ᠴᠢᠬᠤᠯᠠ ᠵᠠᠩᠭᠢᠯᠠᠭ᠎ᠠ ᠶᠢᠨ ᠴᠡᠭ ᠪᠣᠯ ᠳᠠᠷᠤᠢ ᠲᠡᠮᠡᠴᠡᠯ ᠤᠨ ᠪᠠᠶᠢᠷᠢᠰᠢᠯ ᠪᠣᠯᠤᠨ᠎ᠠ᠃ ᠨᠠᠮ ᠤᠨ ᠬᠤᠷᠢᠳᠤᠭᠠᠷ | ᠶᠡᠭᠡ ᠬᠤᠷᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠡᠯ᠎ᠡ | ᠵᠦᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠮᠤᠷ ᠲᠦᠪᠰᠢᠨ | ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠲᠣᠭᠤᠷᠢᠨ ᠢ ᠡᠭᠦᠳᠬᠦ ᠪᠣᠯ ᠳᠣᠲᠣᠭᠠᠳᠤ ᠶᠢ ᠬᠠᠮᠠᠭᠠᠯᠠᠬᠤ | ᠪᠠᠶᠢᠭᠤᠯᠤᠯᠭ᠎ᠠ ᠶᠢᠨ ᠡᠭᠦᠷᠭᠡᠯᠡᠵᠦ ᠪᠠᠶᠢᠭ᠎ᠠ ᠴᠢᠬᠤᠯᠠ ᠤᠯᠤᠰ ᠲᠦᠷᠦ ᠶᠢᠨ ᠬᠠᠷᠢᠭᠤᠴᠠᠯᠭ᠎ᠠ ᠪᠣᠯᠤᠨ᠎ᠠ᠂ ᠵᠠᠯᠠᠨ ᠠᠶᠢᠯ | ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠤᠰ ᠤᠨ ᠪᠠᠶᠠᠷ ᠤᠨ ᠬᠤᠭᠤᠴᠠᠭᠠᠨ ᠳᠤ ᠪᠦᠬᠦ | ᠴᠠᠭᠳᠠᠭ᠎ᠠ ᠪᠠᠷ ᠢᠶᠠᠨ ᠠᠵᠢᠯ ᠤᠨ ᠪᠠᠶᠢᠷᠢ ᠳᠠᠭᠠᠨ ᠪᠠᠶᠢᠵᠤ᠂ ᠪᠦᠬᠦ ᠬᠦᠴᠦᠨ ᠢᠶᠠᠷ ᠢᠶᠠᠨ ᠠᠶᠤᠯ ᠲᠦᠭᠰᠢᠭᠦᠷᠢ ᠶᠢ | ᠰᠡᠷᠭᠡᠶᠢᠯᠡᠵᠦ᠂ ᠠᠮᠤᠷ ᠲᠦᠪᠰᠢᠨ ᠢ ᠪᠠᠲᠤᠯᠠᠵᠤ᠂ ᠲᠣᠭᠲᠠᠭᠤᠨ ᠢ ᠬᠠᠮᠠᠭᠠᠯᠠᠵᠤ᠂ ᠪᠦᠬᠦ ᠬᠤᠳᠠ ᠶᠢᠨ ᠨᠡᠶᠢᠭᠡᠮ ᠤᠨ | ᠶᠡᠭᠡ ᠲᠠᠯ᠎ᠠ ᠶᠢᠨ ᠠᠮᠤᠷ ᠲᠦᠪᠰᠢᠨ ᠲᠣᠭᠲᠠᠭᠤᠨ ᠢ ᠪᠠᠲᠤᠯᠠᠬᠤ ᠬᠡᠷᠡᠭᠲᠡᠢ᠃ | | ᠤᠯᠠᠨ ᠲᠠᠯ᠎ᠠ ᠠᠴᠠ ᠰᠦᠪᠡᠭᠴᠢᠯᠡᠵᠦ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠬᠦᠷᠢᠶ᠎ᠡ ᠶᠢ ᠪᠠᠲᠤ | ᠴᠣᠭᠴᠠᠯᠠᠬᠤ᠂ ᠡᠬᠢ ᠡᠭᠦᠰᠦᠯ ᠤᠨ ᠰᠡᠷᠭᠡᠶᠢᠯᠡᠨ ᠡᠵᠡᠮᠳᠡᠬᠦ ᠬᠦᠷᠢᠶ᠎ᠡ ᠶᠢ ᠪᠠᠲᠤ ᠴᠣᠭᠴᠠᠯᠠᠬᠤ᠂ ᠴᠠᠭᠳᠠᠭᠠᠨ ᠤ | ᠶᠠᠪᠤᠳᠠᠯ ᠤᠨ ᠬᠠᠮᠵᠢᠯᠴᠠᠭᠠᠨ ᠤ ᠬᠦᠷᠢᠶ᠎ᠡ ᠶᠢᠨ ︽ᠭᠤᠷᠪᠠᠨ ᠳᠠᠪᠬᠤᠷᠭ᠎ᠠ︾ ᠶᠢ ᠤᠷᠲᠤᠳᠬᠠᠬᠤ ᠪᠠᠷ ᠳᠠᠮᠵᠢᠭᠤᠯᠵᠤ᠂ | ᠡᠬᠢ ᠡᠭᠦᠰᠦᠯ ᠤᠨ ᠲᠣᠭᠲᠠᠭᠤᠨ ᠢᠶᠠᠷ ᠡᠵᠡᠮᠳᠡᠬᠦ ᠪᠠ ᠬᠠᠮᠵᠢᠯᠴᠠᠨ ᠪᠠᠶᠢᠯᠳᠤᠬᠤ ᠴᠢᠳᠠᠪᠤᠷᠢ ᠶᠢ ᠲᠠᠰᠤᠷᠠᠯᠳᠡ ᠦᠭᠡᠢ | ᠴᠢᠩᠭᠠᠳᠬᠠᠬᠤ ᠬᠡᠷᠡᠭᠲᠡᠢ᠃ | | ᠴᠢᠩᠭ᠎ᠠ ᠪᠥᠭᠡᠳ ᠪᠣᠳᠠᠲᠠᠶ ᠪᠠᠷ ︽ᠭᠤᠷᠪᠠᠨ ᠵᠦᠢᠯ ᠤᠨ ᠲᠣᠭᠲᠠᠴᠠ︾ ᠶᠢ ᠰᠢᠯᠢᠳᠡᠭᠵᠢᠭᠦᠯᠦᠨ᠎ᠡ᠃ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠲᠥᠰᠦᠯ ᠢ ᠨᠠᠷᠢᠨ ᠨᠢᠭᠲᠠ | ᠲᠣᠭᠲᠠᠭᠠᠵᠤ᠂ ᠵᠡᠷᠭᠡ ᠳᠡᠰ ᠤᠨ ᠦᠢᠯᠡᠴᠢᠯᠡᠭᠡᠨ ᠤ ᠲᠣᠭᠲᠠᠴᠠ᠂ ᠲᠤᠬᠢᠷᠠᠭᠤᠯᠵᠤ ᠤᠷᠢᠳᠴᠢᠯᠠᠨ ᠰᠡᠷᠡᠮᠵᠢᠯᠡᠭᠦᠯᠬᠦ | ᠲᠣᠭᠲᠠᠴᠠ᠂ ᠬᠢᠨᠠᠨ ᠵᠢᠯᠣᠭᠤᠳᠴᠤ ᠪᠠᠶᠢᠴᠠᠭᠠᠬᠤ ᠲᠣᠭᠲᠠᠴᠠ ᠵᠡᠷᠭᠡ ︽ᠭᠤᠷᠪᠠᠨ ᠵᠦᠢᠯ ᠤᠨ ᠲᠣᠭᠲᠠᠴᠠ︾ ᠶᠢ | ᠰᠢᠯᠢᠳᠡᠭᠵᠢᠭᠦᠯᠵᠦ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠬᠤ ᠶᠢ ᠥᠨᠳᠥᠷ ᠪᠠᠷᠢᠮᠵᠢᠶ᠎ᠠ ᠪᠠᠷ ᠠᠬᠢᠭᠤᠯᠪᠠ᠃ | | ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠭᠤᠷᠪᠠᠨ ᠶᠡᠭᠡ ᠲᠤᠯᠭᠠᠭᠤᠷᠢᠯᠠᠯ︾ ᠢ ᠴᠢᠩᠭᠠᠳᠬᠠᠨ᠎ᠠ᠃ | ᠴᠠᠭᠳᠠᠭᠠᠨ ᠤ ᠬᠦᠴᠦᠨ᠂ ᠤᠶᠤᠨᠲᠤ ᠳᠣᠲᠣᠭᠠᠳᠤ ᠶᠢ ᠬᠠᠮᠠᠭᠠᠯᠠᠬᠤ ᠵᠡᠷᠭᠡ ᠡᠬᠢ ᠪᠠᠶᠠᠯᠢᠭ ᠢ ᠡᠮᠬᠢᠯᠡᠨ | ᠨᠡᠶᠢᠯᠡᠭᠦᠯᠬᠦ ᠪᠠᠷ ᠳᠠᠮᠵᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠬᠦᠴᠦᠨ ᠤ ᠲᠤᠯᠭᠠᠭᠤᠷᠢᠯᠠᠯ᠂ ᠮᠡᠷᠭᠡᠵᠢᠯ ᠤᠨ | ᠲᠤᠯᠭᠠᠭᠤᠷᠢᠯᠠᠯ᠂ ᠴᠢᠳᠠᠪᠤᠷᠢ ᠶᠢᠨ ᠲᠤᠯᠭᠠᠭᠤᠷᠢᠯᠠᠯ ᠤᠨ ︽ᠭᠤᠷᠪᠠᠨ ᠶᠡᠭᠡ ᠲᠤᠯᠭᠠᠭᠤᠷᠢᠯᠠᠯ︾ ᠢ ᠴᠢᠩᠭᠠᠳᠬᠠᠵᠤ᠂ | ᠨᠢᠭᠡ ᠬᠥᠯᠭᠡ ᠰᠢᠲᠠᠷ᠎ᠠ ᠶᠢ ᠨᠢᠭᠡᠳᠦᠯᠲᠡᠶ ᠲᠥᠯᠥᠪᠯᠡᠬᠦ᠂ ᠨᠢᠭᠡ ᠴᠤᠭᠴᠠᠵᠢᠭᠤᠯᠤᠨ ᠠᠵᠢᠯᠯᠠᠬᠤ ᠪᠠᠶᠢᠷᠢᠰᠢᠯ ᠢ ᠪᠣᠶ | ᠪᠣᠯᠭᠠᠨ᠎ᠠ᠃ | | ᠵᠠᠮ ᠬᠠᠷᠢᠯᠴᠠᠭᠠᠨ ᠤ ᠠᠮᠤᠷ ᠲᠦᠪᠰᠢᠨ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠮ ᠤᠨ ᠰᠠᠭᠠᠳ ᠥᠬᠡᠶ | ᠨᠡᠪᠲᠡᠷᠡᠬᠦ ᠶᠢ ᠦᠨᠡᠨᠬᠦ ᠪᠠᠲᠤᠯᠠᠬᠤ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠢᠳᠡᠪᠬᠢᠲᠡᠶ | ᠥᠷᠨᠢᠭᠦᠯᠵᠦ᠂ ᠬᠤᠲᠠ ᠬᠥᠳᠡᠭᠡ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠷᠠᠭᠤᠯᠤᠨ᠂ ᠬᠠᠮᠢᠶᠠᠷᠤᠨ ᠡᠵᠡᠮᠳᠡᠬᠦ | ᠲᠣᠤᠷ ᠰᠦᠯᠵᠢᠶ᠎ᠡ ᠶᠢ ᠴᠢᠩᠭ᠎ᠠ ᠨᠢᠭᠲᠠ ᠰᠦᠯᠵᠢᠵᠦ᠂ ᠥᠨᠳᠥᠷ ᠳᠠᠷᠤᠯᠲᠠᠲᠤ ᠴᠢᠩᠭ᠎ᠠ ᠪᠠᠶᠢᠴᠠᠭᠠᠬᠤ ᠪᠠᠶᠢᠳᠠᠯ ᠢ ᠪᠣᠶ | ᠪᠣᠯᠭᠠᠵᠤ᠂ ᠠᠳᠡᠯ ᠢ ᠤᠷᠢᠳᠴᠢᠯᠠᠨ ᠰᠡᠷᠭᠡᠶᠢᠯᠡᠬᠦ ᠠᠵᠢᠯ ᠢ ᠪᠣᠳᠠᠲᠠᠶ᠂ ᠭᠦᠨᠵᠡᠭᠡᠶ᠂ ᠨᠠᠷᠢᠯᠢᠭ ᠠᠳᠬᠤᠵᠤ᠂ ᠦᠷ᠎ᠡ | ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠶ᠃ | ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠶᠢ ᠲᠤᠪᠤᠶᠢᠯᠭᠠᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠬᠠᠮᠢᠶᠠᠷᠤᠨ ᠡᠵᠡᠮᠳᠡᠬᠦ ᠶᠢ ᠴᠠᠭᠳᠠᠭᠠᠨ ᠤ ᠬᠦᠴᠦᠨ ᠤ ᠲᠤᠬᠢᠷᠠᠭᠤᠯᠤᠯᠳᠠ ᠶᠢ ᠪᠦᠬᠦ ᠲᠠᠯ᠎ᠠ ᠪᠠᠷ | ᠰᠢᠯᠢᠳᠡᠭᠵᠢᠭᠦᠯᠵᠦ᠂ ᠴᠠᠭᠳᠠᠭᠠᠨ ᠤ ᠬᠦᠴᠦᠨ ᠢ ᠬᠥᠳᠡᠭᠡ ᠲᠣᠰᠬᠤᠨ ᠵᠦᠭ ᠬᠠᠨᠳᠤᠯᠭ᠎ᠠ ᠲᠠᠢ ᠪᠠᠷ ᠥᠷᠭᠡᠳᠬᠡᠵᠦ᠂ | ᠭᠤᠣᠯ ᠵᠠᠮ᠂ ᠭᠤᠣᠯᠳᠠᠯᠭ᠎ᠠ ᠲᠠᠢ ᠣᠷᠣᠨ ᠪᠦᠰᠡ᠂ ᠴᠢᠬᠤᠯᠠ ᠵᠠᠩᠭᠢᠯᠠᠭ᠎ᠠ ᠶᠢᠨ ᠴᠡᠭ ᠲᠤ ᠴᠠᠭᠳᠠᠭ᠎ᠠ ᠶᠢ ᠪᠦᠬᠦᠨ ᠢ | ᠪᠦᠷᠬᠦᠬᠦᠯᠬᠦ ᠶᠢ ᠪᠡᠶᠡᠯᠡᠭᠦᠯᠵᠦ᠂ ︽ᠡᠳᠦᠷ ᠳᠤᠳᠤᠮ ᠤᠨ + ᠰᠢᠪᠲᠤᠯᠤᠯᠲᠠ︾᠂ ︽ᠡᠳᠦᠷ + ᠰᠥᠨᠢ︾ ᠲᠠᠰᠤᠷᠠᠯ | ᠦᠭᠡᠢ ᠴᠢᠩᠭ᠎ᠠ ᠪᠠᠶᠢᠴᠠᠭᠠᠵᠤ ᠴᠡᠭᠴᠡᠯᠡᠨ ᠵᠠᠰᠠᠬᠤ ᠵᠠᠭᠪᠤᠷ ᠢ ᠪᠠᠷᠢᠮᠲᠠᠯᠠᠨ᠎ᠠ᠃ | | ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠰᠠᠶᠢᠲᠤᠷ ᠵᠠᠰᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠷᠢᠶᠠᠲᠤ ᠣᠷᠣᠨ ᠤ ᠠᠵᠢᠯ | ᠲᠥᠷᠥᠯ ᠤᠨ ᠲᠠᠯᠠᠪᠤᠷ ᠤᠨ ᠠᠮᠤᠷ ᠲᠦᠪᠰᠢᠨ ᠤ ᠭᠠᠷᠬᠤ ᠡᠭᠦᠳᠡ᠂ ᠲᠠᠷᠬᠠᠭᠠᠬᠤ ᠵᠠᠮ᠂ ᠪᠠᠴᠢᠮ ᠪᠠᠶᠢᠳᠠᠯ ᠢ | ᠠᠷᠭᠠᠴᠠᠬᠤ ᠭᠡᠷᠡᠯᠲᠦᠭᠦᠯᠭᠡ ᠶᠢᠨ ᠲᠣᠨᠣᠭᠯᠠᠯ᠂ ᠲᠠᠷᠬᠠᠭᠠᠬᠤ ᠵᠢᠭᠠᠯᠲᠠ ᠲᠡᠮᠳᠡᠭ ᠨᠢ ᠭᠠᠯ ᠤᠨᠲᠠᠷᠠᠭᠠᠬᠤ ᠠᠮᠤᠷ | ᠲᠦᠪᠰᠢᠨ ᠤ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠭᠠᠯ ᠤᠨᠲᠠᠷᠠᠭᠠᠬᠤ ᠪᠡᠯᠡᠳᠬᠡᠮᠵᠢ ᠨᠢ ᠪᠦᠷᠢᠨ ᠪᠦᠲᠦᠨ ᠪᠥᠭᠡᠳ | ᠪᠦᠲᠦᠮᠵᠢᠲᠡᠶ ᠪᠠᠶᠢᠬᠤ ᠡᠰᠡᠬᠦ᠂ ᠨᠣᠴᠣᠮᠠᠲᠠᠭᠠᠶ ᠮᠠᠲ᠋ᠧᠷᠢᠶᠠᠯ ᠢ ᠬᠡᠷᠡᠭᠯᠡᠨ ᠵᠠᠰᠠᠵᠤ ᠴᠢᠮᠡᠭᠯᠡᠭᠰᠡᠨ ᠡᠰᠡᠬᠦ᠂ ᠭᠠᠯ | ᠬᠡᠷᠡᠭᠯᠡᠬᠦ ᠴᠠᠬᠢᠯᠭᠠᠨ ᠬᠡᠷᠡᠭᠯᠡᠬᠦ ᠬᠡᠶ ᠶᠢᠨ ᠬᠠᠮᠢᠶᠠᠷᠤᠯᠲᠠ ᠵᠡᠷᠭᠡ ᠴᠢᠬᠤᠯᠠ ᠵᠠᠩᠭᠢᠯᠠᠭ᠎ᠠ ᠳᠤ ᠪᠥᠬᠦ ᠲᠠᠯ᠎ᠠ ᠶᠢᠨ | ᠪᠠᠶᠢᠴᠠᠭᠠᠯᠲᠠ ᠬᠢᠵᠦ᠂ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠳᠠᠷᠦ᠋ᠢᠬᠠᠨ ᠵᠠᠷᠯᠢᠭᠳᠠᠵᠤ ᠪᠠᠶᠢᠭᠠᠳ | ᠴᠡᠭᠴᠡᠯᠡᠨ ᠰᠠᠶᠢᠵᠢᠷᠠᠭᠤᠯᠤᠨ᠎ᠠ᠃ | | ᠲᠣᠭᠤᠷᠢᠨ ᠴᠠᠭᠳᠠᠬᠤ ᠰᠡᠷᠭᠡᠶᠢᠯᠡᠨ ᠡᠵᠡᠮᠳᠡᠬᠦ ᠶᠢ ᠨᠡᠶᠢᠳᠡᠮ ᠪᠦᠷᠬᠦᠬᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠠᠮᠤᠷ ᠲᠦᠪᠰᠢᠨ ᠢᠶᠠᠷ ᠰᠠᠬᠢᠨ ᠬᠠᠮᠠᠭᠠᠯᠠᠬᠤ ᠶᠢ ᠦᠨᠡᠨ ᠬᠦ ᠪᠠᠲᠤᠯᠠᠨ᠎ᠠ᠃ ︽ᠴᠠᠭᠳᠠᠭ᠎ᠠ ᠲᠠᠢ ᠠᠭᠤᠯᠵᠠᠬᠤ᠂ | ᠴᠠᠭᠳᠠᠭᠠᠨ ᠤ ᠳ᠋ᠧᠩ ᠲᠠᠢ ᠠᠭᠤᠯᠵᠠᠬᠤ᠂ ᠴᠠᠭᠳᠠᠭᠠᠨ ᠤ ᠲᠡᠷᠭᠡ ᠲᠠᠢ ᠠᠭᠤᠯᠵᠠᠬᠤ᠂ ᠦᠷ᠎ᠡ ᠪᠦᠲᠦᠮᠵᠢ ᠲᠠᠢ ᠪᠣᠯᠬᠤ︾ | ᠠᠵᠢᠯ ᠤᠨ ᠱᠠᠭᠠᠷᠳᠠᠯᠭ᠎ᠠ ᠪᠠᠷ᠂ ᠪᠦᠬᠦ ᠴᠠᠭᠳᠠᠭ᠎ᠠ ᠶᠢ ᠳᠠᠶᠢᠴᠢᠯᠠᠨ᠂ ᠵᠡᠭᠡᠯᠢ ᠭᠤᠳᠤᠮᠵᠢ ᠳᠤ ᠴᠠᠭᠳᠠᠭ᠎ᠠ ᠲᠣᠮᠢᠯᠠᠨ᠂ | ᠢᠯᠡ ᠴᠢᠨᠠᠷᠲᠠᠶ ᠪᠠᠷ ᠴᠠᠭᠳᠠᠭ᠎ᠠ ᠬᠡᠷᠡᠭᠯᠡᠬᠦ ᠶᠢ ᠴᠢᠩᠭᠠᠳᠬᠠᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ | ᠵᠠᠰᠠᠬᠤ ᠶᠢ ᠭᠦᠨᠵᠡᠭᠡᠶᠢᠷᠡᠭᠦᠯᠦᠨ᠂ ᠴᠠᠭᠳᠠᠭᠠᠨ ᠤ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠵᠡᠭᠡᠯᠢ ᠳᠡᠭᠡᠷ᠎ᠡ | ᠲᠠᠯᠪᠢᠵᠤ᠂ ᠴᠡᠭ ᠢ ᠴᠢᠩᠭ᠎ᠠ ᠠᠵᠢᠭᠯᠠᠵᠤ᠂ ᠱᠤᠭᠤᠮ ᠢ ᠰᠠᠬᠢᠵᠤ᠂ ᠪᠦᠬᠦ ᠲᠠᠯ᠎ᠠ ᠶᠢ ᠡᠵᠡᠮᠳᠡᠬᠦ ᠬᠡᠷᠡᠭᠲᠡᠶ᠃ ︽1᠂ | 3᠂ 5 ᠮᠢᠨᠦ᠋ᠲ︾ ᠤᠨ ᠲᠦᠷᠭᠡᠨ ᠲᠤᠰᠬᠠᠬᠤ ᠲᠣᠭᠲᠠᠴᠠ ᠵᠢᠴᠢ ᠵᠡᠪᠰᠡᠭᠲᠦ ᠴᠠᠭᠳᠠᠭ᠎ᠠ ᠶᠢᠨ ᠬᠠᠮᠲᠤᠷᠠᠭᠰᠠᠨ | ᠤᠶᠢᠯᠡᠴᠢᠯᠡᠭᠡᠨ ᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠠᠭᠳᠠᠭᠠᠨ ᠤ ᠬᠦᠴᠦᠨ ᠨᠢ ᠴᠠᠭᠳᠠᠭᠠᠨ ᠤ | ᠪᠠᠶᠢᠳᠠᠯ ᠢ ᠳᠠᠭᠠᠵᠤ ᠶᠠᠪᠤᠬᠤ ᠶᠢ ᠪᠠᠷᠢᠮᠲᠠᠯᠠᠨ᠂ ᠲᠣᠭᠤᠷᠢᠨ ᠴᠠᠭᠳᠠᠬᠤ᠂ ᠲᠡᠷᠭᠡ ᠪᠠᠷ ᠲᠣᠭᠤᠷᠢᠨ ᠴᠠᠭᠳᠠᠬᠤ᠂ | ᠠᠯᠬᠤᠮ ᠢᠶᠠᠷ ᠲᠣᠭᠤᠷᠢᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠥᠨᠳᠥᠷ | ᠨᠢᠭᠲᠠᠴᠠ ᠲᠠᠢ ᠲᠣᠭᠤᠷᠢᠨ ᠴᠠᠭᠳᠠᠬᠤ ᠪᠠ ᠠᠮᠤᠷ ᠲᠦᠪᠰᠢᠨ ᠤ ᠲᠣᠭᠤᠷᠢᠨ ᠪᠠᠶᠢᠴᠠᠭᠠᠬᠤ ᠶᠢ ᠥᠷᠨᠢᠭᠦᠯᠵᠦ᠂ | ᠴᠠᠭᠳᠠᠭᠠᠨ ᠤ ᠬᠦᠴᠦᠨ ᠢ ᠤᠷᠢᠳ ᠢᠶᠠᠷ ᠪᠠᠶᠢᠷᠢᠯᠠᠭᠤᠯᠤᠨ᠂ ᠳᠤᠮᠳᠠ ᠨᠢ ᠬᠥᠳᠡᠯᠭᠡᠨ ᠤᠶᠢᠯᠡᠴᠢᠯᠡᠭᠡᠨ ᠳᠤ | ᠪᠡᠯᠡᠳᠬᠡᠬᠦ ᠶᠢ ᠪᠡᠶᠡᠯᠡᠭᠦᠯᠵᠦ᠂ ᠴᠠᠭᠳᠠᠭ᠎ᠠ ᠶᠢ ᠣᠯᠵᠤ ᠦᠵᠡᠬᠦ ᠨᠣᠷᠮ᠎ᠠ᠂ ᠬᠡᠷᠡᠭ ᠶᠠᠪᠤᠳᠠᠯ ᠢ ᠬᠠᠮᠢᠶᠠᠷᠬᠤ ᠨᠣᠷᠮ᠎ᠠ᠂ | ᠰᠡᠷᠭᠡᠶᠢᠯᠡᠨ ᠡᠵᠡᠮᠳᠡᠬᠦ ᠬᠦᠴᠦᠨ᠂ ᠰᠦᠷᠳᠡᠭᠦᠯᠬᠦ ᠬᠦᠴᠦᠨ ᠢ ᠦᠨᠡᠨᠬᠦ ᠳᠡᠭᠡᠭᠰᠢᠯᠡᠭᠦᠯᠦᠨ᠎ᠡ᠃ | | ᠤᠯᠤᠰ ᠳᠠᠶᠠᠭᠠᠷ ᠢᠶᠠᠨ ᠪᠠᠶᠠᠷᠯᠠᠨ ᠪᠡᠯᠭᠡᠯᠡᠵᠦ᠂ ᠨᠢᠭᠡ ᠵᠠᠮ ᠤᠨ ︽ᠴᠠᠭᠳᠠᠭ᠎ᠠ︾ ᠳᠠᠭᠠᠵᠤ ᠪᠠᠶᠢᠯ᠎ᠠ᠃ ᠵᠠᠯᠠᠨ | ᠠᠶᠢᠯ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠷᠭᠦᠯᠵᠢᠯᠡᠨ ᠣᠷᠭᠢᠯᠤᠮ᠎ᠠ ᠬᠠᠯᠠᠭᠤᠨ | ᠰᠡᠳᠬᠢᠯᠭᠡ ᠪᠠᠷ ᠡᠯ᠎ᠡ ᠵᠦᠢᠯ ᠤᠨ ᠠᠮᠤᠷ ᠲᠣᠭᠲᠠᠭᠤᠨ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠪᠣᠳᠠᠲᠠᠢ ᠳᠤ | ᠨᠠᠶᠢᠳᠠᠪᠤᠷᠢᠵᠢᠭᠤᠯᠵᠤ᠂ ᠨᠢᠭᠡ ᠭᠠᠵᠠᠷ ᠤᠨ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠨᠡᠶᠢᠭᠡᠮ ᠤᠨ ᠠᠮᠤᠷ | ᠲᠣᠭᠲᠠᠭᠤᠨ ᠢ ᠦᠨᠡᠨᠬᠦ ᠪᠠᠲᠤᠯᠠᠨ᠎ᠠ᠃ |