᠠᠷᠠᠳ ᠲᠦᠮᠡᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠰ ᠰᠢᠭᠤᠷᠬᠠᠶ ᠪᠠᠷ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠶᠢ ᠢᠯᠡᠷᠡᠭᠦᠯᠪᠡ ᠭᠡᠵᠡᠶ᠃      ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠶᠡᠭᠡ ᠬᠡᠪᠴᠢᠶ᠎ᠡ ᠪᠠᠷ ᠡᠬᠢᠯᠡᠭᠦᠯᠦᠭᠰᠡᠨ ᠠᠴᠠ ᠨᠠᠭᠠᠰᠢ᠂ ᠡᠯ᠎ᠡ ᠰᠠᠯᠠᠭ᠎ᠠ ᠮᠥᠴᠢᠷ ᠡᠯ᠎ᠡ ᠭᠠᠵᠠᠷ ᠣᠷᠣᠨ ᠤ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠲᠣᠬᠢᠷᠠᠭᠤᠯᠤᠯᠲᠠ ᠶᠣᠰᠣᠭᠠᠷ᠂ ᠣᠯᠠᠨ ᠶᠠᠩᠵᠤ ᠶᠢᠨ ᠦᠢᠯᠡᠴᠢᠯᠡᠭᠡᠨ ᠤ ᠬᠡᠯᠪᠡᠷᠢ ᠶᠢᠨ ᠰᠢᠨᠡᠴᠢᠯᠡᠯᠲᠡ ᠬᠢᠵᠦ᠂ ᠲᠠᠷᠢᠯᠭ᠎ᠠ ᠶᠢᠨ ᠴᠠᠭ ᠪᠠ ᠲᠠᠷᠢᠯᠭ᠎ᠠ ᠶᠢᠨ ᠲᠠᠯᠠᠪᠤᠷ ᠢ ᠵᠦᠶ ᠵᠣᠬᠢᠰᠲᠠᠶ ᠳᠣᠭᠢᠷᠠᠭᠤᠯᠤᠨ᠂ ᠨᠡᠪᠲᠡᠷᠡᠯᠴᠡᠵᠦ ᠮᠡᠳᠡᠭᠳᠡᠬᠦ᠂ ᠪᠠᠶᠢᠳᠠᠯ ᠢ ᠣᠶᠢᠯᠠᠭᠠᠵᠤ ᠲᠣᠭᠠᠯᠠᠨ ᠪᠦᠷᠢᠳᠬᠡᠬᠦ᠂ ᠤᠬᠠᠭᠤᠯᠤᠨ ᠬᠥᠮᠦᠵᠢᠭᠦᠯᠬᠦ ᠠᠵᠢᠯ ᠢ ᠢᠳᠡᠪᠬᠢᠲᠡᠶ ᠰᠠᠶᠢᠲᠤᠷ ᠬᠢᠵᠦ᠂ ᠲᠠᠷᠢᠯᠭ᠎ᠠ ᠶᠢᠨ ᠠᠵᠢᠯ ᠢ ᠯᠠᠪᠳᠠᠭᠤᠨ ᠢᠶᠠᠷ ᠠᠬᠢᠭᠤᠯᠪᠠ᠃      2020 ᠣᠨ ᠤ 12 ᠳ᠋ᠤᠭᠠᠷ ᠰᠠᠷ᠎ᠠ ᠶᠢᠨ 15      ᠤ ᠡᠳᠦᠷ᠂ ᠮᠠᠨ ᠤ ᠤᠯᠤᠰ ᠭᠤᠤᠯᠳᠠᠯᠭ᠎ᠠ ᠲᠠᠢ ᠬᠥᠮᠦᠰ ᠲᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠠᠵᠢᠯ ᠢ ᠵᠢᠩᠬᠢᠨᠢ ᠪᠠᠷ ᠡᠬᠢᠯᠡᠭᠦᠯᠪᠡ︔ 2021 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠬᠢᠯᠡᠨ᠂ ᠠᠷᠠᠳ ᠢᠷᠭᠡᠳ ᠪᠦᠬᠦᠨ ᠢᠶᠠᠷ ᠢᠶᠠᠨ ᠰᠦᠢᠳᠬᠡᠯ ᠬᠤᠷᠢᠶᠠᠬᠤ ᠥᠬᠡᠶ ᠪᠠᠷ ᠲᠠᠷᠢᠯᠭ᠎ᠠ ᠲᠠᠷᠢᠬᠤ ᠶᠢ ᠲᠦᠷᠭᠡᠳᠬᠡᠨ ᠠᠬᠢᠭᠤᠯᠪᠠ︔ ᠡᠭᠦᠨ ᠠᠴᠠ ᠰᠡᠭᠦᠯᠡᠷ᠂ ︽ᠨᠢᠭᠡ ᠨᠠᠰᠤᠲᠠᠨ ᠨᠢᠭᠡ ᠬᠡᠦᠬᠡᠳ︾ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠴᠤ ᠯᠠᠪᠳᠠᠭᠤᠨ ᠢᠶᠠᠷ ᠠᠭᠢᠪᠠ ᠁ ᠠᠯᠢ ᠣᠯᠠᠨ ᠴᠢᠬᠤᠯᠠ ᠠᠷᠭ᠎ᠠ ᠬᠡᠮᠵᠢᠶ᠎ᠡ ᠪᠠᠷ ᠳᠠᠮᠵᠢᠭᠤᠯᠤᠨ ᠸᠠᠺᠼᠢᠨ ᠢ ᠬᠠᠮᠤᠭ ᠤᠨ ᠶᠡᠭᠡ ᠬᠡᠮᠵᠢᠶ᠎ᠡ ᠪᠠᠷ ᠣᠯᠠᠨ ᠲᠦᠮᠡᠨ ᠳᠤ ᠬᠦᠷᠲᠡᠭᠡᠵᠦ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠬᠤ ᠪᠠᠷ ᠵᠣᠷᠢᠭᠰᠠᠨ ᠪᠠᠶᠢᠨ᠎ᠠ᠃      ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠡᠭᠡᠯᠢᠯᠡᠭᠡ ᠶᠢᠨ ᠲᠥᠯᠥᠪᠵᠢᠭᠦᠯᠭᠡ ᠶᠢᠨ ᠠᠬᠠᠯᠠᠬᠤ ᠲᠤᠰᠬᠠᠶ ᠮᠡᠷᠭᠡᠵᠢᠯᠲᠡᠨ ᠸᠠᠩ ᠬᠤᠸᠠ ᠴᠢᠩ ᠬᠡᠯᠡᠬᠦ ᠳᠤ ᠪᠠᠨ᠂ ᠲᠠᠷᠢᠯᠭ᠎ᠠ ᠬᠢᠬᠦ ᠬᠥᠮᠦᠨ ᠬᠡᠳᠦᠶ ᠣᠯᠠᠨ ᠪᠣᠯᠬᠤ ᠲᠤᠲᠤᠮ ᠸᠠᠺᠼᠢᠨ ᠤ ᠦᠵᠡᠭᠦᠯᠬᠦ ᠬᠠᠮᠠᠭᠠᠯᠠᠯᠲᠠ ᠶᠢᠨ ᠦᠢᠯᠡᠳᠦᠯ ᠨᠢ ᠲᠡᠳᠦᠶ ᠶᠡᠭᠡ ᠪᠣᠯᠵᠣ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠳᠡᠯᠭᠡᠷᠡᠬᠦ ᠶᠢ ᠡᠵᠡᠮᠳᠡᠬᠦ ᠳᠤ ᠰᠠᠭᠤᠷᠢ ᠲᠠᠯᠪᠢᠬᠤ ᠪᠣᠯᠤᠨ᠎ᠠ ᠭᠡᠵᠡᠶ᠃     ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠪᠠ ᠣᠯᠠᠨ ᠲᠦᠮᠡᠨ ᠤ ᠬᠡᠷᠡᠭᠴᠡᠭᠡ ᠳᠤ ᠰᠠᠭᠤᠷᠢᠯᠠᠨ᠂ ᠲᠠᠷᠠᠭᠠᠴᠢ ᠶᠢᠨ ᠲᠠᠷᠢᠯᠭ᠎ᠠ ᠶᠢᠨ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠸᠠᠺᠼᠢᠨ ᠤ ᠲᠠᠷᠢᠯᠭ᠎ᠠ ᠬᠢᠭᠰᠡᠨ ᠬᠥᠮᠦᠰ ᠤᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠷᠠᠳ ᠣᠯᠠᠨ ᠤ ᠪᠡᠶ᠎ᠡ ᠶᠢᠨ ᠡᠷᠡᠭᠦᠯ ᠮᠡᠨᠳᠦ ᠶᠢ ᠦᠨᠡᠨ ᠬᠦ ᠬᠠᠮᠠᠭᠠᠯᠠᠬᠤ ᠪᠠᠷ ᠪᠤᠢ᠃
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号