ᠵᠠᠯᠠᠨ ᠠᠶᠢᠯ ᠬᠤᠲᠠ 2021 ᠣᠨ ᠤ ᠬᠤᠶᠠᠳᠤᠭᠠᠷ ᠬᠤᠭᠤᠴᠠᠭᠠᠨ ᠤ ᠺᠠᠳ᠋ᠷᠴᠤᠳ ᠤᠨ ᠬᠢᠴᠢᠶᠡᠯ ᠤᠨ ᠲᠠᠩᠬᠢᠮ ᠵᠢᠴᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠥᠲᠥᠯᠪᠦᠷᠢ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠭᠦᠢᠴᠡᠳᠭᠡᠯ ᠲᠤᠭ᠎ᠠ ᠶᠢᠨ ᠲᠤᠬᠠᠶ ᠲᠤᠰᠬᠠᠶ ᠰᠡᠳᠦᠪᠲᠦ ᠲᠠᠶᠢᠯᠤᠮᠵᠢ ᠬᠢᠪᠠ
ᠨᠡᠶᠢᠲᠡᠯᠡᠭᠰᠡᠨ ᠴᠠᠭ᠄
2021/9/28
     
       9 ᠰᠠᠷ᠎ᠠ ᠶᠢᠨ 25      ᠤ ᠡᠳᠦᠷ᠂ ᠵᠠᠯᠠᠨ ᠠᠶᠢᠯ ᠬᠤᠲᠠ ᠶᠢᠨ 2021 ᠣᠨ ᠤ ᠬᠤᠶᠠᠳᠤᠭᠠᠷ ᠬᠤᠭᠤᠴᠠᠭᠠᠨ ᠤ ᠺᠠᠳ᠋ᠷᠴᠤᠳ ᠤᠨ ᠬᠢᠴᠢᠶᠡᠯ ᠤᠨ ᠲᠠᠩᠬᠢᠮ ᠵᠢᠴᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠥᠲᠥᠯᠪᠦᠷᠢ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ  ᠭᠦᠢᠴᠡᠳᠭᠡᠯ ᠲᠤᠭ᠎ᠠ ᠶᠢᠨ ᠲᠠᠶᠢᠯᠤᠮᠵᠢ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠸᠧᠶ ᠵᠢᠶᠦ᠋ᠨ ᠠᠩᠭᠢ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ ᠬᠥᠯᠥᠨ ᠪᠤᠶᠢᠷ ᠬᠤᠳᠠ ᠶᠢᠨ ᠲᠤᠭ᠎ᠠ ᠪᠦᠷᠢᠳᠬᠡᠯ ᠤᠨ  ᠲᠣᠪᠴᠢᠶ᠎ᠠ ᠶᠢᠨ ᠳᠡᠳ᠋ ᠳᠠᠷᠤᠭ᠎ᠠ ᠯᠢᠦ ᡁᠢ ᠳ᠋ᠦᠩ᠂ ᠵᠠᠯᠠᠨ ᠠᠶᠢᠯ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠢᠦᠢ ᠫᠢᠩ ᠵᠢᠴᠢ ᠭᠡᠷ ᠲᠡᠭᠡᠨ ᠪᠠᠶᠢᠭ᠎ᠠ ᠭᠠᠵᠠᠷ ᠤᠨ ᠲᠡᠰ ᠤᠨ ᠤᠳᠤᠷᠢᠳᠤᠯᠭ᠎ᠠ᠂ ᠵᠡᠭᠡᠯᠢ ᠭᠤᠳᠤᠮᠵᠢ ᠶᠢᠨ ᠨᠠᠮ ᠵᠠᠰᠠᠭ ᠤᠨ ᠵᠢᠩᠬᠢᠨᠢ ᠲᠤᠰᠢᠶᠠᠯᠲᠠᠨ᠂ ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠤᠣᠯ ᠬᠤᠷᠠᠯ ᠤᠨ ᠲᠠᠯᠠᠪᠠᠢ ᠳᠤ ᠲᠤᠰ ᠤᠳᠠᠭ᠎ᠠ ᠶᠢᠨ ᠲᠤᠰᠬᠠᠢ ᠰᠡᠳᠦᠪᠲᠦ ᠲᠠᠶᠢᠯᠤᠮᠵᠢ ᠶᠢ ᠰᠣᠨᠣᠰᠴᠠᠢ᠃ ᠬᠥᠭᠵᠢᠭᠦᠯᠦᠯᠲᠡ ᠥᠭᠡᠷᠡᠴᠢᠯᠡᠯᠲᠡ᠂ ᠲᠤᠭ᠎ᠠ ᠪᠦᠷᠢᠳᠬᠡᠯ᠂ ᠠᠵᠤ ᠠᠬᠤᠶ ᠵᠡᠷᠭᠡ ᠰᠠᠯᠠᠭ᠎ᠠ ᠮᠥᠴᠢᠷ ᠤᠨ ᠺᠠᠳ᠋ᠷ ᠠᠵᠢᠯᠲᠠᠨ ᠠᠵᠢᠯᠴᠢᠨ᠂ ᠰᠢᠶᠠᠩ ᠪᠠᠯᠭᠠᠰᠤᠨ ᠤ ᠤᠳᠤᠷᠢᠳᠬᠤ ᠺᠠᠳ᠋ᠷ᠂ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠬᠤᠪᠢᠶᠠᠷᠢ ᠬᠤᠷᠠᠯ ᠤᠨ ᠲᠠᠯᠠᠪᠠᠶ ᠳᠤ ᠪᠣᠯᠪᠠᠰᠤᠷᠠᠭᠤᠯᠤᠯ ᠳᠤ ᠣᠷᠣᠯᠴᠠᠪᠠ᠃       ᠲᠣᠰ ᠤᠳᠠᠭᠠᠨ ᠤ ᠲᠤᠰᠬᠠᠶ ᠰᠡᠳᠦᠪᠲᠦ ᠲᠠᠶᠢᠯᠤᠮᠵᠢ ᠳᠤ ᠴᠢᠩᠬᠤᠸᠠ ᠶᠡᠭᠡ ᠰᠤᠷᠭᠠᠭᠤᠯᠢ ᠶᠢᠨ ᠠᠵᠤ ᠠᠬᠤᠶ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠫᠷᠤᠹᠤᠰᠰᠤᠷ᠂ ᠳᠤᠮᠳᠠᠳᠤ ᠤᠯᠤᠰ ᠤᠨ ᠠᠵᠤ ᠠᠬᠤᠶ ᠨᠡᠶᠢᠭᠡᠮ ᠤᠨ ᠲᠤᠭ᠎ᠠ ᠪᠠᠷᠢᠮᠲᠠ ᠶᠢᠨ ᠰᠤᠳᠤᠯᠭᠠᠨ ᠤ ᠲᠥᠪ ᠤᠨ ᠡᠷᠬᠢᠯᠡᠭᠴᠢ᠂ ᠳᠤᠮᠳᠠᠳᠤ ᠤᠯᠤᠰ ᠤᠨ ᠲᠤᠭ᠎ᠠ ᠪᠦᠷᠢᠳᠬᠡᠯ ᠤᠨ ᠨᠡᠶᠢᠭᠡᠮᠯᠢᠭ ᠤᠨ ᠳᠡᠳ᠋ ᠳᠠᠷᠤᠭ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠤᠯ ᠤᠨ ᠳᠡᠳ᠋ ᠳᠠᠷᠤᠭ᠎ᠠ ᠰᠢᠤᠢ ᠰᠢᠶᠠᠨ ᠴᠦᠨ ᠢ ᠤᠷᠢᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠲᠣᠪᠴᠢ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ  ᠭᠦᠢᠴᠡᠳᠭᠡᠯ ᠲᠤᠭ᠎ᠠ ᠶᠢᠨ ᠲᠣᠭᠤᠷᠢᠨ ᠳᠤ ᠭᠤᠶᠢᠳᠠ ᠰᠠᠶᠢᠬᠠᠨ ᠲᠠᠶᠢᠯᠤᠮᠵᠢ ᠬᠢᠯᠭᠡᠵᠡᠶ᠃ ᠰᠢᠤᠢ ᠰᠢᠶᠠᠨ ᠴᠦᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠲᠥᠯᠪᠦᠷᠢ ᠪᠣᠯᠤᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠲᠥᠯᠪᠦᠷᠢ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ  ᠭᠦᠢᠴᠡᠳᠭᠡᠯ ᠲᠤᠭ᠎ᠠ ᠶᠢ ᠬᠠᠷᠢᠴᠠᠭᠤᠯᠤᠨ ᠲᠠᠶᠢᠯᠪᠤᠷᠢᠯᠠᠪᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠲᠣᠪᠴᠢ ᠳᠤ ᠰᠢᠨ᠎ᠡ ᠪᠠᠷ ᠨᠡᠮᠡᠭᠰᠡᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠭᠦᠢᠴᠡᠳᠬᠡᠬᠦ ᠲᠤᠭ᠎ᠠ ᠪᠠ ᠤᠤᠯ ᠤᠨ ᠭᠦᠢᠴᠡᠳᠬᠡᠬᠦ ᠲᠤᠭ᠎ᠠ ᠶᠢᠨ ᠰᠢᠨ᠎ᠡ ᠳᠤᠷᠠᠳᠤᠯᠭ᠎ᠠ ᠳᠤ ᠵᠠᠳᠠᠯᠤᠯᠲᠠ ᠬᠢᠨ᠎ᠡ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠬᠤᠯᠪᠣᠭᠳᠠᠯ ᠪᠦᠬᠦᠢ ᠰᠢᠨ᠎ᠡ ᠬᠠᠷᠠᠯᠲᠠ ᠶᠢ ᠪᠡᠶᠡᠯᠡᠭᠦᠯᠬᠦ ᠳᠤ ᠣᠷᠣᠰᠢᠵᠤ ᠪᠠᠶᠢᠭ᠎ᠠ ᠥᠷᠢᠰᠥᠯᠳᠦᠭᠡᠨ ᠢ ᠰᠤᠳᠤᠯᠤᠨ ᠶᠠᠷᠢᠯᠴᠠᠭᠰᠠᠨ ᠪᠥᠭᠡᠳ ᠵᠣᠬᠢᠴᠠᠩᠭᠤᠶ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠴᠠᠶ᠃ ᠡᠭᠦᠨ ᠤ ᠵᠡᠷᠭᠡ ᠳᠤ ᠲᠡᠷᠡ ᠣᠯᠠᠨ ᠢ ᠳᠠᠭᠠᠭᠤᠯᠤᠨ GDP ᠶᠢᠨ ᠲᠣᠭᠠᠴᠠᠭ᠎ᠠ ᠬᠢᠬᠦ ᠠᠷᠭ᠎ᠠ ᠶᠢᠨ ᠠᠯᠢ ᠣᠯᠠᠨ ᠴᠢᠬᠤᠯᠠ ᠥᠭᠡᠷᠡᠴᠢᠯᠡᠯᠲᠡ ᠶᠢ ᠡᠷᠭᠢᠴᠡᠭᠦᠯᠵᠦ᠂ ᠤᠯᠠᠮ ᠨᠢᠭᠡ ᠠᠯᠬᠤᠮ ᠥᠭᠡᠷᠡᠴᠢᠯᠡᠯᠲᠡ ᠬᠢᠬᠦ ᠲᠤᠬᠠᠶ ᠰᠠᠨᠠᠯ ᠰᠠᠨᠠᠭᠤᠯᠭ᠎ᠠ ᠶᠢ ᠵᠢᠭᠠᠵᠤ ᠭᠠᠷᠭᠠᠵᠠᠶ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠠᠩᠬᠠᠨ ᠤ ᠵᠢᠯ ᠪᠣᠯᠤᠨ᠎ᠠ᠂ ᠮᠥᠨᠴᠦ ᠪᠦᠬᠦ ᠬᠤᠳᠠ ᠶᠢᠨ ᠺᠠᠳ᠋ᠷ ᠤᠯᠠᠨ ᠲᠦᠮᠡᠨ ᠬᠤᠳᠠ ᠶᠢᠨ ᠶᠢᠰᠦᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠪᠣᠬᠢᠷᠲᠤᠯ ᠦᠭᠡᠢ ᠪᠠᠷ ᠬᠥᠭᠵᠢᠨ ᠮᠠᠨᠳᠤᠬᠤ᠂ ᠠᠷᠠᠳ ᠢ ᠪᠠᠶᠠᠵᠢᠭᠤᠯᠤᠨ ᠬᠤᠳᠠ ᠶᠢ ᠬᠦᠴᠦᠷᠬᠡᠭᠵᠢᠭᠦᠯᠬᠦ᠂ ᠬᠥᠭᠵᠢᠯ ᠴᠡᠴᠡᠭᠯᠡᠯ ᠢ ᠬᠠᠮᠲᠤᠪᠠᠷ ᠡᠳ᠋ᠯᠡᠬᠦ︾ ᠶᠢ ᠪᠡᠶᠡᠯᠡᠭᠦᠯᠵᠦ᠂ ᠢᠷᠡᠭᠡᠳᠦᠢ ᠶᠢᠨ ᠲᠠᠪᠤᠨ ᠵᠢᠯ ᠤᠨ ᠠᠤᠭ᠎ᠠ ᠲᠥᠰᠦᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠬᠤ ᠡᠬᠢᠯᠡᠯᠲᠡ ᠶᠢᠨ ᠵᠢᠯ ᠪᠣᠯᠤᠨ᠎ᠠ᠃ ᠵᠠᠯᠠᠨ ᠠᠶᠢᠯ ᠬᠤᠲᠠ ᠶᠢᠨ ᠬᠢᠨ ᠺᠠᠳ᠋ᠷᠴᠤᠳ ᠤᠨ ᠬᠢᠴᠢᠶᠡᠯ ᠤᠨ ᠲᠠᠩᠬᠢᠮ ᠥᠷᠨᠢᠭᠦᠯᠬᠦ ᠪᠠᠷ ᠳᠠᠮᠵᠢᠭᠤᠯᠤᠨ ᠪᠥᠬᠦ ᠬᠤᠲᠠ ᠶᠢᠨ ᠺᠠᠳ᠋ᠷᠴᠤᠳ ᠤᠨ ᠣᠨᠣᠯ ᠤᠨ ᠬᠡᠪ ᠪᠣᠯᠪᠠᠰᠤᠷᠠᠯ ᠪᠠ ᠲᠤᠰᠬᠠᠶ ᠮᠡᠷᠭᠡᠵᠢᠯ ᠤᠨ ᠬᠡᠪ ᠴᠢᠨᠠᠷ ᠢ ᠳᠡᠭᠡᠭᠰᠢᠯᠡᠭᠦᠯᠬᠦ ᠨᠢ ᠴᠠᠭ ᠲᠠᠭᠠᠨ ᠮᠠᠰᠢ ᠳᠣᠭᠢᠷᠠᠵᠤ᠂ ᠮᠠᠰᠢ ᠴᠢᠬᠤᠯᠠ ᠪᠠᠶᠢᠳᠠᠭ᠃    ᠬᠤᠷᠠᠯ ᠠᠴᠠ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠲᠥᠯᠪᠦᠷᠢ ᠶᠢ ᠰᠤᠷᠤᠯᠴᠠᠨ ᠰᠤᠳᠤᠯᠬᠤ ᠪᠠᠷ ᠳᠠᠮᠵᠢᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠠᠴᠠ 2035 ᠣᠨ ᠪᠣᠯᠲᠠᠯᠠᠬᠢ ᠮᠠᠨ ᠤ ᠤᠯᠤᠰ ᠤᠨ ᠬᠥᠭᠵᠢᠯᠲᠡ ᠶᠢᠨ ᠬᠠᠷᠠᠯᠲᠠ᠂ ᠬᠥᠭᠵᠢᠯᠲᠡ ᠶᠢᠨ ᠴᠢᠭᠯᠡᠯ᠂ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠣᠯᠤᠨ ᠴᠢᠬᠤᠯᠠ ᠶᠡᠭᠡ ᠠᠷᠭ᠎ᠠ  ᠬᠡᠮᠵᠢᠶ᠎ᠡ ᠶᠢ ᠭᠦᠢᠴᠡᠳ ᠣᠶᠢᠯᠠᠭᠠᠵᠤ᠂ ᠣᠳᠣᠬᠠᠨ ᠤ ᠪᠠ ᠬᠤᠶᠢᠰᠢᠳᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃    ᠬᠤᠷᠠᠯ ᠠᠴᠠ ᠱᠠᠭᠠᠷᠳᠠᠭᠰᠠᠨ ᠨᠢ᠂ ᠪᠦᠬᠦ ᠬᠤᠲᠠ ᠶᠢᠨ ᠺᠠᠳ᠋ᠷ ᠠᠵᠢᠯᠲᠠᠨ ᠠᠵᠢᠯᠴᠢᠨ ᠪᠣᠳᠣᠯᠬᠢᠯᠠᠨ ᠰᠤᠷᠤᠯᠴᠠᠵᠤ᠂ ᠲᠠᠶᠢᠯᠤᠮᠵᠢ ᠶᠢᠨ ᠵᠣᠷᠢᠭ ᠰᠠᠨᠠᠭ᠎ᠠ ᠶᠢ ᠲᠤᠭᠤᠷᠠᠳᠠᠯ᠎ᠠ ᠣᠶᠢᠯᠠᠭᠠᠵᠤ ᠠᠵᠢᠯ ᠤᠨ ᠴᠢᠭᠯᠡᠯ ᠢᠶᠠᠨ ᠲᠣᠳᠣᠷᠬᠠᠶᠢᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ ᠰᠤᠳᠠᠰᠤ ᠶᠢ ᠨᠢ ᠲᠣᠳᠣᠷᠬᠠᠶ ᠪᠣᠯᠭᠠᠵᠤ᠂ ᠡᠭᠦᠷᠭᠡ ᠶᠢ ᠨᠢ ᠲᠣᠳᠣᠷᠬᠠᠶ ᠪᠣᠯᠭᠠᠬᠤ ᠶᠢ ᠦᠨᠡᠨᠬᠦ ᠪᠡᠶᠡᠯᠡᠭᠦᠯᠵᠦ᠂ ᠦᠵᠡᠯ ᠰᠠᠨᠠᠭ᠎ᠠ ᠪᠠ  ᠦᠢᠯᠡ ᠠᠵᠢᠯᠯᠠᠭ᠎ᠠ ᠪᠠᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠪᠣᠳᠠᠲᠠᠶ ᠠᠵᠢᠯ ᠤᠨ ᠳᠤᠮᠳᠠ ᠪᠠᠨ ᠢᠯᠡᠷᠡᠭᠦᠯᠵᠦ᠂ ᠬᠤᠲᠠ ᠶᠢᠨ ᠶᠢᠰᠦᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ᠂ ᠰᠢᠯᠢᠳᠡᠭ ᠰᠠᠶᠢᠨ ᠠᠵᠢᠯ ᠤᠨ ᠰᠤᠷᠲᠠᠯ᠂ ᠲᠡᠷᠢᠭᠦᠨ ᠤ ᠠᠵᠢᠯ ᠤᠨ ᠪᠠᠶᠢᠳᠠᠯ ᠢᠶᠠᠷ ᠵᠠᠯᠠᠨ ᠠᠶᠢᠯ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号