2022 ᠣᠨ ᠤ 1 ᠰᠠᠷ᠎ᠠ ᠶᠢᠨ 15 ᠤ ᠡᠳᠦᠷ ᠤᠨ 16 ᠴᠠᠭ ᠲᠤ᠂ ᠪᠡᠭᠡᠵᠢᠩ ᠬᠤᠲᠠ ᠶᠢᠨ ᠬᠠᠶ | ᠳ᠋ᠢᠶᠠᠨ ᠲᠣᠭᠤᠷᠢᠭ ᠲᠤ ᠨᠢᠭᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠠᠷᠭ᠎ᠠ ᠴᠢᠨᠠᠷᠲᠠᠶ ᠡᠪᠡᠳᠴᠢᠨ ᠤ | ᠵᠢᠱᠢᠶ᠎ᠡ ᠶᠢ ᠣᠨᠣᠰᠢᠯᠠᠵᠠᠶ᠃ ᠣᠳᠣᠬᠠᠨ ᠳᠤ ᠤᠯᠤᠰ ᠤᠨ ᠳᠣᠲᠣᠭᠠᠳᠤ ᠳᠤ ᠨᠢᠭᠡᠨᠲᠡ 14 ᠮᠤᠵᠢ ᠣᠷᠣᠨ ᠤ ᠬᠢᠨ | ᠤᠮᠢᠺᠷᠦᠩ ᠤᠨ ᠭᠠᠳᠠᠭᠠᠳᠤ ᠠᠴᠠ ᠣᠷᠣᠭᠤᠯᠤᠭᠰᠠᠨ ᠡᠪᠡᠳᠴᠢᠨ ᠤ ᠵᠢᠱᠢᠶ᠎ᠡ ᠶᠢ ᠮᠡᠳᠡᠭᠦᠯᠵᠦ᠂ ᠴᠠᠭᠠᠨ ᠰᠠᠷ᠎ᠠ ᠪᠣᠯᠬᠤ | ᠭᠡᠵᠦ ᠪᠠᠶᠢᠭ᠎ᠠ ᠦᠶ᠎ᠡ ᠳᠤ᠂ ᠬᠥᠮᠦᠰ ᠤᠨ ᠰᠢᠯᠵᠢᠯᠲᠡ ᠤᠯᠠᠮ ᠣᠯᠠᠰᠢᠷᠠᠵᠤ᠂ ᠬᠢᠵᠢᠭ ᠤᠨ ᠬᠠᠯᠳᠠᠪᠤᠷᠢᠯᠠᠨ ᠲᠠᠷᠬᠠᠬᠤ | ᠲᠦᠭᠰᠢᠭᠦᠷᠢ ᠦᠷᠭᠦᠯᠵᠢᠯᠡᠨ ᠨᠡᠮᠡᠭᠳᠡᠵᠦ ᠪᠠᠶᠢᠨ᠎ᠠ᠂ ᠬᠢᠵᠢᠭ ᠤᠨ ᠣᠷᠣᠵᠤ ᠢᠷᠡᠬᠦ ᠲᠦᠭᠰᠢᠭᠦᠷᠢ ᠶᠢ ᠣᠨᠣᠪᠴᠢᠲᠠᠶ | ᠪᠥᠭᠡᠳ ᠪᠦᠲᠦᠮᠵᠢᠲᠡᠶ ᠬᠢᠵᠠᠭᠠᠷᠯᠠᠬᠤ ᠶᠢᠨ ᠲᠥᠯᠥᠭᠡ᠂ ᠵᠠᠯᠠᠨ ᠠᠶᠢᠯ ᠬᠤᠲᠠ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ 187 ᠳ᠋ᠤᠭᠠᠷ ᠲᠣᠭᠠᠲᠤ᠂ 188 ᠳ᠋ᠤᠭᠠᠷ | ᠲᠣᠭᠠᠲᠤ᠂ 189 ᠳ᠋ᠦ᠋ᠭᠡᠷ ᠲᠣᠭᠠᠲᠤ ᠵᠠᠷᠯᠠᠯ ᠤᠨ ᠰᠠᠭᠤᠷᠢᠨ ᠳᠡᠭᠡᠷ᠎ᠡ᠂ ᠡᠳᠦᠭᠡ ᠮᠠᠨ ᠤ ᠬᠤᠲᠠ ᠶᠢᠨ ᠬᠥᠮᠦᠰ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠤᠯᠪᠣᠭᠳᠠᠯ ᠪᠥᠬᠦᠶ ᠤᠴᠢᠷ ᠶᠠᠪᠤᠳᠠᠯ ᠢ ᠳᠣᠤᠷᠠᠬᠢ | ᠮᠡᠲᠦ ᠵᠠᠷᠯᠠᠶ᠎ᠠ᠄ | | 1. ᠲᠣᠰ ᠡᠳᠦᠷ ᠠᠴᠠ ᠡᠬᠢᠯᠡᠨ ᠬᠥᠯᠥᠨ ᠪᠤᠶᠢᠷ ᠬᠤᠲᠠ ᠠᠴᠠ ᠭᠠᠳᠠᠨᠠᠬᠢ ᠠᠶᠤᠯ ᠲᠦᠭᠰᠢᠭᠦᠷᠢ ᠪᠠᠭᠠᠲᠠᠶ | ᠭᠠᠵᠠᠷ ᠣᠷᠣᠨ ᠪᠠ ᠮᠠᠨᠵᠤᠤᠷ ᠬᠤᠲᠠ᠂ ᠡᠷᠭᠦᠨ᠎ᠡ ᠬᠤᠲᠠ᠂ ᠰᠢᠨ᠎ᠡ ᠵᠡᠭᠦᠨ ᠬᠤᠰᠢᠭᠤ᠂ ᠰᠢᠨ᠎ᠡ ᠪᠠᠷᠠᠭᠤᠨ | ᠬᠤᠰᠢᠭᠤ ᠵᠡᠷᠭᠡ ᠬᠢᠯᠢ ᠶᠢᠨ ᠪᠣᠭᠤᠮᠲᠠ ᠶᠢᠨ ᠬᠤᠰᠢᠭᠤ ᠬᠤᠲᠠ ᠠᠴᠠ ᠮᠠᠨ ᠤ ᠬᠤᠲᠠ ᠳᠤ ᠪᠤᠴᠠᠵᠤ ᠢᠷᠡᠭᠰᠡᠨ ᠪᠣᠶ | ᠪᠥᠬᠦᠶ ᠬᠥᠮᠦᠰ ᠴᠥᠮ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ | ᠴᠢᠨᠠᠷ ᠤᠨ ᠭᠡᠷᠡᠴᠢ ᠲᠠᠢ ᠪᠠᠶᠢᠬᠤ ᠬᠡᠷᠡᠭᠲᠡᠶ᠃ ᠬᠠᠩᠭᠠᠵᠤ ᠳᠡᠶᠢᠯᠬᠦ ᠥᠬᠡᠶ ᠶᠢ ᠨᠢ ᠲᠡᠷᠡ ᠳᠠᠷᠤᠶ ᠳᠤᠨᠢ | ᠲᠥᠪᠯᠡᠷᠡᠭᠦᠯᠦᠨ ᠲᠤᠰᠠᠭᠠᠷᠯᠠᠬᠤ ᠶᠢᠨ ᠬᠠᠮᠲᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ 24 ᠴᠠᠭ ᠤᠨ | ᠳᠣᠲᠣᠷ᠎ᠠ ᠪᠠᠶᠢᠴᠠᠭᠠᠨ ᠬᠡᠮᠵᠢᠭᠰᠡᠨ ᠦᠷ᠎ᠡ ᠳ᠋ᠦᠩ ᠢ ᠭᠠᠷᠭᠠᠵᠤ ᠥᠭᠭᠦᠨ᠎ᠡ᠂ ᠦᠷ᠎ᠡ ᠳ᠋ᠦᠩ ᠨᠢ ᠪᠢᠯᠢᠭ ᠴᠢᠨᠠᠷᠲᠠᠶ | ᠪᠠᠶᠢᠪᠠᠯ᠂ ᠬᠤᠪᠢ ᠬᠥᠮᠦᠨ ᠤ ᠬᠠᠮᠠᠭᠠᠯᠠᠯᠲᠠ ᠪᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠭᠰᠡᠨ | ᠤᠷᠢᠲᠠᠯ ᠳᠣᠤᠷ᠎ᠠ ᠡᠮᠬᠢ ᠵᠢᠷᠤᠮ ᠲᠠᠢ ᠪᠠᠷ ᠰᠢᠯᠵᠢᠭᠦᠯᠦᠨ᠎ᠡ᠃ | | 2. ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠨᠤᠭᠤᠳ ᠬᠠᠷᠢᠶ᠎ᠠ ᠣᠷᠣᠨ ᠤ ᠪᠠᠨ ᠪᠤᠴᠠᠵᠤ ᠢᠷᠡᠭᠰᠡᠨ | ᠬᠥᠮᠦᠰ ᠲᠤ ᠪᠥᠬᠦ ᠲᠠᠯ᠎ᠠ ᠶᠢᠨ ᠵᠢᠭᠰᠠᠭᠠᠨ ᠪᠠᠶᠢᠴᠠᠭᠠᠯᠲᠠ ᠥᠷᠨᠢᠭᠦᠯᠵᠦ᠂ ᠨᠢᠭᠡ ᠬᠥᠮᠦᠨ ᠢ ᠴᠦ ᠣᠷᠬᠢᠭᠳᠠᠭᠤᠯᠬᠤ | ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠥᠯᠥᠨ ᠪᠤᠶᠢᠷ ᠬᠤᠲᠠ ᠶᠢᠨ ᠭᠠᠳᠠᠨ᠎ᠠ ᠵᠤᠭᠠᠴᠠᠨ ᠰᠠᠭᠤᠭᠰᠠᠨ | ᠲᠡᠦᠬᠡ ᠲᠠᠢ᠂ ᠠᠯᠪᠠᠨ ᠤ ᠲᠠᠯ᠎ᠠ ᠶᠢᠨ ᠨᠡᠶᠢᠲᠡᠯᠡᠭᠰᠡᠨ ᠡᠪᠡᠳᠴᠢᠨ ᠤ ᠵᠢᠱᠢᠶ᠎ᠡ ︵ᠡᠪᠡᠳᠴᠢᠨ ᠤ ᠪᠠᠶᠢᠳᠠᠯ ᠥᠬᠡᠶ ᠪᠠᠷ | ᠬᠠᠯᠳᠠᠪᠤᠷᠢᠯᠠᠭᠰᠠᠳ︶ ᠶᠢᠨ ᠠᠵᠢᠯᠯᠠᠭ᠎ᠠ ᠶᠢᠨ ᠵᠠᠮ ᠮᠥᠷ ᠲᠠᠢ ᠠᠭᠤᠯᠵᠠᠨ ᠴᠤᠭᠯᠠᠷᠠᠭᠰᠠᠨ ᠬᠥᠮᠦᠰ ᠵᠢᠴᠢ ᠡᠷᠡᠭᠦᠯ | ᠮᠡᠨᠳᠦ ᠶᠢᠨ ᠺᠣᠳ᠋ ᠨᠢ ᠤᠯᠠᠭᠠᠨ ᠺᠣᠳ᠋ ᠪᠤᠶᠤ ᠰᠢᠷ᠎ᠠ ᠺᠣᠳ᠋ ᠪᠣᠯᠬᠤ ᠬᠥᠮᠦᠰ᠂ ᠲᠡᠷᠡ ᠳᠠᠷᠤᠶ ᠳᠤᠨᠢ ᠰᠠᠭᠤᠭ᠎ᠠ | ᠭᠠᠵᠠᠷ ᠤᠨ ᠢᠶᠠᠨ ᠪᠠᠶᠢᠭ᠎ᠠ ᠲᠣᠰᠬᠤᠨ ︵ᠨᠡᠶᠢᠭᠡᠮ ᠲᠣᠭᠤᠷᠢᠭ︶᠂ ᠪᠠᠭᠤᠳᠠᠯ ᠳᠤ ᠰᠠᠭᠤᠬᠤ ᠪᠠᠭᠤᠳᠠᠯ ᠳᠤ | ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠰᠠᠯᠠᠭ᠎ᠠ ᠮᠥᠴᠢᠷ ᠲᠠᠢ ᠬᠠᠮᠵᠢᠯᠴᠠᠨ ᠴᠤᠪᠤᠷᠠᠭᠤᠯᠤᠨ ᠰᠢᠯᠵᠢᠭᠦᠯᠵᠦ ᠵᠢᠭᠰᠠᠭᠠᠨ ᠪᠠᠶᠢᠴᠠᠭᠠᠬᠤ᠂ ᠲᠤᠰᠠᠭᠠᠷᠯᠠᠨ | ᠬᠠᠮᠢᠶᠠᠷᠴᠤ ᠡᠵᠡᠮᠳᠡᠬᠦ᠂ ᠡᠷᠡᠭᠦᠯ ᠮᠡᠨᠳᠦ ᠶᠢ ᠬᠢᠨᠠᠨ ᠬᠡᠮᠵᠢᠬᠦ ᠵᠡᠷᠭᠡ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠬᠡᠷᠡᠭᠲᠡᠶ᠃ ᠬᠡᠷᠪᠡ ᠮᠡᠳᠡᠭᠦᠯᠬᠦ ᠥᠬᠡᠶ ᠨᠢᠭᠤᠬᠤ᠂ ᠤᠳᠠᠭᠠᠰᠢᠷᠠᠭᠤᠯᠤᠨ ᠮᠡᠳᠡᠭᠦᠯᠬᠦ᠂ | ᠣᠷᠬᠢᠭᠳᠠᠭᠤᠯᠤᠨ ᠮᠡᠳᠡᠭᠦᠯᠬᠦ᠂ ᠬᠤᠳᠠᠯ ᠢᠶᠠᠷ ᠮᠡᠳᠡᠭᠦᠯᠬᠦ ᠦᠢᠯᠡ ᠠᠵᠢᠯᠯᠠᠭ᠎ᠠ ᠲᠠᠢ ᠪᠠᠶᠢᠪᠠᠯ᠂ ᠲᠤᠬᠠᠶ ᠶᠢᠨ | ᠬᠥᠮᠦᠨ ᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠂ ᠡᠭᠦᠨ ᠠᠴᠠ ᠪᠣᠯᠵᠣ ᠬᠢᠵᠢᠭ ᠤᠨ ᠪᠠᠶᠢᠳᠠᠯ ᠢ ᠲᠠᠷᠬᠠᠭᠠᠨ | ᠳᠡᠯᠭᠡᠷᠡᠭᠦᠯᠦᠭᠰᠡᠨ ᠪᠠᠶᠢᠪᠠᠯ᠂ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | 3. ᠥᠷᠭᠡᠨ ᠣᠯᠠᠨ ᠰᠠᠭᠤᠭᠠᠯᠢ ᠠᠷᠠᠳ ᠤᠨ ᠲᠤᠬᠠᠶ ᠶᠢᠨ ᠭᠠᠵᠠᠷ ᠲᠠᠭᠠᠨ ᠰᠢᠨᠡᠯᠡᠬᠦ ᠶᠢ ᠰᠠᠨᠠᠭᠠᠴᠢᠯᠠᠵᠤ᠂ | ᠢᠯᠠᠩᠭᠤᠶ᠎ᠠ ᠴᠠᠭᠠᠨ ᠰᠠᠷ᠎ᠠ ᠶᠢᠨ ᠬᠤᠭᠤᠴᠠᠭᠠᠨ ᠳᠤ ᠬᠢᠵᠢᠭ ᠡᠪᠡᠳᠴᠢᠨ ᠳᠤ ᠬᠤᠯᠪᠣᠭᠳᠠᠬᠤ ᠭᠠᠵᠠᠷ ᠣᠷᠣᠨ ᠳᠤ | ᠣᠴᠢᠬᠤ ᠴᠢᠬᠤᠯᠠ ᠥᠬᠡᠶ᠂ ᠴᠢᠬᠤᠯᠠ ᠥᠬᠡᠶ ᠪᠣᠯ ᠴᠤᠭᠯᠠᠷᠠᠬᠤ ᠥᠬᠡᠶ᠂ ᠴᠢᠬᠤᠯᠠ ᠥᠬᠡᠶ ᠪᠣᠯ ᠰᠢᠯᠵᠢᠬᠦ ᠥᠬᠡᠶ | ᠪᠠᠶᠢᠬᠤ ᠶᠢ ᠪᠠᠷᠢᠮᠲᠠᠯᠠᠵᠤ᠂ ᠬᠠᠷᠢᠶ᠎ᠠ ᠭᠠᠵᠠᠷ ᠲᠠᠢ ᠪᠠᠨ ᠬᠠᠮᠵᠢᠯᠴᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠰᠠᠶᠢᠲᠤᠷ ᠨᠠᠶᠢᠳᠠᠪᠤᠷᠢᠵᠢᠭᠤᠯᠵᠤ᠂ ᠦᠨᠡᠬᠡᠷ ᠭᠠᠳᠠᠭᠰᠢ ᠭᠠᠷᠬᠤ ᠴᠢᠬᠤᠯᠠ ᠲᠠᠢ ᠪᠣᠯ ᠬᠤᠪᠢ ᠬᠥᠮᠦᠨ ᠤ | ᠬᠠᠮᠠᠭᠠᠯᠠᠯᠲᠠ ᠶᠢ ᠰᠠᠶᠢᠲᠤᠷ ᠬᠢᠬᠦ ᠶᠢᠨ ᠬᠠᠮᠲᠤ ᠪᠠᠶᠢᠭ᠎ᠠ ᠲᠣᠰᠬᠤᠨ ︵ᠨᠡᠶᠢᠭᠡᠮ ᠲᠣᠭᠤᠷᠢᠭ︶ ᠪᠣᠯᠤᠨ | ᠨᠢᠭᠡᠴᠡ ᠳᠡᠭᠡᠨ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠰᠢᠨᠵᠢᠯᠡᠬᠦ ᠤᠬᠠᠭᠠᠨᠴᠢ ᠪᠠᠷ ᠠᠮᠠᠪᠴᠢ | ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠬᠦ᠂ ︽ᠨᠢᠭᠡ ᠮᠧᠲᠷ ᠤᠨ ᠱᠤᠭᠤᠮ︾ | ᠵᠡᠷᠭᠡ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠠᠷᠢᠮᠲᠠᠯᠠᠬᠤ ᠬᠡᠷᠡᠭᠲᠡᠢ︔ ᠥᠪᠡᠷ ᠤᠨ ᠪᠡᠶ᠎ᠡ ᠶᠢᠨ | ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠬᠠᠯᠠᠭᠤᠷᠠᠬᠤ᠂ ᠬᠠᠭᠤᠷᠠᠶ ᠪᠠᠷ ᠬᠠᠨᠢᠶᠠᠬᠤ᠂ | ᠲᠠᠮᠢᠷᠳᠠᠬᠤ᠂ ᠬᠤᠭᠤᠯᠠᠶ ᠡᠪᠡᠳᠬᠦ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪ ᠦᠭᠡᠢ ᠪᠠᠶᠢᠳᠠᠯ | ᠢᠯᠡᠷᠡᠪᠡᠯ᠂ ᠬᠤᠪᠢ ᠬᠥᠮᠦᠨ ᠤ ᠰᠡᠷᠭᠡᠶᠢᠯᠡᠯᠲᠡ ᠶᠢ ᠰᠠᠶᠢᠲᠤᠷ ᠬᠢᠵᠦ᠂ ᠣᠶᠢᠷ᠎ᠠ ᠬᠠᠪᠢ ᠶᠢᠨ ᠬᠠᠯᠠᠭᠤᠷᠠᠯ ᠤᠨ | ᠡᠭᠦᠳᠡᠨ ᠡᠮᠨᠡᠯᠭᠡ ᠳᠤ ᠳᠠᠷᠦ᠋ᠢᠬᠠᠨ ᠬᠦᠷᠴᠦ ᠡᠮᠨᠡᠭᠦᠯᠬᠦ ᠶᠢᠨ ᠬᠠᠮᠲᠤ ᠵᠤᠭᠠᠴᠠᠨ ᠰᠠᠭᠤᠭᠰᠠᠨ ᠲᠡᠦᠬᠡ ᠪᠠ | ᠣᠶᠢᠷᠠᠲᠤᠭᠰᠠᠨ ᠲᠡᠦᠬᠡ ᠪᠠᠨ ᠦᠨᠡᠨ ᠮᠥᠨ ᠢᠶᠠᠷ ᠨᠢ ᠮᠡᠳᠡᠭᠳᠡᠵᠦ᠂ ᠡᠪᠡᠳᠴᠢᠨ ᠦᠵᠡᠭᠦᠯᠬᠦ ᠵᠠᠮ ᠳᠠᠭᠠᠨ ᠣᠯᠠᠨ | ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃ | | 4. ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠸᠠᠺᠼᠢᠨ ᠢ ᠳᠠᠷᠢᠬᠤ ᠪᠣᠯ ᠣᠳᠣᠬᠠᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠬᠢᠮᠳᠠ ᠪᠥᠭᠡᠳ ᠪᠦᠲᠦᠮᠵᠢᠲᠡᠶ ᠠᠷᠭ᠎ᠠ ᠪᠠᠷᠢᠯ ᠮᠥᠨ᠂ ᠡᠨᠡ ᠨᠢ | ᠬᠠᠯᠳᠠᠪᠤᠷᠢᠯᠠᠬᠤ ᠨᠣᠷᠮ᠎ᠠ᠂ ᠬᠦᠨᠳᠦ ᠡᠪᠡᠳᠴᠢᠨ ᠤ ᠨᠣᠷᠮ᠎ᠠ ᠪᠠ ᠥᠭᠦᠬᠦ ᠨᠣᠷᠮ᠎ᠠ ᠶᠢ ᠢᠯᠡᠳᠲᠡ ᠪᠠᠭᠤᠷᠠᠭᠤᠯᠵᠤ | ᠴᠢᠳᠠᠨ᠎ᠠ᠃ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠰᠠᠭᠤᠭᠠᠯᠢ ᠠᠷᠠᠳ ᠲᠤ ᠰᠢᠨ᠎ᠡ ᠲᠢᠲᠢᠮᠯᠢᠭ ᠠᠭᠤᠰᠭᠢᠨ | ᠦᠷᠪᠢᠰᠦᠯ ᠤᠨ ᠸᠠᠺᠼᠢᠨ ᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠳᠠᠷᠢᠭᠠᠷᠠᠶ᠃ ᠢᠳᠡᠪᠬᠢ | ᠥᠬᠡᠶᠢᠳᠡᠭᠦᠯᠬᠦ ᠸᠠᠺᠼᠢᠨ ᠢ ᠪᠥᠬᠦ ᠶᠠᠪᠤᠴᠠ ᠳᠤ ᠳᠠᠷᠢᠭᠠᠳ ᠪᠦᠬᠦᠯᠢ 6 ᠰᠠᠷ᠎ᠠ ᠪᠣᠯᠤᠭᠰᠠᠨ ᠪᠦᠬᠦᠯᠢ 18 ᠨᠠᠰᠤ | ᠵᠢᠴᠢ ᠲᠡᠭᠦᠨ ᠠᠴᠠ ᠳᠡᠭᠡᠭᠰᠢᠬᠢ ᠬᠥᠮᠦᠰ ᠲᠤ ᠳᠠᠷᠦ᠋ᠢᠬᠠᠨ ᠣᠶᠢᠷ᠎ᠠ ᠬᠠᠪᠢ ᠶᠢᠨ ᠲᠠᠷᠢᠯᠭ᠎ᠠ ᠶᠢᠨ ᠴᠡᠭ ᠲᠤ ᠬᠦᠷᠴᠦ | ᠬᠦᠴᠦᠲᠡᠶ ᠲᠠᠷᠢᠯᠭ᠎ᠠ ᠶᠢ ᠳᠠᠷᠢᠵᠤ᠂ ᠡᠭᠡᠯᠢᠯᠡᠭᠡ ᠶᠢᠨ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠦᠭᠡᠷᠡᠶ᠃ ᠮᠠᠨ ᠤ | ᠬᠤᠲᠠ ᠶᠢᠨ 3 — 11 ᠨᠠᠰᠤᠨ ᠤ ᠬᠥᠮᠦᠰ ᠤᠨ ᠸᠠᠺᠼᠢᠨ ᠤ ᠲᠠᠷᠢᠯᠭ᠎ᠠ ᠶᠢᠨ ᠠᠵᠢᠯ ᠶᠠᠭ ᠡᠮᠬᠢ ᠵᠢᠷᠤᠮ ᠲᠠᠢ | ᠶᠠᠪᠤᠭᠳᠠᠵᠤ ᠪᠠᠶᠢᠨ᠎ᠠ᠂ ᠲᠠᠷᠢᠯᠭ᠎ᠠ ᠶᠢᠨ ᠨᠥᠬᠦᠴᠡᠯ ᠳᠤ ᠨᠡᠶᠢᠴᠡᠭᠰᠡᠨ ᠬᠡᠤᠬᠡᠳ ᠲᠤ ᠬᠡᠷ ᠤᠨ ᠠᠬᠠᠮᠠᠳ ᠤᠨ | ᠰᠤᠪᠢᠯᠠᠯᠲᠠ ᠳᠣᠤᠷ᠎ᠠ ᠠᠯᠢ ᠲᠦᠷᠭᠡᠨ ᠢᠶᠠᠷ ᠲᠠᠷᠢᠯᠭ᠎ᠠ ᠶᠢ ᠪᠡᠶᠡᠯᠡᠭᠦᠯᠵᠦ᠂ ᠬᠡᠤᠬᠡᠳ ᠤᠨ ᠡᠭᠡᠯᠢᠯᠡᠭᠡ ᠶᠢᠨ ᠡᠰᠡᠷᠭᠦᠴᠡᠬᠦ | ᠴᠢᠳᠠᠪᠤᠷᠢ ᠶᠢ ᠨᠡᠮᠡᠭᠳᠡᠭᠦᠯᠬᠦ ᠶᠢ ᠬᠦᠰᠡᠵᠦ ᠪᠠᠶᠢᠨ᠎ᠠ᠃ ᠲᠠᠷᠢᠯᠭ᠎ᠠ ᠶᠢᠨ ᠶᠠᠪᠤᠴᠠ ᠳᠤ ᠤᠷᠢᠳᠴᠢᠯᠠᠨ ᠪᠣᠯᠵᠣᠬᠤ | ᠠᠷᠭ᠎ᠠ ᠶᠢ ᠰᠣᠩᠭᠤᠬᠤ ᠶᠢ ᠰᠠᠨᠠᠭᠠᠴᠢᠯᠠᠵᠤ᠂ ᠬᠥᠮᠦᠨ ᠴᠤᠭᠯᠠᠷᠠᠬᠤ ᠶᠢ ᠪᠠᠭᠠᠰᠬᠠᠨ᠎ᠠ᠃ | | ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠥᠩᠭᠡᠷᠡᠭᠰᠡᠨ ᠤ ᠵᠠᠷᠯᠠᠯ ᠲᠠᠢ | ᠮᠥᠷᠭᠦᠯᠳᠦᠭᠡᠨ ᠭᠠᠷᠪᠠᠯ᠂ ᠲᠤᠰ ᠵᠠᠷᠯᠠᠯ ᠤᠨ ᠶᠣᠰᠣᠭᠠᠷ ᠭᠦᠢᠴᠡᠳᠬᠡᠨ᠎ᠡ᠃ ᠲᠤᠰ ᠵᠠᠷᠯᠠᠯ ᠤᠨ ᠱᠠᠭᠠᠷᠳᠠᠯᠭ᠎ᠠ ᠶᠢ | ᠵᠥᠷᠢᠴᠡᠨ ᠬᠢᠵᠢᠭ ᠤᠨ ᠪᠠᠶᠢᠳᠠᠯ ᠢ ᠣᠷᠣᠭᠤᠯᠵᠤ ᠲᠠᠷᠬᠠᠭᠠᠨ ᠲᠠᠷᠬᠠᠭᠠᠭᠰᠠᠨ ᠪᠠᠶᠢᠪᠠᠯ ᠬᠤᠯᠪᠣᠭᠳᠠᠯ ᠪᠦᠬᠦᠢ ᠨᠢᠭᠡᠴᠢ | ᠪᠠ ᠬᠤᠪᠢ ᠬᠥᠮᠦᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠴᠢᠩᠭ᠎ᠠ ᠨᠡᠬᠡᠮᠵᠢᠯᠡᠨ᠎ᠡ᠃ | | | ᠵᠠᠯᠠᠨ ᠠᠶᠢᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠰᠠᠨ | ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | | 2022 ᠣᠨ ᠤ 1 ᠰᠠᠷ᠎ᠠ ᠶᠢᠨ 16 ᠤ ᠡᠳᠦᠷ |