︵189 ᠳ᠋ᠦ᠋ᠭᠡᠷ ᠲᠣᠭᠠᠲᠤ︶ ᠵᠠᠯᠠᠨ ᠠᠶᠢᠯ ᠬᠤᠳᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2022/1/12
    ᠣᠳᠣᠬᠠᠨ ᠳᠤ᠂ ᠲᠢᠶᠠᠨᠵᠢᠨ ᠬᠤᠲᠠ᠂ ᠾᠧᠨᠠᠨ ᠮᠤᠵᠢ ᠶᠢᠨ ᠲᠣᠰ ᠭᠠᠵᠠᠷ ᠣᠷᠣᠨ ᠳᠤ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢᠨ ᠲᠤᠭ᠎ᠠ ᠮᠥᠨ ᠬᠦ ᠨᠡᠮᠡᠭᠳᠡᠵᠦ᠂ ᠬᠤᠶᠠᠷ ᠮᠤᠵᠢ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠮᠥᠨ ᠬᠦ ᠲᠦᠢᠯ ᠤᠨ ᠬᠦᠨᠳᠦ ᠨᠣᠴᠢᠲᠠᠶ ᠪᠠᠶᠢᠨ᠎ᠠ᠃ ᠮᠠᠨ ᠤ ᠬᠤᠲᠠ ᠪᠣᠯᠤᠨ ᠬᠤᠶᠠᠷ ᠭᠠᠵᠠᠷ ᠤᠨ ᠬᠥᠮᠦᠰ ᠤᠨ ᠶᠠᠪᠤᠯᠴᠠᠭ᠎ᠠ ᠣᠯᠠᠰᠢᠷᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠤ ᠨᠤᠲᠤᠭ ᠲᠠᠭᠠᠨ ᠪᠤᠴᠠᠭᠰᠠᠨ ᠬᠥᠮᠦᠰ ᠤᠨ ᠲᠤᠭ᠎ᠠ ᠶᠡᠭᠡ ᠪᠠᠷ ᠨᠡᠮᠡᠭᠳᠡᠵᠦ ᠪᠠᠶᠢᠬᠤ ᠵᠡᠷᠭᠡ ᠣᠯᠠᠨ ᠰᠢᠯᠲᠠᠭᠠᠨ ᠠᠴᠠ ᠪᠣᠯᠵᠣ᠂ ᠮᠠᠨ ᠤ ᠬᠤᠲᠠ ᠶᠢᠨ ︽ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ︾ ᠳᠠᠷᠤᠯᠲᠠ ᠦᠷᠭᠦᠯᠵᠢᠯᠡᠨ ᠨᠡᠮᠡᠭᠳᠡᠵᠦ ᠪᠠᠶᠢᠨ᠎ᠠ᠃ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠬᠢᠵᠠᠭᠠᠷᠯᠠᠨ ᠪᠠᠭᠠᠰᠬᠠᠵᠤ᠂ ᠥᠷᠭᠡᠨ ᠣᠯᠠᠨ ᠠᠷᠠᠳ ᠲᠦᠮᠡᠨ ᠤ ᠡᠷᠡᠭᠦᠯ ᠮᠡᠨᠳᠦ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠥᠷᠭᠡᠨ ᠣᠯᠠᠨ ᠬᠤᠲᠠ ᠶᠢᠨ ᠠᠷᠠᠳ ᠲᠤ ᠳᠠᠬᠢᠨᠲᠠ ᠵᠠᠷᠯᠠᠪᠠ᠄    ᠨᠢᠭᠡ᠂ ᠪᠤᠴᠠᠭᠠᠭᠰᠠᠳ ᠢ ᠳᠡᠩᠰᠡᠯᠡᠨ ᠮᠡᠳᠡᠭᠦᠯᠬᠦ ᠶᠢ ᠴᠢᠩᠭᠠᠷᠠᠭᠤᠯᠤᠨ᠎ᠠ      1. 2021 ᠣᠨ ᠤ 12  ᠰᠠᠷ᠎ᠠ ᠶᠢᠨ 25      ᠤ ᠡᠳᠦᠷ ᠠᠴᠠ ᠨᠠᠰᠢ ᠲᠢᠶᠠᠨᠵᠢᠨ ᠬᠤᠲᠠ ᠪᠣᠯᠤᠨ ᠾᠧᠨᠠᠨ ᠮᠤᠵᠢ ᠵᠢᠴᠢ ᠤᠯᠤᠰ ᠤᠨ ᠳᠣᠲᠣᠭᠠᠳᠤ ᠶᠢᠨ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠮᠠᠨ ᠤ ᠬᠤᠲᠠ ᠳᠠᠭᠠᠨ ᠪᠤᠴᠠᠵᠤ ᠢᠷᠡᠭᠡᠳ ᠬᠠᠷᠠᠬᠠᠨ ᠳᠠᠩᠰᠠᠯᠠᠭᠤᠯᠬᠤ ᠪᠠᠷ ᠮᠡᠳᠡᠭᠦᠯᠦᠭᠡᠳᠦᠶ ᠬᠥᠮᠦᠰ ᠪᠠᠶᠢᠭ᠎ᠠ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶᠂ ᠨᠢᠭᠡᠴᠡ ᠳᠡᠭᠡᠨ ᠠᠶᠠᠯᠠᠯ ᠤᠨ ᠵᠠᠮ ᠢᠶᠠᠨ ᠳᠠᠷᠦ᠋ᠢᠬᠠᠨ ᠮᠡᠳᠡᠭᠦᠯᠵᠦ ᠳᠠᠩᠰᠠᠯᠠᠭᠤᠯᠬᠤ ᠶᠢᠨ ᠬᠠᠮᠲᠤ᠂ ᠮᠠᠨ ᠤ ᠬᠤᠲᠠ ᠶᠢᠨ ᠵᠣᠬᠢᠴᠠᠩᠭᠤᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃ 2022 ᠣᠨ ᠤ 1 ᠰᠠᠷ᠎ᠠ ᠶᠢᠨ 11      ᠤ ᠡᠳᠦᠷ ᠠᠴᠠ ᠰᠡᠭᠦᠯᠡᠷ᠂ ᠮᠥᠨ ᠯᠡ ᠱᠠᠭᠠᠷᠳᠠᠯᠭ᠎ᠠ ᠶᠣᠰᠣᠭᠠᠷ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠤᠭᠰᠠᠨ ᠥᠬᠡᠶ ᠬᠥᠮᠦᠰ ᠢ ᠣᠯᠵᠤ ᠮᠡᠳᠡᠪᠡᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃      2. ᠨᠤᠲᠤᠭ ᠲᠠᠭᠠᠨ ᠪᠤᠴᠠᠬᠤ ᠪᠠᠷ ᠪᠠᠶᠢᠭ᠎ᠠ ᠬᠥᠮᠦᠰ ᠮᠠᠨ ᠤ ᠬᠤᠲᠠ ᠶᠢᠨ ᠬᠤᠯᠪᠣᠭᠳᠠᠯ ᠪᠦᠬᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠣᠶᠢᠯᠠᠭᠠᠵᠤ᠂ ᠠᠶᠠᠨ ᠵᠠᠮ ᠢᠶᠠᠨ ᠤᠷᠢᠳᠴᠢᠯᠠᠨ ᠲᠥᠯᠥᠪᠵᠢᠭᠦᠯᠬᠦ ᠶᠢᠨ ᠬᠠᠮᠲᠤ ᠨᠠᠭᠠᠳᠤ ᠵᠠᠬ᠎ᠠ ᠳᠠᠭᠠᠨ 3 ᠡᠳᠦᠷ ᠤᠨ ᠡᠮᠦᠨ᠎ᠡ ᠵᠣᠷᠢᠭᠰᠠᠨ ᠭᠠᠵᠠᠷ ᠤᠨ ᠪᠠᠶᠢᠭ᠎ᠠ ᠲᠣᠰᠬᠤᠨ ︵ᠨᠡᠶᠢᠭᠡᠮ ᠲᠣᠭᠤᠷᠢᠭ︶ ᠳᠤ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠬᠤ ︵ᠡᠷᠡᠭᠦᠯ ᠮᠡᠨᠳᠦ ᠶᠢᠨ ᠪᠠᠶᠢᠳᠠᠯ᠂ ᠠᠵᠢᠯ ᠮᠡᠷᠭᠡᠵᠢᠯ ᠤᠨ ᠮᠡᠳᠡᠭᠡ ᠵᠠᠩᠭᠢ᠂ ᠬᠠᠷᠢᠯᠴᠠᠬᠤ ᠣᠲᠠᠰᠣ᠂ ᠮᠣᠷᠳᠠᠬᠤ ᠭᠠᠵᠠᠷ᠂ ᠮᠣᠷᠳᠠᠬᠤ ᠴᠠᠭ᠂ ᠶᠠᠪᠤᠬᠤ ᠠᠷᠭ᠎ᠠ ᠮᠠᠶ᠋ᠢᠭ᠂ ᠥᠩᠭᠡᠷᠡᠬᠦ ᠵᠠᠮ ᠱᠤᠭᠤᠮ᠂ ᠵᠢᠱᠢᠭᠰᠡᠨ ᠬᠥᠷᠬᠦ ᠴᠠᠭ ᠵᠡᠷᠭᠡ ᠶᠢ ᠪᠠᠭᠲᠠᠭᠠᠨ᠎ᠠ᠂ ᠪᠣᠳᠠᠲᠠᠶ ᠪᠠᠷ ᠵᠣᠷᠢᠭᠰᠠᠨ ᠭᠠᠵᠠᠷ ᠤᠨ ᠱᠠᠭᠠᠷᠳᠠᠯᠭ᠎ᠠ ᠪᠠᠷ ᠪᠠᠷᠢᠮᠵᠢᠶ᠎ᠠ ᠪᠣᠯᠭᠠᠨ᠎ᠠ︶᠂ ᠥᠩᠭᠡᠷᠡᠬᠦ ᠶᠠᠪᠤᠴᠠ ᠳᠠᠬᠢ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ᠃ ᠪᠤᠴᠠᠵᠤ ᠢᠷᠡᠭᠰᠡᠨ ᠤ ᠳᠠᠷᠠᠭ᠎ᠠ᠂ ᠬᠠᠷᠢᠶ᠎ᠠ ᠭᠠᠵᠠᠷ ᠤᠨ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃ ᠬᠡᠷᠪᠡ ᠨᠢᠭᠤᠨ ᠳᠠᠯᠳᠠᠯᠠᠭᠰᠠᠨ ᠠᠴᠠ ᠪᠤᠯᠵᠤ ᠮᠡᠳᠡᠭᠦᠯᠦᠭᠰᠡᠨ ᠦᠭᠡᠢ ᠠᠴᠠ ᠪᠤᠯᠵᠤ ᠬᠢᠵᠢᠭ ᠤᠨ ᠪᠠᠶᠢᠳᠠᠯ ᠢ ᠲᠠᠷᠬᠠᠭᠠᠨ ᠳᠡᠯᠭᠡᠷᠡᠭᠦᠯᠦᠭᠰᠡᠨ ᠪᠤᠶᠤ ᠨᠡᠶᠢᠭᠡᠮ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃     3. ᠥᠷᠭᠡᠨ ᠣᠯᠠᠨ ᠬᠤᠲᠠ ᠶᠢᠨ ᠠᠷᠠᠳ ᠲᠦᠮᠡᠨ ᠠᠯᠪᠠᠨ ᠤ ᠲᠠᠯ᠎ᠠ ᠶᠢᠨ ᠵᠠᠭᠤᠴᠢᠯᠠᠭᠤᠷ ᠤᠨ ᠨᠡᠶᠢᠲᠡᠯᠡᠭᠰᠡᠨ ᠤᠯᠤᠰ ᠤᠨ ᠳᠣᠲᠣᠭᠠᠳᠤ ᠶᠢᠨ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠬᠢᠵᠢᠭ ᠤᠨ ᠪᠠᠶᠢᠳᠠᠯ ᠤᠨ ᠬᠥᠳᠡᠯᠦᠩᠭᠦᠶ ᠬᠤᠪᠢᠷᠠᠯᠲᠠ ᠶᠢ ᠨᠢᠭᠲᠠ ᠠᠩᠬᠠᠷᠴᠤ᠂ ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠵᠠᠷᠯᠠᠨ ᠮᠡᠳᠡᠭᠳᠡᠭᠰᠡᠨ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢᠨ ᠠᠵᠢᠯᠯᠠᠭ᠎ᠠ ᠶᠢᠨ ᠵᠠᠮ ᠮᠥᠷ ᠯᠦᠭᠡ ᠳᠠᠪᠬᠤᠴᠠᠭᠰᠠᠨ ᠬᠥᠮᠦᠰ ᠢ ᠡᠷᠬᠡᠪᠰᠢ ᠲᠡᠷᠡ ᠳᠠᠷᠤᠶ ᠳᠤᠨᠢ ᠰᠠᠨᠠᠭᠠᠴᠢᠯᠠᠭ᠎ᠠ ᠠᠴᠠ ᠪᠠᠨ ᠰᠠᠭᠤᠭ᠎ᠠ ᠭᠠᠵᠠᠷ ᠤᠨ ᠪᠠᠶᠢᠭ᠎ᠠ ᠲᠣᠰᠬᠤᠨ ︵ᠨᠡᠶᠢᠭᠡᠮ ᠲᠣᠭᠤᠷᠢᠭ︶ ᠳᠤ ᠮᠡᠳᠡᠭᠦᠯᠬᠦ ᠶᠢᠨ ᠬᠠᠮᠲᠤ᠂ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠢᠳᠡᠪᠬᠢᠲᠡᠶ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃ ᠬᠡᠷᠪᠡ ᠨᠢᠭᠤᠨ ᠳᠠᠯᠳᠠᠯᠠᠭᠰᠠᠨ ᠠᠴᠠ ᠪᠤᠯᠵᠤ ᠮᠡᠳᠡᠭᠦᠯᠦᠭᠰᠡᠨ ᠦᠭᠡᠢ ᠠᠴᠠ ᠪᠤᠯᠵᠤ ᠬᠢᠵᠢᠭ ᠤᠨ ᠪᠠᠶᠢᠳᠠᠯ ᠢ ᠲᠠᠷᠬᠠᠭᠠᠨ ᠳᠡᠯᠭᠡᠷᠡᠭᠦᠯᠦᠭᠰᠡᠨ ᠪᠤᠶᠤ ᠨᠡᠶᠢᠭᠡᠮ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃    ᠬᠤᠶᠠᠷ᠂ ᠭᠤᠤᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠬᠤ ᠶᠢ ᠴᠢᠩᠳᠠᠯᠠᠨ᠎ᠠ    4. ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠨᠡᠶᠢᠭᠡᠮ ᠲᠣᠭᠤᠷᠢᠭ ︵ᠲᠣᠰᠬᠤᠨ︶ ᠨᠢ 2021 ᠣᠨ ᠤ 12 ᠰᠠᠷ᠎ᠠ ᠶᠢᠨ 25      ᠤ ᠡᠳᠦᠷ ᠠᠴᠠ ᠨᠠᠰᠢᠬᠢ ᠲᠢᠶᠠᠨᠵᠢᠨ ᠬᠤᠲᠠ ᠪᠣᠯᠤᠨ ᠾᠧᠨᠠᠨ ᠮᠤᠵᠢ ᠵᠢᠴᠢ ᠤᠯᠤᠰ ᠤᠨ ᠳᠣᠲᠣᠭᠠᠳᠤ ᠶᠢᠨ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠵᠢᠭᠤᠯᠴᠢᠯᠠᠨ ᠰᠠᠭᠤᠭᠰᠠᠨ ᠲᠡᠤᠬᠡ ᠲᠠᠢ ᠬᠥᠮᠦᠰ ᠲᠤ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠵᠢᠯ ᠢ ᠳᠠᠷᠦ᠋ᠢᠬᠠᠨ ᠥᠷᠨᠢᠭᠦᠯᠬᠦ ᠶᠢᠨ ᠬᠠᠮᠲᠤ᠂ ᠡᠳᠦᠷ ᠪᠦᠷᠢ ᠶᠢᠨ 15᠄ 00 ᠠᠴᠠ ᠡᠮᠦᠨ᠎ᠡ ᠵᠢᠭᠰᠠᠭᠠᠨ ᠪᠠᠶᠢᠴᠠᠭᠠᠭᠰᠠᠨ ᠪᠠᠶᠢᠳᠠᠯ ᠢᠶᠠᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠲᠤᠭ᠎ᠠ ᠪᠠᠷᠢᠮᠲᠠ ᠶᠢᠨ ᠳᠤᠭᠤᠶᠢᠯᠠᠩ ᠳᠤ ᠮᠡᠳᠡᠭᠦᠯᠵᠦ᠂ ᠮᠡᠳᠡᠭᠦᠯᠬᠦ ᠥᠬᠡᠶ᠂ ᠤᠳᠠᠭᠠᠰᠢᠷᠠᠭᠤᠯᠤᠨ ᠮᠡᠳᠡᠭᠦᠯᠦᠭᠰᠡᠨ᠂ ᠣᠷᠬᠢᠭᠳᠠᠭᠤᠯᠤᠨ ᠮᠡᠳᠡᠭᠦᠯᠦᠭᠰᠡᠨ ᠪᠠᠶᠢᠪᠠᠯ ᠂ ᠬᠠᠮᠢᠶ᠎ᠠ ᠪᠥᠬᠦᠶ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃    5. ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠨᠦᠭᠦᠳ ᠪᠤᠴᠠᠵᠤ ᠢᠷᠡᠬᠦ ᠬᠥᠮᠦᠰ ᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠳᠤᠮᠳᠠ ᠲᠦᠭᠰᠢᠭᠦᠷᠢ ᠶᠡᠬᠡᠲᠡᠶ ᠭᠠᠵᠠᠷ ᠣᠷᠣᠨ ᠤ ᠪᠤᠴᠠᠵᠤ ᠢᠷᠡᠬᠦ ᠬᠥᠮᠦᠰ ᠤᠨ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠤᠨ ᠬᠡᠪ ᠤᠨ ᠪᠤᠰᠤ ᠬᠥᠮᠦᠰ ᠢ ᠴᠥᠮ ᠲᠠᠯᠪᠢᠵᠤ ᠶᠠᠪᠤᠭᠤᠯᠵᠤ ᠪᠣᠯᠬᠤ ᠥᠬᠡᠶ ᠪᠥᠭᠡᠳ ᠵᠣᠬᠢᠬᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠵᠣᠴᠢᠳ ᠤᠨ ᠪᠠᠭᠤᠳᠠᠯ᠂ ᠪᠠᠭᠤᠳᠠᠯ᠂ ᠠᠷᠠᠳ ᠤᠨ ᠪᠠᠭᠤᠳᠠᠯ ᠵᠡᠷᠭᠡ ᠬᠤᠨᠤᠭ ᠤᠨ ᠭᠠᠵᠠᠷ ᠤᠳ ᠣᠷᠣᠵᠤ ᠰᠠᠭᠤᠭᠰᠠᠳ ᠤᠨ ᠳᠡᠩᠰᠡᠯᠡᠨ ᠲᠡᠮᠳᠡᠭᠯᠡᠬᠦ ᠪᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠬᠠᠷᠢᠶᠠᠲᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠭᠠᠳᠠᠨ᠎ᠠ ᠠᠴᠠ ᠢᠷᠡᠭᠰᠡᠨ ᠬᠥᠮᠦᠰ ᠤᠨ ᠮᠡᠳᠡᠭᠡ ᠵᠠᠩᠭᠢ ᠪᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠮᠡᠳᠡᠭᠦᠯᠬᠦ ᠥᠬᠡᠶ᠂ ᠤᠳᠠᠭᠠᠰᠢᠷᠠᠭᠤᠯᠤᠨ ᠮᠡᠳᠡᠭᠦᠯᠦᠭᠰᠡᠨ᠂ ᠣᠷᠬᠢᠭᠳᠠᠭᠤᠯᠤᠨ ᠮᠡᠳᠡᠭᠦᠯᠦᠭᠰᠡᠨ ᠪᠠᠶᠢᠪᠠᠯ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠮᠢᠶ᠎ᠠ ᠪᠥᠬᠦᠶ ᠬᠠᠷᠢᠭᠤᠴᠠᠯᠭ᠎ᠠ ᠶᠢ ᠬᠠᠤᠯᠢ ᠶᠣᠰᠣᠭᠠᠷ ᠴᠢᠩᠭ᠎ᠠ ᠨᠡᠬᠡᠮᠵᠢᠯᠡᠨ᠎ᠡ᠃    ᠭᠤᠷᠪᠠ᠂ ᠰᠦᠪᠡᠭᠴᠢ ᠪᠠᠷ ᠱᠠᠩᠨᠠᠬᠤ ᠲᠣᠭᠲᠠᠴᠠ ᠶᠢ ᠬᠡᠷᠡᠭᠵᠢᠭᠦᠯᠦᠨ᠎ᠡ     6. 2022 ᠣᠨ ᠤ 1 ᠰᠠᠷ᠎ᠠ ᠶᠢᠨ 12      ᠤᠨ ᠡᠳᠦᠷ ᠠᠴᠠ ᠡᠬᠢᠯᠡᠨ᠂ ᠪᠥᠬᠦ ᠬᠤᠲᠠ ᠶᠢᠨ ᠬᠡᠪᠴᠢᠶᠡᠨ ᠳᠤ ᠬᠢᠵᠢᠭ ᠤᠨ ᠪᠠᠶᠢᠳᠠᠯ ᠤᠨ ᠰᠦᠪᠡᠭᠴᠢ ᠶᠢ ᠦᠨᠡᠨ ᠨᠡᠷ᠎ᠡ ᠪᠠᠷ ᠱᠠᠩᠨᠠᠯ ᠲᠠᠢ  ᠢᠯᠡᠴᠢᠯᠡᠨ ᠮᠡᠳᠡᠭᠦᠯᠬᠦ ᠶᠢ ᠬᠡᠷᠡᠭᠵᠢᠭᠦᠯᠵᠦ᠂ ᠮᠡᠳᠡᠭᠦᠯᠬᠦ ᠥᠬᠡᠶ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ᠂ ᠤᠯᠤᠰ ᠤᠨ ᠳᠣᠲᠣᠭᠠᠳᠤ ᠶᠢᠨ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠵᠢᠭᠤᠯᠴᠢᠯᠠᠨ ᠰᠠᠭᠤᠭᠰᠠᠨ ᠲᠡᠤᠬᠡ ᠶᠢ ᠮᠡᠳᠡᠭᠦᠯᠦᠭᠰᠡᠨ ᠥᠬᠡᠶ ᠬᠥᠮᠦᠰ ᠢ ᠢᠯᠡᠷᠡᠭᠦᠯᠪᠡ︔ ᠣᠨᠣᠰᠢᠯᠠᠭᠰᠠᠨ ᠡᠪᠡᠳᠴᠢᠨ ᠤ ᠵᠢᠱᠢᠶ᠎ᠡ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ᠂ ᠨᠢᠭᠲᠠ ᠵᠠᠯᠭᠠᠯᠳᠤᠭᠰᠠᠳ ᠲᠠᠢ ᠴᠠᠭ ᠬᠤᠭᠤᠴᠠᠭ᠎ᠠ ᠪᠠ ᠣᠷᠣᠨ ᠵᠠᠢ ᠶᠢᠨ ᠠᠭᠤᠯᠵᠠᠷ ᠲᠠᠢ ᠬᠥᠮᠦᠰ︔ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠨᠢᠭᠤᠴᠠ ᠪᠠᠷ ᠵᠠᠯᠭᠠᠭᠰᠠᠳ᠂ ᠳᠡᠳ᠋ ᠨᠢᠭᠤᠴᠠ ᠪᠠᠷ ᠵᠠᠯᠭᠠᠭᠰᠠᠳ ᠢ ᠪᠠᠶᠢᠴᠠᠭᠠᠨ ᠲᠤᠳᠤᠯᠠᠭᠰᠠᠨ ᠤ ᠲᠠᠷᠠᠭ᠎ᠠ ᠢᠯᠡᠴᠢᠯᠡᠨ ᠮᠡᠳᠡᠭᠦᠯᠦᠭᠴᠢ ᠳᠤ 500 ᠲᠥᠭᠦᠷᠢᠭ ᠤᠨ ᠱᠠᠩᠨᠠᠯ ᠣᠯᠭᠤᠵᠤ᠂ ᠠᠳᠠᠯᠢ ᠨᠢᠭᠡ ᠰᠦᠪᠡᠭᠴᠢ ᠶᠢ ᠤᠯᠠᠨ ᠬᠥᠮᠦᠨ ᠢᠯᠡᠴᠢᠯᠡᠨ ᠮᠡᠳᠡᠭᠦᠯᠦᠭᠰᠡᠨ ᠪᠠᠶᠢᠪᠠᠯ ᠵᠥᠪᠬᠡᠨ ᠠᠩᠬᠠᠳᠠᠭᠴᠢ ᠢᠯᠡᠴᠢᠯᠡᠨ ᠮᠡᠳᠡᠭᠦᠯᠦᠭᠴᠢ ᠶᠢ ᠱᠠᠩᠨᠠᠨ᠎ᠠ᠃ ᠵᠢᠯᠣᠭᠤᠳᠬᠤ ᠭᠠᠵᠠᠷ ᠠᠴᠠ ᠨᠢᠭᠤᠴᠠ ᠶᠢ ᠬᠠᠮᠠᠭᠠᠯᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠢᠯᠡᠴᠢᠯᠡᠨ ᠮᠡᠳᠡᠭᠦᠯᠦᠭᠴᠢ ᠶᠢᠨ ᠪᠡᠶ᠎ᠡ ᠬᠡᠮ᠂ ᠢᠯᠡᠴᠢᠯᠡᠨ ᠮᠡᠳᠡᠭᠦᠯᠦᠭᠰᠡᠨ ᠠᠭᠤᠯᠭ᠎ᠠ ᠪᠠ ᠱᠠᠩᠨᠠᠯ ᠬᠥᠬᠢᠭᠦᠯᠦᠯ ᠵᠡᠷᠭᠡ ᠲᠠᠯ᠎ᠠ ᠶᠢᠨ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠨ᠎ᠠ᠃ ᠮᠠᠭᠤ ᠰᠠᠨᠠᠭ᠎ᠠ ᠲᠠᠢ ᠪᠠᠷ ᠢᠯᠡᠴᠢᠯᠡᠨ ᠮᠡᠳᠡᠭᠦᠯᠦᠭᠰᠡᠨ᠂ ᠪᠤᠰᠤᠳ ᠢ ᠭᠦᠳᠬᠡᠭᠰᠡᠨ ᠦᠢᠯᠡ ᠠᠵᠢᠯᠯᠠᠭ᠎ᠠ ᠠᠴᠠ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠢᠯᠡᠴᠢᠯᠡᠨ ᠮᠡᠳᠡᠭᠦᠯᠬᠦ ᠤᠲᠠᠰᠤ᠄ 0470 — 3213734᠃      ᠥᠷᠭᠡᠨ ᠣᠯᠠᠨ ᠬᠤᠲᠠ ᠶᠢᠨ ᠠᠷᠠᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠢᠳᠡᠪᠬᠢᠲᠡᠶ ᠬᠠᠮᠵᠢᠯᠴᠠᠨ ᠥᠷᠨᠢᠭᠦᠯᠵᠦ᠂ ᠡᠪᠡᠳᠴᠢᠨ ᠤ ᠪᠠᠶᠢᠳᠠᠯ ᠢᠶᠠᠨ ᠨᠢᠭᠤᠨ ᠳᠠᠯᠳᠠᠯᠠᠭᠰᠠᠨ᠂ ᠠᠶᠠᠯᠠᠯ ᠤᠨ ᠮᠡᠳᠡᠭᠡ ᠵᠠᠩᠭᠢ ᠪᠠᠨ ᠮᠡᠳᠡᠭᠦᠯᠬᠦ ᠥᠬᠡᠶ ᠨᠢᠭᠤᠭᠰᠠᠨ ︵ᠢᠯᠠᠩᠭᠤᠶ᠎ᠠ ᠭᠤᠤᠯᠳᠠᠯᠭ᠎ᠠ ᠲᠠᠢ ᠭᠠᠵᠠᠷ ᠣᠷᠣᠨ ᠤ ᠵᠢᠭᠤᠯᠴᠢᠯᠠᠵᠤ ᠰᠠᠭᠤᠭᠰᠠᠨ ᠲᠡᠤᠬᠡ︶᠂ ᠣᠨᠣᠰᠢᠯᠠᠭᠰᠠᠨ ᠡᠪᠡᠳᠴᠢᠨ ᠤ ᠵᠢᠱᠢᠶ᠎ᠡ ᠪᠤᠶᠤ ᠰᠡᠵᠢᠭᠯᠡᠯᠲᠡᠶ ᠡᠪᠡᠳᠴᠢᠨ ᠤ ᠵᠢᠱᠢᠶ᠎ᠡ ᠲᠠᠢ ᠨᠢᠭᠲᠠ ᠣᠶᠢᠷᠠᠲᠤᠭᠰᠠᠨ ᠲᠡᠤᠬᠡ ᠪᠠᠨ ᠨᠢᠭᠤᠨ ᠳᠠᠯᠳᠠᠯᠠᠭᠰᠠᠨ᠂ ᠳᠤᠮᠳᠠ ᠨᠢ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠪᠤᠴᠠᠵᠤ ᠢᠷᠡᠭᠰᠡᠨ ᠪᠤᠶᠤ ᠲᠦᠭᠰᠢᠭᠦᠷᠢ ᠶᠡᠬᠡᠲᠡᠶ ᠬᠥᠮᠦᠰ ᠲᠠᠢ ᠣᠶᠢᠷᠠᠲᠤᠭᠰᠠᠨ ᠪᠠᠶᠢᠲᠠᠯ᠎ᠠ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠥᠬᠡᠶ᠂ ᠵᠢᠭᠤᠯᠴᠢᠯᠠᠵᠤ ᠶᠠᠪᠤᠭᠰᠠᠨ᠂ ᠣᠷᠣᠰᠢᠨ ᠰᠠᠭᠤᠭᠰᠠᠨ᠂ ᠣᠶᠢᠷᠠᠲᠤᠭᠰᠠᠨ ᠵᠡᠷᠭᠡ ᠴᠢᠬᠤᠯᠠ ᠮᠡᠳᠡᠭᠡ ᠵᠠᠩᠭᠢ ᠪᠠᠨ ᠨᠢᠭᠤᠨ ᠳᠠᠯᠳᠠᠯᠠᠭᠰᠠᠨ ᠪᠠᠶᠢᠪᠠᠯ᠂ ᠦᠢᠯᠡ ᠪᠠᠶᠢᠳᠠᠯ ᠢ ᠨᠢ ᠦᠨᠳᠦᠰᠦᠯᠡᠨ ᠬᠠᠤᠯᠢ ᠶᠣᠰᠣᠭᠠᠷ ᠵᠣᠭᠤᠰ ᠢᠶᠠᠷ ᠲᠣᠷᠭᠠᠬᠤ᠂ ᠲᠦᠷ ᠬᠤᠷᠢᠬᠤ ᠵᠡᠷᠭᠡ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠪᠠᠷ ᠰᠢᠢᠳᠭᠡᠵᠦ ᠪᠣᠯᠤᠨ᠎ᠠ᠃ ᠥᠪᠡᠷ ᠢᠶᠠᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠳᠤ ᠨᠡᠷᠪᠡᠭᠳᠡᠭᠰᠡᠨ ᠢ ᠲᠣᠳᠣᠷᠬᠠᠶ ᠮᠡᠳᠡᠵᠦ ᠪᠠᠶᠢᠭᠠᠳ ᠵᠣᠷᠢᠭᠤᠳᠠ ᠲᠠᠷᠬᠠᠭᠠᠭᠠᠳ ᠪᠤᠰᠤᠳ ᠬᠥᠮᠦᠨ ᠢ ᠬᠠᠯᠳᠠᠪᠤᠷᠢᠯᠠᠭᠤᠯᠤᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ ︾ ᠶᠢᠨ ᠵᠠᠭᠤ ᠠᠷᠪᠠᠨ ᠳᠥᠷᠪᠡᠳᠦᠭᠡᠷ ᠵᠦᠢᠯ᠂ ᠵᠠᠭᠤ ᠠᠷᠪᠠᠨ ᠲᠠᠪᠤᠳᠤᠭᠠᠷ ᠵᠦᠢᠯ ᠤᠨ ᠨᠢᠭᠡᠳᠦᠭᠡᠷ  ᠵᠣᠷᠪᠣᠰ ᠤᠨ ᠲᠣᠭᠲᠠᠭᠠᠯ ᠢ ᠦᠨᠳᠦᠰᠦᠯᠡᠨ᠂ ᠠᠶᠤᠯᠲᠠᠶ ᠠᠷᠭ᠎ᠠ ᠪᠠᠷ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯ᠎ᠠ ᠪᠠᠷ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠵᠦ ᠪᠣᠯᠤᠨ᠎ᠠ᠃   ᠳᠠᠭᠠᠯᠳᠤᠭᠤᠯᠤᠯ 1᠄ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠂ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ᠂ ᠡᠷᠡᠭᠦᠯ ᠬᠠᠮᠠᠭᠠᠯᠠᠯ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠵᠢᠴᠢ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠵᠢᠯᠣᠭᠤᠳᠬᠤ ᠭᠠᠵᠠᠷ ᠤᠨ ᠤᠲᠠᠰᠤ  https://www.zhalantun.gov.cn/news/215/93489.html      ᠵᠠᠯᠠᠨ ᠠᠶᠢᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ  ᠤᠨ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ                           2022 ᠣᠨ ᠤ 1 ᠰᠠᠷ᠎ᠠ ᠶᠢᠨ 11      ᠤ  ᠡᠳᠦᠷ
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号