ᠰᠢ ᠶᠢᠨ ᠫᠢᠩ ᠦᠷᠭᠦᠯᠵᠢᠯᠡᠬᠦ ᠬᠥᠭᠵᠢᠯᠲᠡ ᠶᠢᠨ ᠲᠤᠮᠤ ᠳ᠋ᠠᠶᠢᠲ᠋ᠠ ᠶᠢᠨ ᠤᠯᠠᠨ ᠤᠯᠤᠰ ᠤᠨ ᠰᠤᠳᠤᠯᠭᠠᠨ ᠤ ᠲᠥᠪ ᠪᠠᠶᠢᠭᠤᠯᠤᠭᠳᠠᠬᠤ ᠶᠡᠭᠡ ᠬᠤᠷᠠᠯ ᠵᠢᠴᠢ 2021 ᠣᠨ ᠤ ᠦᠷᠭᠦᠯᠵᠢᠯᠡᠬᠦ ᠬᠥᠭᠵᠢᠯᠲᠡ ᠶᠢᠨ ᠲᠤᠮᠤ ᠳ᠋ᠠᠶᠢᠲ᠋ᠠ ᠶᠢᠨ ᠤᠯᠠᠨ ᠤᠯᠤᠰ ᠤᠨ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠵᠠᠢ
ᠨᠡᠶᠢᠲᠡᠯᠡᠭᠰᠡᠨ ᠴᠠᠭ᠄
2021/9/9
     9 ᠰᠠᠷ᠎ᠠ ᠶᠢᠨ 6     ᠤ ᠡᠳᠦᠷ᠂  ᠤᠯᠤᠰ ᠤᠨ ᠲᠡᠷᠢᠭᠦᠯᠡᠭᠴᠢ ᠰᠢ ᠶᠢᠨ ᠫᠢᠩ ᠦᠷᠭᠦᠯᠵᠢᠯᠡᠬᠦ ᠬᠥᠭᠵᠢᠯᠲᠡ ᠶᠢᠨ ᠲᠤᠮᠤ ᠳ᠋ᠠᠶᠢᠲ᠋ᠠ ᠶᠢᠨ ᠤᠯᠠᠨ ᠤᠯᠤᠰ ᠤᠨ ᠰᠤᠳᠤᠯᠭᠠᠨ ᠤ ᠲᠥᠪ ᠪᠠᠶᠢᠭᠤᠯᠤᠭᠳᠠᠬᠤ ᠶᠡᠭᠡ ᠬᠤᠷᠠᠯ ᠵᠢᠴᠢ 2021 ᠣᠨ ᠤ ᠦᠷᠭᠦᠯᠵᠢᠯᠡᠬᠦ ᠬᠥᠭᠵᠢᠯᠲᠡ ᠶᠢᠨ ᠲᠤᠮᠤ ᠳ᠋ᠠᠶᠢᠲ᠋ᠠ ᠶᠢᠨ ᠤᠯᠠᠨ ᠤᠯᠤᠰ ᠤᠨ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ᠃      ᠰᠢ ᠶᠢᠨ ᠫᠢᠩ᠂ ᠦᠷᠭᠦᠯᠵᠢᠯᠡᠬᠦ ᠬᠥᠭᠵᠢᠯᠲᠡ ᠶᠢᠨ ᠲᠤᠮᠤ ᠳ᠋ᠠᠶᠢᠲ᠋ᠠ ᠶᠢᠨ ᠤᠯᠠᠨ ᠤᠯᠤᠰ ᠤᠨ ᠰᠤᠳᠤᠯᠭᠠᠨ ᠤ ᠲᠥᠪ ᠢ ᠪᠠᠶᠢᠭᠤᠯᠬᠤ ᠪᠣᠯ 75 ᠳ᠋ᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠳᠡᠭᠡᠷ᠎ᠡ ᠮᠢᠨᠦ ᠨᠡᠶᠢᠲᠡᠯᠡᠭᠰᠡᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠢ ᠨᠠᠶᠢᠳᠠᠪᠤᠷᠢᠵᠢᠭᠤᠯᠬᠤ ᠶᠢ ᠳᠡᠮᠵᠢᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ 2030 ᠣᠨ ᠤ ᠵᠥᠪᠯᠡᠬᠦ ᠵᠦᠢᠯ ᠳᠤ ᠡᠯ᠎ᠡ ᠤᠯᠤᠰ ᠤᠨ ᠬᠥᠭᠵᠢᠯᠲᠡ ᠪᠣᠯᠤᠨ ᠤᠯᠠᠨ ᠤᠯᠤᠰ ᠤᠨ ᠬᠥᠭᠵᠢᠯᠲᠡ ᠬᠠᠮᠲᠤᠷᠠᠯᠴᠠᠭ᠎ᠠ ᠶᠢᠨ ᠲᠣᠳᠣᠷᠬᠠᠢ ᠬᠠᠷᠠᠯᠲᠠ ᠶᠢ ᠳᠤᠷᠠᠳᠤᠭᠰᠠᠨ ᠪᠠᠶᠢᠳᠠᠭ᠃ ᠣᠳᠣᠬᠠᠨ ᠳᠤ᠂ ᠳᠡᠯᠡᠬᠡᠶ ᠶᠢᠷᠲᠢᠨᠴᠦ ᠶᠠᠭ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠯᠤᠲᠤ ᠶᠡᠭᠡ ᠲᠠᠭᠠᠷᠢᠯᠲᠠ ᠳᠤ ᠤᠴᠠᠷᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠣᠮᠣ ᠳ᠋ᠠᠶᠢᠲ᠋ᠠ ᠶᠢᠨ ᠬᠡᠷᠡᠭᠯᠡᠯᠲᠡ ᠨᠢ ᠳᠡᠯᠡᠬᠡᠶ ᠨᠡᠶᠢᠭᠡᠮ ᠢᠶᠠᠷ ᠢᠶᠠᠨ ᠬᠦᠴᠢᠷ ᠪᠡᠷᠬᠡᠰᠢᠶᠡᠯ ᠢ ᠢᠯᠡᠨ ᠳᠠᠪᠠᠭ᠋ᠤ ᠶᠢ ᠠᠬᠢᠭᠤᠯᠵᠤ᠂ ᠪᠥᠬᠦ ᠲᠡᠯᠡᠭᠡᠢ ᠶᠢᠨ ᠬᠡᠪᠴᠢᠶᠡᠨ ᠳᠤ 2030 ᠣᠨ ᠤ ᠵᠥᠪᠯᠡᠬᠦ ᠵᠦᠢᠯ ᠢ ᠨᠠᠶᠢᠳᠠᠪᠤᠷᠢᠵᠢᠭᠤᠯᠬᠤ ᠳᠤ ᠠᠰᠢᠭᠲᠠᠶ ᠶᠤᠮ ᠭᠡᠵᠦ ᠵᠢᠭᠠᠵᠦ ᠭᠠᠷᠭᠠᠪᠠ᠃      ᠰᠢ ᠶᠢᠨ ᠫᠢᠩ ᠡᠯ᠎ᠡ ᠲᠠᠯ᠎ᠠ ᠶᠢᠨ ᠬᠢᠨ ᠦᠷᠭᠦᠯᠵᠢᠯᠡᠬᠦ ᠬᠥᠭᠵᠢᠯᠲᠡ ᠶᠢᠨ ᠲᠤᠮᠤ ᠳ᠋ᠠᠶᠢᠲ᠋ᠠ ᠶᠢᠨ ᠤᠯᠠᠨ ᠤᠯᠤᠰ ᠤᠨ ᠰᠤᠳᠤᠯᠭᠠᠨ ᠤ ᠲᠥᠪ ᠤᠨ ᠲᠠᠪᠴᠠᠩ ᠪᠣᠯᠤᠨ ᠲᠤᠰ ᠤᠳᠠᠭ᠎ᠠ ᠶᠢᠨ ᠶᠠᠷᠢᠶᠠᠨ ᠤ ᠲᠠᠪᠴᠠᠩ ᠢ ᠭᠦᠢᠴᠡᠳ ᠠᠰᠢᠠᠠᠯᠠᠵᠦ᠂ ᠲᠤᠮᠤ ᠳ᠋ᠠᠶᠢᠲ᠋ᠠ ᠶᠢᠨ ᠦᠷᠭᠦᠯᠵᠢᠯᠡᠬᠦ ᠬᠥᠭᠵᠢᠯᠲᠡ ᠶᠢ ᠲᠤᠯᠭᠠᠭᠤᠷᠢᠯᠠᠬᠤ ᠠᠷᠭ᠎ᠠ ᠪᠤᠳᠤᠯᠭ᠎ᠠ ᠶᠢ ᠬᠠᠮᠲᠤ ᠪᠠᠷ ᠰᠦᠪᠡᠭᠴᠢᠯᠡᠵᠦ᠂ ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ 2030 ᠣᠨ ᠤ ᠵᠥᠪᠯᠡᠬᠦ ᠵᠦᠢᠯ ᠢ ᠬᠦᠴᠦ ᠪᠠᠨ ᠬᠠᠮᠲᠤᠳᠬᠠᠨ ᠨᠠᠶᠢᠳᠠᠪᠤᠷᠢᠵᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃      ᠦᠷᠭᠦᠯᠵᠢᠯᠡᠬᠦ ᠬᠥᠭᠵᠢᠯᠲᠡ ᠶᠢᠨ ᠲᠣᠮᠣ ᠳ᠋ᠠᠶᠢᠲ᠋ᠠ ᠶᠢᠨ ᠣᠯᠠᠨ ᠤᠯᠤᠰ ᠤᠨ ᠰᠤᠳᠤᠯᠭᠠᠨ ᠤ ᠲᠥᠪ ᠪᠠᠶᠢᠭᠤᠯᠤᠭᠳᠠᠬᠤ ᠶᠡᠭᠡ ᠬᠤᠷᠠᠯ ᠵᠢᠴᠢ 2021ᠣᠨ ᠤ ᠦᠷᠭᠦᠯᠵᠢᠯᠡᠬᠦ ᠬᠥᠭᠵᠢᠯᠲᠡ ᠶᠢᠨ ᠲᠣᠮᠣ ᠳ᠋ᠠᠶᠢᠲ᠋ᠠ ᠶᠢᠨ ᠣᠯᠠᠨ ᠤᠯᠤᠰ ᠤᠨ ᠶᠠᠷᠢᠶᠠᠨ ᠤ ᠲᠠᠪᠴᠠᠩ ᠤᠨ ᠡᠬᠢᠯᠡᠯᠲᠡ ᠶᠢᠨ ᠶᠣᠰᠣᠯᠠᠯ 6       ᠤ ᠡᠳᠦᠷ ᠪᠡᠭᠡᠵᠢᠩ ᠳᠤ ᠶᠠᠪᠤᠭᠳᠠᠵᠠᠢ᠃
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号