ᠳ᠋ᠠ ᠾᠧ ᠸᠠᠨ ᠪᠠᠯᠭᠠᠰᠤ ᠵᠡᠮᠳᠡᠭᠴᠦᠳ ᠢ ᠭᠡᠷᠡᠴᠢᠯᠡᠬᠦ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2021/9/6
      ᠬᠠᠷᠢᠶᠠᠲᠤ ᠣᠷᠣᠨ ᠤ ᠳᠣᠲᠣᠷᠠᠬᠢ ᠵᠡᠮᠳᠡᠭᠴᠦᠳ ᠤᠨ  ᠮᠡᠳᠡᠭᠡ ᠵᠠᠩᠭᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠮᠢᠶ᠎ᠠ ᠪᠥᠬᠦᠶ ᠬᠥᠳᠡᠯᠦᠩᠭᠦᠶ ᠰᠢᠨᠡᠴᠢᠯᠡᠯᠲᠡ ᠶᠢ ᠰᠠᠶᠢᠲᠤᠷ ᠬᠢᠬᠦ ᠶᠢᠨ ᠲᠤᠰᠠᠳᠠ  ᠂ ᠣᠶᠢᠷ᠎ᠠ ᠳᠤ  ᠳ᠋ᠠ ᠾᠧ ᠸᠠᠨ ᠪᠠᠯᠭᠠᠰᠤᠨ ᠤ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ ᠵᠡᠮᠳᠡᠭᠴᠦᠳ ᠤᠨ ᠭᠡᠷᠡᠴᠢᠯᠡᠯ ᠤᠨ ᠠᠵᠢᠯ ᠢ ᠥᠷᠨᠢᠭᠦᠯᠪᠡ᠃     ᠭᠡᠷᠡᠴᠢᠯᠡᠬᠦ ᠠᠵᠢᠯ ᠤᠨ ᠳᠤᠮᠳᠠ᠂ ᠳ᠋ᠠ ᠾᠧ ᠸᠠᠨ ᠪᠠᠯᠭᠠᠰᠤ ᠶᠢᠨ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ ᠨᠢ ᠡᠷᠦᠬᠡ ᠳᠤ ᠬᠦᠷᠴᠦ ᠤᠬᠠᠭᠤᠯᠬᠤ ᠵᠢᠴᠢ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠶᠢᠨ ᠸᠢᠳᠢᠣ᠋ ᠶᠢ ᠳᠠᠮᠵᠢᠭᠤᠯᠤᠨ ᠲᠠᠷᠬᠠᠭᠠᠬᠤ᠂ ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠦᠯᠵᠢᠶᠡᠨ ᠭᠠᠳᠠᠨ᠎ᠠ᠂ ᠰᠦᠯᠵᠢᠶᠡᠨ ᠳᠡᠭᠡᠷ᠎ᠡ ᠤᠬᠠᠭᠤᠯᠵᠤ  ᠵᠢᠯᠣᠭᠤᠳᠬᠤ ᠶᠢ ᠰᠠᠶᠢᠲᠤᠷ ᠬᠢᠵᠦ᠂ ᠣᠯᠠᠨ ᠲᠦᠮᠡᠨ ᠤ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ ᠪᠠ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠵᠡᠢ᠃ ᠳ᠋ᠠ ᠾᠧ ᠸᠠᠨ ᠪᠠᠯᠭᠠᠰᠤ ᠶᠢᠨ ᠡᠯ᠎ᠡ ᠲᠣᠰᠬᠤᠨ ᠤ ᠵᠡᠮᠳᠡᠭᠴᠦᠳ ᠤᠨ ᠨᠡᠶᠢᠭᠡᠮᠯᠢᠭ ᠤᠨ ᠭᠡᠰᠢᠭᠦᠳ ︽ᠵᠡᠮᠳᠡᠭᠴᠦᠳ ᠲᠤ ᠦᠢᠯᠡᠴᠢᠯᠡᠬᠦ︾ APP ᠳᠤ ᠲᠦᠰᠢᠭᠯᠡᠨ᠂ ᠲᠤᠰ ᠲᠤᠰ ᠤᠨ ᠬᠠᠷᠢᠶ᠎ᠠ ᠣᠷᠣᠨ ᠤ ᠪᠠᠨ ᠵᠡᠮᠳᠡᠭᠴᠦᠳ ᠤᠨ ᠣᠳᠣᠬᠢ ᠪᠠᠶᠢᠳᠠᠯ ᠢ ᠨᠢᠭᠡᠳ ᠨᠢᠭᠡ ᠪᠠᠷ ᠬᠢᠨᠠᠨ ᠬᠠᠷᠭᠤᠭᠤᠯᠵᠤ᠂ ᠲᠡᠳᠡᠨ ᠤ ᠦᠢᠯᠡᠳᠪᠦᠷᠢᠯᠡᠯ ᠠᠮᠢᠳᠤᠷᠠᠯ ᠤᠨ ᠣᠳᠣᠬᠢ ᠪᠠᠶᠢᠳᠠᠯ ᠵᠢᠴᠢ ᠲᠤᠰᠠᠯᠠᠬᠤ ᠪᠠᠭᠠᠵᠢ ᠬᠡᠷᠡᠭᠰᠡᠯ ᠤᠨ ᠬᠡᠷᠡᠭᠴᠡᠭᠡ ᠵᠡᠷᠭᠡ ᠶᠢ ᠣᠶᠢᠯᠠᠭᠠᠵᠤ᠂ ᠬᠤᠶᠢᠰᠢᠳᠠ ᠶᠢᠨ ᠵᠡᠮᠳᠡᠭᠴᠦᠳ ᠲᠤ ᠨᠡᠩ ᠰᠠᠶᠢᠨ ᠦᠢᠯᠡᠴᠢᠯᠡᠬᠦ ᠳᠤ ᠪᠠᠲᠤ ᠰᠠᠭᠤᠷᠢ ᠲᠠᠯᠪᠢᠵᠤ  ᠦᠭᠴᠡᠢ᠃      ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ ᠤᠨ ᠠᠵᠢᠯᠲᠠᠨ ᠪᠠ ᠡᠯ᠎ᠡ ᠲᠣᠰᠬᠤᠨ ︵ᠰᠠᠭᠤᠭᠠᠯᠢ ᠠᠷᠠᠳ︶ ᠤ ᠵᠡᠮᠳᠡᠭᠴᠦᠳ ᠤᠨ ᠨᠡᠶᠢᠭᠡᠮᠯᠢᠭ ᠤᠨ ᠢᠳᠡᠪᠬᠢᠲᠡᠶ ᠤᠬᠠᠭᠤᠯᠭ᠎ᠠ ᠪᠠ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠳ᠋ᠠ ᠾᠧ ᠸᠠᠨ ᠪᠠᠯᠭᠠᠰᠤᠨ ᠤ ᠵᠡᠮᠳᠡᠭᠴᠦᠳ ᠤᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号