ᠲᠠᠮᠢᠷ ᠤᠨ ᠬᠦᠳᠡᠯᠭᠡᠭᠡᠨ ᠤ ᠲᠤᠬᠠᠢ ᠪᠠᠶᠢᠩᠭᠤ ᠲᠣᠬᠢᠶᠠᠯᠳᠤᠬᠤ ᠲᠠᠰᠢᠶᠠᠷᠠᠯ ᠤᠳ
ᠨᠡᠶᠢᠲᠡᠯᠡᠭᠰᠡᠨ ᠴᠠᠭ᠄
2022/11/16
   1. ᠬᠥᠳᠡᠯᠭᠡᠭᠡᠨ ᠬᠢᠬᠦ ᠦᠶ᠎ᠡ ᠳᠤ ᠤᠮᠳᠠᠭᠠᠰᠪᠠᠯ᠂ ᠬᠤᠷᠳᠤᠨ ᠤᠰᠤ ᠤᠤᠭᠤᠬᠤ ᠪᠤᠶᠤ ᠲᠡᠰᠪᠦᠷᠢᠯᠡᠭᠡᠳ ᠤᠰᠤ ᠤᠤᠭᠤᠬᠤ ᠦᠭᠡᠢ    ᠣᠨᠴᠠ ᠤᠮᠳᠠᠭᠠᠰᠬᠤ ᠦᠶ᠎ᠡ ᠳᠤ ᠪᠡᠶ᠎ᠡ ᠴᠢᠨᠢ ᠤᠰᠤ ᠳᠤᠲᠠᠬᠤ ᠪᠠᠶᠢᠳᠠᠯ ᠳᠤ ᠣᠷᠣᠭᠰᠠᠨ ᠢ ᠬᠠᠷᠠᠭᠤᠯᠵᠤ ᠪᠠᠶᠢᠨ᠎ᠠ᠃ ᠬᠥᠳᠡᠯᠭᠡᠭᠡᠨ ᠤ ᠶᠠᠪᠤᠴᠠ ᠳᠤ ᠵᠣᠬᠢᠬᠤ ᠬᠡᠮᠵᠢᠶᠡᠨ ᠤ ᠤᠰᠤ ᠨᠥᠬᠦᠪᠦᠷᠢᠯᠡᠵᠦ᠂ ᠲᠠᠮᠢᠷ ᠲᠡᠩᠬᠡᠭᠡ ᠬᠦᠷᠦᠯᠴᠡᠬᠦ ᠦᠭᠡᠢ ᠪᠣᠯᠬᠤ ᠠᠴᠠ ᠰᠡᠷᠭᠡᠶᠢᠯᠡᠨ᠎ᠡ᠃ ᠤᠰᠤ ᠤᠤᠭᠤᠬᠤ ᠳᠠᠭᠠᠨ ᠪᠠᠭ᠎ᠠ ᠠᠮᠠ ᠪᠠᠷ ᠵᠠᠯᠭᠢᠵᠤ᠂ ᠤᠳᠠᠭ᠎ᠠ ᠪᠦᠷᠢ ᠳᠡᠩᠳᠡᠭᠦᠦ ᠠᠷᠪᠢᠨ ᠤᠤᠭᠤᠵᠤ ᠪᠣᠯᠬᠤ ᠦᠭᠡᠢ ᠮᠥᠷᠲᠡᠭᠡᠨ ᠳᠡᠩᠳᠡᠭᠦᠦ ᠬᠦᠢᠲᠡᠨ ᠤᠰᠤ ᠤᠤᠭᠤᠵᠤ ᠪᠣᠯᠬᠤ ᠦᠭᠡᠢ᠃ ᠬᠥᠳᠡᠯᠭᠡᠭᠡᠨ ᠬᠢᠬᠦ ᠠᠴᠠ ᠡᠮᠦᠨ᠎ᠡ᠂ ᠬᠥᠳᠡᠯᠭᠡᠭᠡᠨ ᠤ ᠳᠤᠮᠳᠠ ᠪᠠ ᠬᠥᠳᠡᠯᠭᠡᠭᠡᠨ ᠬᠢᠭᠰᠡᠨ ᠤ ᠳᠠᠷᠠᠭ᠎ᠠ ᠪᠦᠷ ᠤᠰᠤ ᠨᠥᠬᠦᠪᠦᠷᠢᠯᠡᠬᠦ ᠶᠢ ᠠᠩᠬᠠᠷᠬᠤ ᠬᠡᠷᠡᠭᠲᠡᠢ᠃    2. ᠰᠢᠷᠦᠭᠦᠨ ᠬᠥᠳᠡᠯᠭᠡᠭᠡᠨ ᠬᠢᠭᠰᠡᠨ ᠤ ᠳᠠᠷᠠᠭ᠎ᠠ ᠳᠣᠣᠷ᠎ᠠ ᠪᠠᠨ ᠪᠡᠶ᠎ᠡ ᠪᠠᠨ ᠤᠬᠢᠶᠠᠬᠤ    ᠰᠢᠷᠦᠭᠦᠨ ᠬᠥᠳᠡᠯᠭᠡᠭᠡᠨ ᠬᠢᠭᠰᠡᠨ ᠤ ᠳᠠᠷᠠᠭ᠎ᠠ᠂ ᠪᠡᠶ᠎ᠡ ᠶᠢᠨ ᠳᠤᠯᠠᠭᠠᠨ ᠤ ᠲᠣᠭᠲᠠᠮᠠᠯ ᠪᠠᠶᠢᠬᠤ ᠶᠢ ᠪᠠᠲᠤᠯᠠᠬᠤ ᠶᠢᠨ ᠲᠥᠯᠥᠭᠡ᠂ ᠠᠷᠠᠰᠤᠨ ᠤ ᠥᠩᠭᠡᠨ ᠲᠠᠯ᠎ᠠ ᠶᠢᠨ ᠴᠢᠰᠤᠨ ᠰᠤᠳᠠᠯ ᠲᠡᠯᠡᠭᠳᠡᠵᠦ᠂ ᠬᠥᠯᠥᠰᠦᠨ ᠤ ᠰᠦᠪᠡ ᠲᠡᠯᠡᠭᠳᠡᠨ᠂ ᠬᠥᠯᠥᠰᠦ ᠠᠷᠪᠢᠳᠴᠤ᠂ ᠬᠠᠯᠠᠭᠤᠨ ᠢ ᠰᠠᠷᠨᠢᠭᠤᠯᠬᠤ ᠳᠤ ᠳᠥᠭᠦᠮ ᠪᠤᠯᠭᠠᠳᠠᠭ᠃ ᠡᠨᠡ ᠦᠶ᠎ᠡ ᠳᠤ ᠬᠡᠷᠪᠡ ᠬᠦᠢᠲᠡᠨ ᠤᠰᠤ ᠪᠠᠷ ᠤᠬᠢᠶᠠᠪᠠᠯ᠂ ᠴᠢᠰᠤᠨ ᠰᠤᠳᠠᠯ ᠳᠤ ᠰᠡᠳᠦᠯᠲᠡ ᠥᠭᠴᠦ ᠳᠣᠣᠷ᠎ᠠ ᠪᠠᠨ ᠠᠪᠴᠢᠭᠤᠯᠵᠤ᠂ ᠴᠢᠰᠤᠨ ᠤ ᠡᠷᠭᠢᠯᠲᠡ ᠶᠢᠨ ᠰᠠᠭᠠᠲᠠᠭᠤᠯᠬᠤ ᠬᠦᠴᠦ ᠶᠢ ᠨᠡᠮᠡᠭᠳᠡᠭᠦᠯᠬᠦ ᠶᠢᠨ ᠬᠠᠮᠲᠤ ᠪᠡᠶ᠎ᠡ ᠮᠠᠬᠠᠪᠤᠳ ᠤᠨ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠪᠠᠭᠤᠷᠠᠭᠤᠯᠤᠨ᠂ ᠬᠥᠮᠥᠨ ᠠᠮᠠᠷᠬᠠᠨ ᠡᠪᠡᠳᠴᠢᠯᠡᠨ᠎ᠡ᠃ ᠬᠡᠷᠪᠡ ᠬᠠᠯᠠᠭᠤᠨ ᠤᠰᠤ ᠪᠠᠷ ᠪᠡᠶ᠎ᠡ ᠪᠠᠨ ᠤᠬᠢᠶᠠᠪᠠᠯ᠂ ᠴᠢᠰᠤ ᠨᠢ ᠪᠤᠯᠴᠢᠩ ᠮᠢᠬ᠎ᠠ ᠪᠠ ᠠᠷᠠᠰᠤᠨ ᠳᠤ ᠬᠡᠲᠦᠷᠬᠡᠢ ᠤᠷᠤᠰᠤᠨ ᠣᠷᠣᠵᠤ᠂ ᠵᠢᠷᠦᠬᠡ ᠪᠠ ᠶᠡᠭᠡ ᠲᠠᠷᠢᠬᠢᠨ ᠤ ᠴᠢᠰᠤᠨ ᠤ ᠬᠠᠩᠭᠠᠯᠲᠠ ᠬᠦᠷᠦᠯᠴᠡᠬᠦ ᠦᠭᠡᠢ ᠪᠣᠯᠵᠤ᠂ ᠬᠥᠩᠭᠡᠨ ᠦᠶᠡᠰ ᠲᠣᠯᠣᠭᠠᠢ ᠡᠷᠭᠢᠵᠦ ᠨᠢᠳᠦ ᠡᠷᠢᠶᠡᠯᠵᠡᠨ᠂ ᠬᠦᠨᠳᠦ ᠦᠶᠡᠰ ᠮᠠᠨᠠᠷᠠᠬᠤ ᠪᠥᠭᠡᠳ ᠪᠠᠰᠠ ᠪᠤᠰᠤᠳ ᠤᠳᠠᠭᠠᠨ ᠴᠢᠨᠠᠷᠲᠠᠢ ᠡᠪᠡᠳᠴᠢᠨ ᠢ ᠠᠮᠠᠷᠬᠠᠨ ᠡᠭᠦᠰᠬᠡᠨ᠎ᠡ᠃ ᠡᠶᠢᠮᠦ ᠠᠴᠠ ᠬᠥᠳᠡᠯᠭᠡᠭᠡᠨ ᠳᠠᠭᠤᠰᠤᠭᠰᠠᠨ ᠤ ᠳᠠᠷᠠᠭ᠎ᠠ᠂ ᠨᠠᠮᠳᠠᠭᠤᠯᠬᠤ ᠴᠠᠭ ᠵᠠᠶᠢᠴᠢᠯᠠᠨ᠂ ᠳᠠᠷᠠᠭ᠎ᠠ ᠨᠢ ᠳᠠᠬᠢᠨ ᠪᠡᠶ᠎ᠡ ᠪᠠᠨ ᠤᠬᠢᠶᠠᠬᠤ ᠶᠢ ᠰᠠᠨᠠᠭᠤᠯᠤᠶ᠎ᠠ᠃    3. ᠤᠷᠲᠤ ᠬᠤᠭᠤᠴᠠᠭ᠎ᠠ ᠪᠠᠷ ᠪᠣᠯᠪᠠᠰᠤᠷᠠᠬᠤ ᠦᠭᠡᠢ ᠪᠠᠶᠢᠵᠦ ᠪᠠᠶᠢᠭᠠᠳ ᠭᠡᠨᠡᠳᠲᠡ ᠰᠢᠷᠦᠬᠦᠨ ᠪᠤᠯᠪᠠᠰᠤᠷᠠᠯ ᠬᠢᠬᠦ    ᠭᠡᠨᠡᠳᠲᠡ ᠪᠠᠷ ᠶᠡᠭᠡ ᠬᠡᠮᠵᠢᠶ᠎ᠡ ᠪᠠᠷ ᠥᠨᠳᠥᠷ ᠬᠦᠴᠦᠯᠡᠴᠡ ᠲᠠᠢ ᠬᠥᠳᠡᠯᠭᠡᠭᠡᠨ ᠬᠢᠪᠡᠯ ᠪᠡᠶ᠎ᠡ ᠮᠠᠬᠠᠪᠤᠳ ᠵᠣᠬᠢᠴᠠᠬᠤ ᠶᠢᠨ ᠠᠷᠭ᠎ᠠ ᠦᠭᠡᠢ ᠪᠣᠯᠵᠤ᠂ ᠬᠦᠨᠳᠦ ᠰᠦᠷᠡᠬᠡᠢ ᠶᠠᠳᠠᠷᠠᠬᠤ ᠪᠠᠶᠢᠳᠠᠯ ᠢᠯᠡᠷᠡᠵᠦ᠂ ᠪᠦᠬᠦ ᠪᠡᠶ᠎ᠡ ᠱᠠᠷᠬᠢᠷᠠᠨ ᠡᠪᠡᠳᠴᠦ᠂ ᠪᠤᠯᠴᠢᠩ ᠲᠠᠲᠠᠭᠳᠠᠨ ᠰᠢᠷᠬᠠᠲᠤᠵᠤ᠂ ᠴᠢᠨᠠᠭᠰᠢᠯᠠᠭᠠᠳ ᠬᠥᠳᠡᠯᠭᠡᠭᠡᠨ ᠬᠢᠵᠦ ᠭᠡᠨᠡᠳᠲᠡ ᠦᠬᠦᠬᠦ ᠪᠠᠶᠢᠳᠠᠯ ᠭᠠᠷᠳᠠᠭ᠃ ᠵᠥᠪ ᠣᠨᠣᠪᠴᠢᠲᠠᠶ ᠪᠣᠯᠪᠠᠰᠤᠷᠠᠬᠤ ᠠᠷᠭ᠎ᠠ ᠪᠣᠯ ᠪᠠᠭ᠎ᠠ ᠬᠡᠮᠵᠢᠶᠡᠨ ᠤ ᠬᠥᠳᠡᠯᠭᠡᠭᠡᠨ ᠠᠴᠠ ᠡᠬᠢᠯᠡᠵᠦ᠂ ᠪᠡᠶ᠎ᠡ ᠮᠠᠬᠠᠪᠤᠳ ᠢ ᠵᠣᠬᠢᠴᠠᠬᠤ ᠶᠠᠪᠤᠴᠠ ᠲᠠᠢ ᠪᠣᠯᠭᠠᠨ᠎ᠠ᠂ ᠪᠠᠷᠤᠭ ᠬᠠᠭᠠᠰ ᠰᠠᠷ᠎ᠠ ᠶᠢᠨ ᠳᠠᠷᠠᠭ᠎ᠠ ᠬᠥᠳᠡᠯᠭᠡᠭᠡᠨ ᠤ ᠬᠡᠮᠵᠢᠶ᠎ᠡ ᠶᠢ ᠠᠭᠠᠵᠢᠮ ᠢᠶᠠᠷ ᠨᠡᠮᠡᠭᠳᠡᠭᠦᠯᠦᠨ᠂ ᠬᠥᠳᠡᠯᠭᠡᠭᠡᠨ ᠤ ᠬᠦᠴᠦᠯᠡᠴᠡ ᠶᠢ ᠨᠡᠮᠡᠭᠳᠡᠭᠦᠯᠦᠨ᠎ᠡ᠂ ᠬᠥᠳᠡᠯᠭᠡᠭᠡᠨ ᠢ ᠪᠠᠰᠠ ᠬᠢᠯᠪᠠᠷ ᠠᠴᠠ ᠬᠦᠴᠢᠷ ᠲᠤ ᠬᠦᠷᠭᠡᠵᠦ᠂ ᠠᠯᠬᠤᠮ ᠳᠠᠷᠠᠭ᠎ᠠ ᠲᠠᠢ ᠪᠠᠷ ᠶᠠᠪᠤᠭᠳᠠᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠠᠮᠢᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号