ᠮᠠᠨ ᠤ ᠬᠤᠲᠠ ᠠᠵᠤ ᠦᠢᠯᠡᠰ ᠤᠨ ᠠᠵᠢᠯᠴᠢᠳ ᠤᠨ ᠡᠩᠨᠡᠭᠡᠨ ᠤ ᠪᠠᠶᠢᠭᠤᠯᠤᠯᠲᠠ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠵᠣᠬᠢᠴᠠᠭᠤᠯᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/6
            ᠲᠦᠷᠦᠭᠦᠬᠡᠨ᠂ ᠮᠠᠨ ᠤ ᠬᠤᠲᠠ ᠶᠢᠨ ᠠᠵᠤ ᠦᠢᠯᠡᠰ ᠤᠨ  ᠠᠵᠢᠯᠴᠢᠳ ᠤᠨ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢ ᠠᠬᠢᠭᠤᠯᠬᠤ  ᠠᠵᠢᠯ ᠤᠨ ᠵᠣᠬᠢᠴᠠᠭᠤᠯᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠪᠠ᠃ ᠬᠤᠷᠠᠯ ᠠᠴᠠ ᠮᠠᠨ ᠤ ᠬᠤᠲᠠ ᠶᠢᠨ ᠠᠵᠤ ᠦᠢᠯᠡᠰ ᠤᠨ ᠠᠵᠢᠯᠴᠢᠨ ᠤ ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ  ᠴᠡᠭ ᠤᠨ ᠠᠵᠢᠯ ᠢ ᠠᠬᠢᠭᠤᠯᠬᠤ ᠬᠡᠷᠡᠭᠵᠢᠭᠦᠯᠬᠦ ᠲᠥᠰᠦᠯ ᠢ ᠤᠯᠠᠮᠵᠢᠯᠠᠵᠤ᠂ ᠳᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠤᠨ ᠲᠣᠬᠢᠷᠠᠭᠤᠯᠵᠠᠢ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠠᠵᠤ  ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢ ᠠᠬᠢᠭᠤᠯᠬᠤ ᠲᠤᠷᠰᠢᠯᠲᠠ ᠶᠢᠨ ᠠᠵᠢᠯ ᠤᠨ ᠵᠣᠬᠢᠴᠠᠭᠤᠯᠬᠤ ᠳᠤᠭᠤᠶᠢᠯᠠᠩ ᠤᠨ ᠳᠠᠷᠤᠭ᠎ᠠ ᠵᠠᠩ ᠸᠧᠶ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠠᠩ ᠵᠢᠶ ᠴᠦᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ᠂ ᠬᠤᠲᠠ ᠶᠢᠨ ᠠᠵᠢᠯᠴᠢᠨ ᠤ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠵᠢᠤᠸᠠᠨ ᠵᠢᠴᠢ ᠵᠣᠬᠢᠴᠠᠭᠤᠯᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃     ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢ ᠠᠬᠢᠭᠤᠯᠬᠤ ᠲᠤᠷᠰᠢᠯᠲᠠ ᠶᠢᠨ ᠠᠵᠢᠯ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠳᠠ ᠶᠢᠨ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢ ᠠᠬᠢᠭᠤᠯᠬᠤ ᠲᠤᠷᠰᠢᠯᠲᠠ ᠶᠢᠨ ᠠᠵᠢᠯ ᠤᠨ ᠵᠣᠬᠢᠴᠠᠭᠤᠯᠬᠤ ᠳᠤᠭᠤᠶᠢᠯᠠᠩ ᠤᠨ ᠰᠠᠨᠠᠭᠤᠯᠭ᠎ᠠ ᠶᠢᠨ ᠨᠡᠷᠡᠰ ᠵᠢᠴᠢ ᠠᠵᠢᠯ ᠤᠨ ᠱᠠᠭᠠᠷᠳᠠᠯᠭ᠎ᠠ ᠶᠢ ᠤᠩᠰᠢᠨ ᠨᠡᠶᠢᠲᠡᠯᠡᠪᠡ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠪᠦᠷᠢᠯᠳᠦᠬᠦᠨ ᠨᠢᠭᠡᠴᠡ ᠨᠦᠭᠦᠳ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠣᠯᠭ᠎ᠠ ᠶᠢ ᠴᠢᠩᠭᠠᠳᠬᠠᠵᠤ᠂ ᠲᠤᠷᠰᠢᠯᠲᠠ ᠶᠢᠨ ᠠᠵᠢᠯ ᠢ ᠢᠮᠠᠭᠲᠠ ᠵᠥᠪ ᠴᠢᠭᠯᠡᠯ ᠢᠶᠠᠷ ᠤᠷᠤᠭᠰᠢᠯᠠᠭᠤᠯᠬᠤ ᠶᠢ ᠦᠨᠡᠨᠬᠦ  ᠪᠠᠲᠣᠯᠠᠵᠣ᠂ ᠠᠵᠤ ᠦᠢᠯᠡᠰ ᠤᠨ ᠠᠵᠢᠯᠴᠢᠨ ᠤ ᠤᠷ᠎ᠠ ᠴᠢᠳᠠᠪᠤᠷᠢ ᠶᠢᠨ ᠪᠦᠷᠢᠯᠳᠦᠯ ᠤᠨ ᠰᠢᠰᠲᠧᠮ ᠢ ᠪᠠᠶᠢᠭᠤᠯᠵᠤ᠂ ᠠᠵᠤ ᠦᠢᠯᠡᠰ ᠤᠨ ᠠᠵᠢᠯᠴᠢᠨ ᠤ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠵᠤ᠂ ᠡᠷᠬᠡ ᠪᠠᠨ ᠬᠠᠮᠠᠭᠠᠯᠠᠬᠤ ᠦᠢᠯᠡᠴᠢᠯᠡᠭᠡ ᠶᠢ ᠬᠦᠴᠦᠯᠡᠨ ᠴᠢᠩᠭᠠᠳᠬᠠᠵᠤ᠂ ᠠᠵᠤ ᠦᠢᠯᠡᠰ ᠤᠨ ᠠᠵᠢᠯᠴᠢᠨ ᠤ ᠵᠣᠯ ᠵᠢᠷᠭᠠᠯᠲᠤ ᠲᠦᠷᠦᠭᠳᠡᠯ ᠪᠣᠯᠤᠨ ᠬᠦᠷᠲᠡᠮᠵᠢ ᠶᠢᠨ ᠲᠦᠷᠦᠭᠳᠡᠯ ᠢ ᠦᠨᠡᠨᠬᠦ ᠴᠢᠩᠭᠠᠳᠬᠠᠵᠤ᠂ ᠬᠠᠮᠵᠢᠯᠴᠠᠨ ᠬᠠᠮᠵᠢᠯᠴᠠᠬᠤ ᠶᠢ ᠴᠢᠩᠭᠠᠳᠬᠠᠵᠤ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠤᠨ ᠬᠦᠴᠦᠷᠬᠡᠭ ᠶᠡᠭᠡ ᠬᠠᠮᠲᠤᠷᠠᠯ ᠬᠦᠴᠦᠨ ᠢ ᠲᠠᠰᠤᠷᠠᠯᠲᠠ ᠦᠭᠡᠢ ᠨᠢᠭᠲᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠠᠵᠤ  ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠪᠦᠲᠦᠮᠵᠢᠲᠡᠶ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠪᠠ᠃     ᠬᠤᠷᠠᠯ ᠠᠴᠠ᠂ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠲᠤᠰ ᠤᠳᠠᠭ᠎ᠠ ᠶᠢᠨ ᠬᠤᠷᠠᠯ ᠤᠨ ᠠᠭᠤᠯᠭ᠎ᠠ ᠶᠢ ᠲᠡᠷᠡ ᠳᠠᠷᠤᠢ ᠳᠤᠨᠢ ᠤᠯᠠᠮᠵᠢᠯᠠᠵᠤ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢᠨ ᠲᠤᠷᠰᠢᠯᠲᠠ ᠶᠢᠨ  ᠴᠡᠭ ᠤᠨ ᠠᠵᠢᠯ ᠢ ᠠᠬᠢᠭᠤᠯᠬᠤ ᠶᠢᠨ ᠴᠢᠬᠤᠯᠠ ᠴᠢᠨᠠᠷ ᠢ ᠪᠦᠬᠦ ᠲᠠᠯ᠎ᠠ ᠪᠠᠷ ᠭᠦᠨᠵᠡᠭᠡᠢ ᠣᠶᠢᠯᠠᠭᠠᠵᠤ᠂ ᠡᠯ᠎ᠡ ᠪᠦᠷᠢᠯᠳᠦᠬᠦᠨ ᠨᠢᠭᠡᠴᠡ ᠶᠢᠨ ᠢᠳᠡᠪᠬᠢᠵᠢᠯ ᠢ ᠭᠦᠢᠴᠡᠳ ᠲᠠᠶᠢᠴᠢᠯᠠᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠬᠤᠪᠢ ᠨᠡᠮᠡᠷᠢ ᠦᠵᠡᠭᠦᠯᠬᠦ ᠬᠡᠷᠡᠭᠲᠡᠢ᠃ ᠠᠵᠢᠯ ᠤᠨ ᠡᠭᠦᠷᠭᠡ ᠪᠠᠨ ᠨᠠᠷᠢᠯᠢᠬᠵᠢᠭᠤᠯᠵᠤ᠂ ᠡᠯ᠎ᠡ ᠬᠠᠮᠢᠶ᠎ᠠ ᠪᠥᠬᠦᠶ ᠨᠢᠭᠡᠴᠡ ᠨᠦᠭᠦᠳ ᠠᠵᠢᠯ ᠢᠶᠠᠨ ᠢᠳᠡᠪᠬᠢᠲᠡᠶ ᠪᠠᠷ ᠵᠣᠯᠭᠠᠭᠤᠯᠵᠤ᠂ ᠠᠵᠢᠯ ᠤᠨ ᠨᠠᠷᠢᠨ ᠵᠦᠢᠯᠡᠰ ᠢᠶᠠᠨ ᠡᠮᠬᠢᠯᠡᠵᠦ᠂ ᠡᠯ᠎ᠡ ᠰᠠᠯᠠᠭ᠎ᠠ ᠮᠥᠴᠢᠷ ᠤᠨ ᠵᠣᠬᠢᠴᠠᠯᠳᠤᠨ ᠬᠠᠮᠵᠢᠯᠴᠠᠬᠤ ᠶᠢ ᠰᠠᠶᠢᠲᠤᠷ ᠵᠣᠬᠢᠶᠠᠨ ᠪᠠᠶᠢᠭᠤᠯᠵᠤ᠂ ᠠᠵᠢᠯ ᠤᠨ ᠬᠡᠷᠡᠭᠵᠢᠭᠦᠯᠦᠯᠲᠡ ᠪᠠᠨ ᠠᠬᠢᠭᠤᠯᠬᠤ ᠬᠡᠷᠡᠭᠲᠡᠶ᠃ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠨᠢ ᠭᠤᠤᠯᠯᠠᠬᠤ ᠨᠢᠭᠡᠴᠡ ᠪᠣᠯᠤᠭᠰᠠᠨ ᠤ ᠬᠤᠪᠢ ᠳᠤ᠂ ᠶᠡᠷᠦᠩᠬᠡᠶᠢᠯᠡᠨ ᠠᠳᠬᠤᠬᠤ᠂ ᠬᠤᠷᠢᠶᠠᠩᠭᠤᠶᠢᠯᠠᠬᠤ ᠠᠵᠢᠯ ᠢ ᠰᠠᠶᠢᠲᠤᠷ ᠬᠢᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯ ᠢᠶᠠᠨ ᠥᠷᠨᠢᠭᠦᠯᠬᠦ ᠶᠢ ᠬᠦᠯᠢᠴᠡᠩᠭᠦᠶ ᠪᠠᠷ ᠵᠢᠯᠣᠭᠤᠳᠴᠤ᠂ ᠬᠠᠷᠢᠭᠤ ᠲᠤᠰᠬᠠᠭᠰᠠᠨ ᠮᠡᠳᠡᠭᠡ ᠵᠠᠩᠭᠢ ᠪᠠ ᠰᠠᠨᠠᠯ ᠰᠠᠨᠠᠭᠤᠯᠭ᠎ᠠ ᠶᠢ ᠰᠢᠩᠭᠡᠭᠡᠨ ᠠᠪᠴᠤ ᠡᠮᠬᠢᠯᠡᠵᠦ᠂ ᠬᠠᠮᠢᠶ᠎ᠠ ᠪᠥᠬᠦᠶ ᠨᠢᠭᠡᠴᠡ ᠳᠤ ᠠᠵᠢᠯ ᠤᠨ ᠠᠬᠢᠴᠠ ᠪᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠳᠡᠬᠦ ᠬᠡᠷᠡᠭᠲᠡᠶ  ᠭᠡᠵᠡᠢ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号