ᠨᠠᠮᠤᠷ ᠤᠨ ᠬᠤᠷᠢᠶᠠᠯᠲᠠ ᠶᠢᠨ ᠤᠯᠠᠷᠢᠯ ᠳᠤ᠂ ᠲᠠᠷᠢᠶᠠᠯᠠᠩ ᠤᠨ ᠮᠠᠰᠢᠨ ᠤ ᠲᠠᠷᠢᠶᠠᠨ ᠠᠵᠢᠯ ᠤᠳᠠᠯ ᠦᠭᠡᠶ | ᠣᠷᠭᠢᠯ ᠤᠨ ᠬᠤᠭᠤᠴᠠᠭᠠᠨ ᠳᠠᠭᠠᠨ ᠣᠷᠣᠵᠤ᠂ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ | ᠴᠢᠩᠭᠠᠳᠬᠠᠵᠤ᠂ ᠪᠠᠯᠭᠠᠰᠤᠨ ᠤ ᠠᠮᠤᠷ ᠲᠦᠪᠰᠢᠨ ᠤ ᠪᠠᠶᠢᠭᠤᠯᠤᠯᠲᠠ ᠶᠢᠨ ᠶᠡᠭᠡ ᠪᠠᠶᠢᠴᠠᠭᠠᠯᠲᠠ ᠶᠡᠭᠡ ᠴᠡᠭᠴᠡᠯᠡᠨ | ᠵᠠᠰᠠᠯᠲᠠ ᠶᠢᠨ ᠲᠥᠪᠯᠡᠷᠡᠩᠭᠦᠢ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠶᠢ ᠠᠬᠢᠭᠤᠯᠬᠤ ᠶᠢᠨ | ᠲᠥᠯᠥᠭᠡ᠂ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠪᠠᠯᠭᠠᠰᠤᠨ ᠳᠠᠷᠤᠭ᠎ᠠ ᡂᠢ ᠰᠢᠶᠤᠤ ᠮᠢᠩ᠂ | ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠶᠠᠨ ᠪᠦᠦ ᠸᠧᠨ ᠡᠯ᠎ᠡ | ᠲᠣᠰᠬᠤᠨ ᠳᠤ ᠭᠦᠨᠵᠡᠭᠡᠶᠢᠷᠡᠨ ᠲᠠᠷᠢᠶᠠᠯᠠᠩ ᠤᠨ ᠨᠠᠮᠤᠷ ᠤᠨ ᠬᠤᠷᠢᠶᠠᠯᠲᠠ ᠪᠠ ᠤᠢ ᠰᠢᠭᠤᠢ ᠶᠢᠨ ᠠᠶᠤᠯᠭᠦᠢ | ᠦᠢᠯᠡᠳᠪᠦᠷᠢᠯᠡᠯ ᠤᠨ ᠠᠵᠢᠯ ᠢ ᠥᠷᠨᠢᠭᠦᠯᠵᠦ᠂ ᠠᠳᠡᠯ ᠤᠨ ᠭᠡᠮ ᠰᠣᠭᠤᠭ ᠢ ᠦᠨᠡᠨᠬᠦ ᠠᠷᠢᠯᠭᠠᠵᠤ᠂ ᠨᠠᠮᠤᠷ ᠤᠨ | ᠬᠤᠷᠢᠶᠠᠯᠲᠠ ᠶᠢᠨ ᠠᠶᠤᠯᠭᠦᠢ ᠦᠢᠯᠡᠳᠪᠦᠷᠢᠯᠡᠯ ᠢ ᠬᠠᠮᠠᠭᠠᠯᠠᠪᠠ᠃ | | ᠪᠠᠶᠢᠴᠠᠭᠠᠬᠤ ᠳᠤᠭᠤᠶᠢᠯᠠᠩ ᠤᠨ ᠬᠢᠨ ᠲᠠᠷᠢᠶᠠᠯᠠᠩ ᠳᠤ ᠬᠡᠷᠡᠭᠯᠡᠬᠦ ᠮᠠᠰᠢᠨ ᠮᠧᠬᠠᠨᠢᠭ᠂ ᠳᠥᠷᠪᠡᠨ ᠬᠦᠷᠳᠦᠲᠦ | ᠲᠡᠷᠭᠡ᠂ ᠬᠥᠳᠡᠭᠡ ᠲᠣᠰᠬᠤᠨ ᠤ ᠪᠠᠷᠢᠯᠭ᠎ᠠ ᠶᠢᠨ ᠲᠡᠷᠭᠡ᠂ ᠬᠤᠷᠰᠢᠶ᠎ᠠ ᠵᠢᠴᠢ ᠲᠣᠰᠬᠤᠨ ᠤ ᠠᠷᠠᠳ ᠤᠨ ᠥᠪᠡᠷ ᠤᠨ | ᠦᠢᠯᠡᠳᠪᠦᠷᠢᠯᠡᠯ ᠡᠵᠡᠩᠨᠡᠯᠲᠡ ᠶᠢᠨ ᠴᠢᠨᠠᠷᠲᠠᠶ ᠲᠠᠷᠢᠶᠠᠯᠠᠩ ᠤᠨ ᠮᠠᠰᠢᠨ ᠪᠠᠭᠠᠵᠢ ᠵᠢᠴᠢ ᠪᠣᠯᠪᠠᠰᠤᠷᠠᠭᠤᠯᠬᠤ ᠮᠠᠰᠢᠨ | ᠮᠧᠬᠠᠨᠢᠭ ᠤᠨ ᠠᠮᠤᠷ ᠲᠦᠪᠰᠢᠨ ᠤ ᠲᠣᠭᠤᠷᠢᠨ ᠳᠤ ᠵᠢᠭᠰᠠᠭᠠᠨ ᠪᠠᠶᠢᠴᠠᠭᠠᠬᠤ ᠠᠵᠢᠯ ᠢ ᠭᠤᠣᠯᠳᠠᠯᠭ᠎ᠠ ᠲᠠᠢ ᠪᠠᠷ | ᠥᠷᠨᠢᠭᠦᠯᠦᠨ᠎ᠡ᠃ ᠬᠦᠷᠦᠭᠰᠡᠨ ᠭᠠᠵᠠᠷ ᠪᠣᠯᠭᠠᠨ ᠳᠤ ᠴᠥᠮ ᠲᠡᠷᠭᠡ ᠳᠠᠭᠠᠷᠠᠪᠠᠯ ᠵᠠᠪᠠᠯ ᠪᠠᠶᠢᠴᠠᠭᠠᠬᠤ᠂ ᠲᠡᠷᠭᠡ | ᠳᠠᠭᠠᠷᠠᠪᠠᠯ ᠵᠠᠪᠠᠯ ᠤᠬᠠᠭᠠᠭᠤᠯᠬᠤ ᠶᠢ ᠭᠦᠢᠴᠡᠳᠬᠡᠵᠦ᠂ ᠬᠥᠮᠦᠨ ᠵᠢᠯᠣᠭᠤᠳᠬᠤ ᠦᠨᠡᠮᠯᠡᠯ ᠪᠠ ᠲᠡᠷᠭᠡ ᠶᠠᠪᠤᠭᠤᠯᠬᠤ | ᠦᠨᠡᠮᠯᠡᠯ ᠨᠢ ᠪᠦᠷᠢᠨ ᠭᠦᠢᠴᠡᠳ ᠪᠥᠭᠡᠳ ᠬᠦᠴᠦᠨ ᠲᠠᠢ ᠪᠠᠶᠢᠬᠤ ᠡᠰᠡᠬᠦ ᠶᠢ ᠪᠠᠶᠢᠴᠠᠭᠠᠨ ᠦᠵᠡᠵᠦ᠂ | ᠲᠠᠷᠢᠶᠠᠯᠠᠩ ᠳᠤ ᠬᠡᠷᠡᠭᠯᠡᠬᠦ ᠮᠠᠰᠢᠨ ᠮᠧᠬᠠᠨᠢᠭ ᠲᠤ ᠠᠶᠤᠯᠭᠦᠶ ᠦᠢᠯᠡᠳᠪᠦᠷᠢᠯᠡᠯ ᠤᠨ ᠲᠠᠯᠳᠠ ᠭᠡᠮ ᠣᠷᠣᠰᠢᠵᠤ ᠪᠠᠶᠢᠬᠤ | ᠡᠰᠡᠬᠦ ᠶᠢ ᠪᠠᠶᠢᠴᠠᠭᠠᠬᠤ ᠶᠢᠨ ᠬᠠᠮᠲᠤ ᠲᠠᠷᠢᠶᠠᠯᠠᠩ ᠤᠨ ᠮᠠᠰᠢᠨ ᠮᠧᠬᠠᠨᠢᠭ ᠤᠨ ᠡ᠊ᠨᠳᠡᠯ ᠤᠨ ᠨᠡᠶᠢᠲᠡᠯᠢᠭ ᠬᠡᠷᠡᠭ ᠤᠨ | ᠵᠢᠱᠢᠶ᠎ᠡ ᠶᠢ ᠤᠬᠠᠭᠤᠯᠤᠨ ᠲᠠᠶᠢᠯᠪᠤᠷᠢᠯᠠᠵᠤ᠂ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠲᠠᠷᠢᠶᠠᠯᠠᠩ ᠤᠨ | ᠮᠠᠰᠢᠨ ᠮᠧᠬᠠᠨᠢᠭ ᠤᠨ ᠠᠶᠤᠯᠭᠦᠶ ᠠᠵᠢᠯᠯᠠᠬᠤ ᠲᠦᠷᠢᠮ ᠢ ᠴᠢᠩᠭ᠎ᠠ ᠵᠢᠷᠤᠮᠯᠠᠨ ᠠᠵᠢᠯᠯᠠᠭᠤᠯᠵᠤ᠂ ᠨᠠᠮᠤᠷ ᠤᠨ | ᠬᠤᠷᠢᠶᠠᠯᠲᠠ ᠶᠢᠨ ᠦᠢᠯᠡᠳᠪᠦᠷᠢᠯᠡᠯ ᠤᠨ ᠠᠶᠤᠯᠭᠦᠶ ᠪᠠᠶᠢᠬᠤ ᠳᠤ ᠡ᠊ᠨᠳᠡᠯ ᠭᠠᠷᠬᠤ ᠦᠭᠡᠢ ᠪᠠᠶᠢᠬᠤ ᠶᠢ ᠬᠦᠴᠦᠯᠡᠨ | ᠪᠠᠲᠤᠯᠠᠬᠤ ᠬᠡᠷᠡᠭᠲᠡᠶ᠃ | | ᠪᠠᠶᠢᠴᠠᠭᠠᠯᠲᠠ ᠶᠢᠨ ᠳᠤᠮᠳᠠ᠂ ᠪᠠᠶᠢᠴᠠᠭᠠᠬᠤ ᠳᠤᠭᠤᠶᠢᠯᠠᠩ ᠨᠢ ᠣᠳᠣᠬᠠᠨ ᠤ ᠨᠢᠭᠡᠨᠲᠡ ᠨᠠᠮᠤᠷ ᠤᠨ ᠤᠯᠠᠷᠢᠯ ᠤᠨ | ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠤᠷᠤᠭᠰᠠᠨ ᠲᠠᠢ | ᠤᠶᠠᠯᠳᠤᠭᠤᠯᠤᠨ᠂ ᠲᠠᠷᠢᠶᠠᠴᠢᠨ ᠡᠷᠦᠬᠡ ᠳᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ | ᠤᠨᠲᠠᠷᠠᠭᠠᠬᠤ ᠶᠡᠷᠦ ᠶᠢᠨ ᠮᠡᠳᠡᠯᠭᠡ ᠵᠢᠴᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ | ᠭᠤᠤᠯᠳᠠᠯᠭ᠎ᠠ ᠲᠠᠢ ᠤᠬᠠᠭᠤᠯᠤᠨ ᠲᠦᠭᠡᠮᠡᠯᠵᠢᠭᠦᠯᠵᠦ᠂ ᠣᠯᠠᠨ ᠲᠦᠮᠡᠨ ᠢ ᠤᠯᠠᠮ ᠨᠢᠭᠡ ᠠᠯᠬᠤᠮ ᠬᠥᠲᠥᠯᠦᠨ | ᠵᠢᠯᠣᠭᠤᠳᠴᠤ ᠪᠠᠶᠢᠭᠠᠳ ᠣᠶ ᠰᠢᠭᠤᠶ ᠶᠢ ᠬᠠᠮᠠᠭᠠᠯᠠᠨ ᠭᠠᠯ ᠰᠡᠷᠭᠡᠶᠢᠯᠡᠬᠦ᠂ ᠣᠶ ᠰᠢᠭᠤᠶ ᠶᠢᠨ ᠡᠬᠢ ᠪᠠᠶᠠᠯᠢᠭ ᠢ | ᠬᠠᠮᠠᠭᠠᠯᠠᠬᠤ ᠦᠵᠡᠯ ᠤᠬᠠᠮᠰᠠᠷ ᠢ ᠤᠬᠠᠮᠰᠠᠷ ᠠᠴᠠ ᠪᠠᠨ ᠪᠣᠶ ᠪᠣᠯᠭᠠᠵᠤ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ ᠭᠠᠯ ᠰᠡᠷᠭᠡᠶᠢᠯᠡᠬᠦ ᠣᠶ ᠰᠢᠭᠤᠶ | ᠬᠠᠮᠠᠭᠠᠯᠠᠭᠴᠢ ᠶᠢ ᠠᠵᠢᠯ ᠣᠶᠢᠯᠠᠰᠴᠢ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠲᠠᠢ ᠪᠠᠶᠢᠯᠭᠠᠵᠤ᠂ ᠣᠶ | ᠰᠢᠭᠤᠶ ᠬᠠᠮᠠᠭᠠᠯᠠᠭᠴᠢ ᠶᠢᠨ ᠠᠭᠤᠯᠠ ᠶᠢ ᠲᠣᠭᠤᠷᠢᠨ ᠦᠵᠡᠵᠦ ᠣᠶ ᠰᠢᠭᠤᠶ ᠶᠢ ᠬᠠᠮᠠᠭᠠᠯᠠᠬᠤ᠂ ᠭᠠᠯ ᠤᠨ | ᠢᠷᠡᠯᠲᠡ ᠶᠢ ᠬᠠᠮᠢᠶᠠᠷᠤᠨ ᠡᠵᠡᠮᠳᠡᠬᠦ᠂ ᠭᠠᠯ ᠤᠨ ᠭᠠᠮᠰᠢᠭ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ | ᠪᠠᠶᠢᠴᠠᠭᠠᠬᠤ ᠵᠡᠷᠭᠡ ᠲᠠᠯ᠎ᠠ ᠶᠢᠨ ᠤᠶᠢᠯᠡᠳᠤᠯ ᠢ ᠰᠠᠶᠢᠲᠤᠷ ᠪᠠᠳᠠᠷᠠᠭᠤᠯᠵᠤ᠂ ᠭᠠᠯ ᠤᠨ ᠠᠶᠤᠯ ᠡᠭᠦᠰᠬᠦ ᠶᠢ ᠡᠷᠡᠰ | ᠬᠤᠷᠢᠭᠯᠠᠬᠤ ᠬᠡᠷᠡᠭᠲᠡᠶ ᠭᠡᠵᠦ ᠱᠠᠭᠠᠷᠳᠠᠪᠠ᠃ |