︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ | ᠬᠠᠤᠯᠢ︾ ᠶᠢᠨ ᠮᠡᠳᠡᠬᠦ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ | ᠲᠤᠰᠠᠯᠠᠮᠵᠢ ᠶᠢᠨ ᠨᠥᠯᠥᠭᠡ ᠶᠢ ᠦᠷᠭᠡᠳᠭᠡᠨ᠂ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ᠶᠢ ᠣᠯᠠᠨ | ᠲᠦᠮᠡᠨ ᠤ ᠳᠡᠷᠭᠡᠳᠡ ᠠᠪᠠᠴᠢᠵᠤ᠂ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠣ᠂ ᠤᠯᠠᠨ ᠤᠯᠠᠨ | ᠲᠦᠮᠡᠨ ᠳᠤ ᠬᠠᠤᠯᠢ ᠴᠠᠭᠠᠵᠠ ᠶᠢᠨ ᠲᠤᠰᠠᠯᠠᠮᠵᠢ ᠶᠢ ᠣᠶᠢᠯᠠᠭᠠᠭᠤᠯᠵᠤ᠂ ᠨᠡᠶᠢᠭᠡᠮ ᠤᠨ ᠪᠠᠭᠤᠷᠠᠶᠢᠴᠤᠤᠯ ᠳᠤ ᠨᠡᠩ | ᠰᠠᠶᠢᠨ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠵᠤ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠡᠨᠡᠬᠦ | ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ ᠥᠷᠨᠢᠭᠦᠯᠬᠦ ᠶᠢ ᠠᠬᠢᠭᠤᠯᠵᠤ᠂ 9 ᠰᠠᠷ᠎ᠠ ᠶᠢᠨ 3 | ᠤ ᠡᠳᠦᠷ᠂ ᠬᠠᠤᠯᠢ ᠴᠠᠭᠠᠵᠠ ᠶᠢᠨ ᠲᠣᠪᠴᠢᠶ᠎ᠠ ᠶᠢᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠲᠥᠪ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ ᠲᠠᠢ ᠭᠠᠷ ᠬᠤᠯᠪᠣᠨ ᠬᠥᠮᠦᠨ ᠤᠯᠠᠨ ᠴᠤᠭᠯᠠᠷᠠᠭᠰᠠᠨ ᠲᠣᠭᠤᠷᠢᠭ ᠤᠨ ︽ᠡᠷᠲᠡ ᠶᠢᠨ ᠵᠠᠬ᠎ᠠ ᠳᠡᠯᠭᠡᠭᠦᠷ︾ | ᠲᠤ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ | | ᠠᠵᠢᠯᠯᠠᠭ᠎ᠠ ᠶᠢᠨ ᠳᠤᠮᠳᠠ᠂ ᠠᠵᠢᠯᠲᠠᠳ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ᠂ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠲᠠ ᠶᠢᠨ ᠠᠷᠠᠳ ᠲᠤ ︽ᠬᠠᠤᠯᠢ | ᠴᠠᠭᠠᠵᠠ ᠶᠢᠨ ᠲᠤᠰᠠᠯᠠᠮᠵᠢ ᠶᠢᠨ ᠬᠠᠤᠯᠢ︾ ᠶᠢ ᠭᠤᠤᠯᠳᠠᠯᠭ᠎ᠠ ᠲᠠᠢ ᠤᠬᠠᠭᠤᠯᠤᠭᠰᠠᠨ ᠪᠥᠭᠡᠳ ᠬᠠᠤᠯᠢ ᠴᠠᠭᠠᠵᠠ ᠶᠢᠨ | ᠲᠤᠰᠠᠯᠠᠮᠵᠢ ᠭᠤᠶᠤᠴᠢᠯᠠᠬᠤ ᠠᠷᠭ᠎ᠠ ᠮᠠᠶ᠋ᠢᠭ᠂ ᠨᠥᠬᠦᠴᠡᠯ᠂ ᠴᠤᠪᠤᠷᠠᠯ ᠤᠨ ᠲᠤᠬᠠᠶ ᠲᠠᠶᠢᠯᠤᠮᠵᠢ ᠬᠢᠵᠡᠶ᠃ ᠡᠭᠦᠨ ᠤ | ᠵᠡᠷᠭᠡᠪᠡᠷ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠰᠠᠶᠢᠨ ᠳᠤᠷ᠎ᠠ ᠶᠢᠨ ᠠᠵᠢᠯᠯᠠᠭᠴᠢ ᠨᠢ ᠤᠯᠠᠨ ᠲᠦᠮᠡᠨ ᠤ | ᠳᠤᠷᠠᠳᠤᠭᠰᠠᠨ ᠨᠠᠰᠤᠲᠠᠨ ᠢ ᠠᠴᠢᠯᠠᠨ ᠲᠡᠵᠢᠭᠡᠬᠦ ᠵᠠᠷᠤᠳᠠᠯ᠂ ᠤᠷᠤᠭ ᠭᠡᠷ ᠪᠦᠯᠢ᠂ ᠬᠥᠳᠡᠯᠮᠦᠷᠢ ᠦᠢᠯᠡᠴᠢᠯᠡᠭᠡᠨ ᠤ | ᠵᠠᠷᠤᠳᠠᠯ ᠨᠡᠬᠡᠨ ᠠᠪᠬᠤ ᠵᠡᠷᠭᠡ ᠲᠠᠯ᠎ᠠ ᠶᠢᠨ ᠬᠠᠤᠯᠢ ᠴᠠᠭᠠᠵᠠ ᠶᠢᠨ ᠠᠰᠠᠭᠤᠳᠠᠯ ᠢ ᠬᠠᠷᠢᠭᠤᠯᠵᠣ ᠦᠭᠴᠡᠢ᠃ | | | ᠡᠨᠡᠬᠦ ᠤᠬᠠᠭᠤᠯᠭ᠎ᠠ ᠶᠢᠨ ᠠᠵᠢᠯᠯᠠᠭ᠎ᠠ ᠳᠤ ᠦᠶ ᠣᠯᠠᠨ ᠬᠤᠲᠠ ᠶᠢᠨ ᠠᠷᠠᠳ ᠣᠷᠣᠯᠴᠠᠭᠰᠠᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠬᠠᠤᠯᠢ ᠴᠠᠭᠠᠵᠠ ᠶᠢᠨ ᠲᠣᠪᠴᠢᠶ᠎ᠠ ᠠᠴᠠ ᠬᠠᠤᠯᠢ ᠶᠢ ᠨᠡᠶᠢᠭᠡᠮ ᠲᠣᠭᠤᠷᠢᠭ ᠲᠤ | ᠬᠦᠷᠭᠡᠬᠦ᠂ ᠬᠠᠤᠯᠢ ᠶᠢ ᠬᠥᠳᠡᠭᠡ ᠲᠣᠰᠬᠤᠨ ᠳᠤ ᠬᠦᠷᠭᠡᠬᠦ ᠵᠡᠷᠭᠡ ᠠᠷᠭ᠎ᠠ ᠬᠡᠯᠪᠡᠷᠢ ᠪᠠᠷ ᠰᠢᠷᠢᠰ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠵᠦ᠂ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ᠶᠢᠨ ᠤᠬᠠᠭᠤᠯᠭ᠎ᠠ ᠶᠢᠨ | ᠡᠷᠴᠢᠮ ᠢ ᠴᠢᠩᠭᠠᠷᠠᠭᠤᠯᠬᠤ ᠶᠢᠨ ᠬᠠᠮᠲᠤ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠢᠳᠡᠪᠬᠢᠲᠡᠶ ᠪᠠᠷ | ᠬᠦᠯᠢᠶᠡᠨ ᠠᠪᠴᠤ ᠰᠢᠢᠳᠪᠦᠷᠢᠯᠡᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠴᠢᠨᠠᠷ ᠪᠠ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠬᠦᠴᠢᠷᠳᠡᠯᠲᠡᠶ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ | ᠰᠠᠶᠢᠲᠤᠷ ᠬᠠᠮᠠᠭᠠᠯᠠᠵᠤ᠂ ᠲᠤᠰᠠᠯᠠᠮᠵᠢ ᠬᠦᠷᠳᠡᠬᠦ ᠤᠯᠠᠨ ᠲᠦᠮᠡᠨ ᠨᠢᠭᠡᠪᠦᠷᠢ ᠳᠤ ᠴᠥᠮ ᠬᠠᠤᠯᠢ ᠴᠠᠭᠠᠵᠠ ᠶᠢᠨ | ᠲᠤᠰᠠᠯᠠᠮᠵᠢ ᠶᠢᠨ ᠦᠨ᠎ᠡ ᠦᠷᠳᠡᠭ ᠢ ᠦᠵᠡᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠶᠢᠷ᠎ᠠ ᠬᠠᠯᠠᠮᠵᠢ ᠶᠢ | ᠬᠦᠷᠲᠡᠭᠡᠨ᠎ᠡ᠃ |