ᠳ᠋ᠠ ᠾᠧ ᠸᠠᠨ ᠪᠠᠯᠭᠠᠰᠤ᠄ ᠰᠤᠷᠤᠯᠴᠠᠯᠭ᠎ᠠ ᠶᠢ ᠠᠳᠬᠤᠵᠤ ᠲᠤᠬᠠᠶᠢᠯᠠᠭᠰᠠᠨ ᠠᠵᠢᠯ ᠢ ᠠᠬᠢᠭᠤᠯᠵᠤ ᠰᠤᠷᠲᠠᠯ ᠢ ᠴᠢᠩᠭᠠᠳᠬᠠᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2021/9/28
    ᠠᠵᠢᠯᠲᠠᠳ ᠤᠨ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠴᠢᠳᠠᠪᠤᠷᠢ ᠶᠢᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂  ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠴᠢᠩᠭᠠᠷᠠᠭᠤᠯᠤᠨ᠂ ᠰᠤᠷᠤᠯᠴᠠᠯᠭ᠎ᠠ ᠪᠠᠷ ᠬᠢᠬᠦ ᠶᠢ ᠠᠬᠢᠭᠤᠯᠵᠤ᠂ ᠰᠤᠷᠤᠯᠴᠠᠬᠤ ᠪᠠ ᠬᠢᠬᠦ ᠶᠢ ᠤᠶᠠᠯᠳᠤᠭᠤᠯᠬᠤ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠳ᠋ᠠ ᠾᠧ ᠸᠠᠨ ᠪᠠᠯᠭᠠᠰᠤᠨ ᠤ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠬᠡᠷ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠠ ᠰᠤᠳᠤᠯᠤᠨ ᠶᠠᠷᠢᠯᠴᠠᠬᠤ ᠰᠣᠯᠢᠯᠴᠠᠭᠠᠨ ᠤ ᠬᠤᠷᠠᠯ ᠬᠤᠷᠠᠯᠳᠤᠭᠤᠯᠪᠠ᠃     ᠬᠤᠷᠠᠯ ᠳᠡᠭᠡᠷ᠎ᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠢᠭᠤᠯᠤᠯᠭ᠎ᠠ ᠶᠢᠨ ᠠᠯᠪᠠᠨ ᠪᠢᠴᠢᠭ ᠢ ᠰᠢᠢᠳᠪᠦᠷᠢᠯᠡᠬᠦ ᠲᠦᠷᠢᠮ︾᠂ ︽ᠲᠦᠷᠦ ᠶᠢᠨ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠠᠯᠪᠠᠨ ᠪᠢᠴᠢᠭ ᠢ ᠰᠢᠢᠳᠪᠦᠷᠢᠯᠡᠬᠦ ᠠᠷᠭ᠎ᠠ︾ ᠵᠡᠷᠭᠡ ᠲᠣᠭᠲᠠᠭᠠᠯ ᠢ ᠭᠤᠣᠯᠳᠠᠯᠭ᠎ᠠ ᠲᠠᠢ ᠰᠤᠷᠤᠯᠴᠠᠭᠰᠠᠨ ᠪᠥᠭᠡᠳ ᠠᠯᠪᠠᠨ ᠭᠡᠷ ᠤᠨ ᠠᠵᠢᠯ ᠢ ᠬᠡᠷᠬᠢᠨ ᠰᠠᠶᠢᠲᠤᠷ ᠬᠢᠬᠦ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠯᠴᠠᠪᠠ᠃     ᠲᠣᠰ ᠤᠳᠠᠭᠠᠨ ᠤ ᠰᠤᠷᠤᠯᠴᠠᠯᠭ᠎ᠠ ᠰᠣᠯᠢᠯᠴᠠᠭ᠎ᠠ ᠪᠠᠷ ᠳᠠᠮᠵᠢᠭᠤᠯᠤᠨ᠂ ᠨᠢᠭᠡ ᠳᠤ ᠠᠯᠪᠠᠨ ᠬᠡᠷ ᠤᠨ ᠪᠥᠬᠦ ᠲᠠᠯ᠎ᠠ ᠳᠤ ᠦᠢᠯᠡᠴᠢᠯᠡᠬᠦ᠂ ᠠᠵᠢᠯ ᠳᠤ ᠦᠢᠯᠡᠴᠢᠯᠡᠬᠦ ᠲᠤᠰᠢᠶᠠᠯ ᠬᠠᠷᠢᠭᠤᠴᠠᠯᠭ᠎ᠠ ᠶᠢᠨ ᠰᠢᠨᠵᠢ ᠴᠢᠨᠠᠷ ᠢ ᠲᠣᠳᠣᠷᠬᠠᠶ ᠲᠠᠨᠢᠵᠤ᠂ ᠴᠠᠭ ᠦᠶ᠎ᠡ ᠶᠢᠨ ᠠᠯᠬᠤᠭ᠎ᠠ ᠪᠠ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠰᠡᠳᠬᠢᠮᠵᠢ ᠶᠢ ᠴᠢᠩᠭ᠎ᠠ ᠳᠠᠭᠠᠬᠤ ᠬᠡᠷᠡᠭᠲᠡᠶ  ᠃ ᠬᠤᠶᠠᠷ ᠲᠤ ᠤᠯᠤᠰ ᠲᠦᠷᠦ ᠶᠢᠨ ᠲᠠᠯ᠎ᠠ ᠪᠠᠷ᠂ ᠠᠵᠢᠯ ᠤᠨ ᠲᠠᠯ᠎ᠠ ᠪᠠᠷ᠂ ᠠᠷᠢᠭᠤᠨ ᠴᠢᠬᠡᠴᠢ ᠶᠢᠨ ᠲᠠᠯ᠎ᠠ ᠪᠠᠷ ᠬᠢ ᠰᠡᠷᠭᠡᠭ ᠪᠠᠶᠢᠬᠤ ᠪᠠ ︽ᠴᠢᠳᠠᠪᠤᠷᠢ ᠶᠢᠨ ᠭᠡᠯᠮᠡᠭᠳᠡᠯ︾ ᠤᠨ ᠲᠦᠭᠰᠢᠭᠦᠷᠢᠲᠦ ᠰᠡᠳᠬᠢᠯᠭᠡ ᠶᠢ ᠴᠠᠭ ᠢᠮᠠᠭᠲᠠ ᠪᠠᠲᠤᠯᠠᠵᠤ᠂ ᠠᠵᠢᠯ ᠨᠢᠭᠡᠪᠦᠷᠢ ᠳᠤ ᠦᠨᠡᠨᠴᠢ ᠬᠢᠴᠢᠶᠡᠩᠭᠦᠶ ᠪᠠᠷ ᠬᠠᠨᠳᠤᠵᠤ᠂ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠷᠪᠠ ᠳᠤ ᠬᠠᠮᠲᠤᠷᠠᠨ ᠪᠠᠶᠢᠯᠳᠤᠬᠤ ᠵᠣᠷᠢᠭ ᠰᠠᠨᠠᠭ᠎ᠠ ᠲᠠᠢ ᠪᠠᠶᠢᠵᠤ᠂ ᠨᠢᠭᠲᠠ ᠬᠠᠮᠵᠢᠯᠴᠠᠨ᠂ ᠬᠠᠷᠢᠯᠴᠠᠨ ᠲᠡᠮᠵᠢᠵᠦ᠂ ᠪᠦᠯᠬᠦᠮᠳᠡᠨ ᠬᠠᠪᠰᠤᠷᠤᠯᠴᠠᠬᠤ ᠬᠡᠷᠡᠭᠲᠡᠶ  ᠃  ᠲᠦᠷᠪᠡ ᠳᠤ᠂ ᠨᠠᠶᠢᠳᠠᠪᠤᠷᠢᠲᠠᠢ᠂ ᠴᠠᠭᠠᠷᠠᠭᠰᠠᠨ ᠤᠯᠤᠰ ᠲᠦᠷᠦ ᠶᠢᠨ ᠬᠡᠪ ᠪᠣᠯᠪᠠᠰᠤᠷᠠᠯ᠂ ᠠᠪᠢᠶᠠᠰ ᠴᠢᠳᠠᠪᠤᠷᠢ ᠪᠠᠨ ᠨᠡᠮᠡᠭᠳᠡᠭᠦᠯᠬᠦ᠂  ᠠᠵᠢᠯᠯᠠᠬᠤ ᠶᠢ ᠴᠢᠬᠤᠯᠠᠴᠢᠯᠠᠬᠤ ᠴᠢᠳᠠᠪᠤᠷᠢ ᠶᠢᠨ ᠬᠡᠪ ᠪᠣᠯᠪᠠᠰᠤᠷᠠᠯ᠂ ᠰᠠᠨᠠᠭ᠎ᠠ ᠠᠬᠤᠢ ᠶᠢ ᠡᠷᠬᠢᠮᠯᠡᠬᠦ᠂ ᠬᠥᠭᠡᠭᠡᠴᠡᠯᠳᠦᠯ ᠲᠠᠢ ᠶᠣᠰᠣ ᠰᠤᠷᠲᠠᠬᠤᠨ ᠤ ᠬᠡᠪ ᠪᠣᠯᠪᠠᠰᠤᠷᠠᠯ᠂ ᠪᠤᠰᠢᠭᠤ ᠱᠠᠯᠠᠮᠠᠭᠠᠢ᠂ ᠴᠢᠩᠭ᠎ᠠ ᠠᠳᠬᠤᠵᠤ ᠲᠦᠷᠭᠡᠨ ᠡᠷᠬᠢᠯᠡᠬᠦ ᠰᠤᠷᠲᠠᠯ ᠤᠨ ᠬᠡᠪ ᠪᠣᠯᠪᠠᠰᠤᠷᠠᠯ᠂ ᠳᠤᠷᠤᠮᠵᠢᠯᠠᠬᠤ ᠠᠴᠠ ᠠᠶᠤᠬᠤ ᠦᠭᠡᠢ᠂ ᠦᠷᠭᠦᠯᠵᠢᠯᠡᠨ ᠡᠷᠡᠯᠬᠡᠭᠯᠡᠨ ᠤᠷᠤᠭᠰᠢᠯᠠᠬᠤ ᠵᠣᠷᠢᠭ ᠰᠠᠨᠠᠭᠠᠨ ᠤ ᠬᠡᠪ ᠪᠣᠯᠪᠠᠰᠤᠷᠠᠯ ᠢ ᠬᠥᠮᠦᠵᠢᠭᠦᠯᠵᠦ᠂ ᠰᠤᠷᠲᠠᠯ ᠢᠶᠠᠨ ᠦᠨᠡᠨᠬᠦ ᠴᠢᠩᠭᠠᠳᠬᠠᠵᠤ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠨᠠᠮ ᠵᠠᠰᠠᠭ ᠤᠨ ᠶᠡᠷᠦᠩᠬᠡᠶᠢᠯᠡᠨ ᠡᠷᠬᠢᠯᠡᠬᠦ ᠰᠠᠶᠢᠨ ᠰᠠᠶᠢᠬᠠᠨ ᠲᠦᠷᠢ ᠲᠥᠷᠬᠦ ᠶᠢ ᠬᠠᠮᠲᠤᠪᠠᠷ ᠪᠤᠢ ᠪᠣᠯᠭᠠᠬᠤ ᠬᠡᠷᠡᠭᠲᠡᠢ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号