ᠪᠦᠭᠡᠮ ᠬᠦᠴᠢᠯ ᠤᠨ ᠪᠠᠶᠢᠴᠠᠭᠠᠯᠲᠠ᠂ ᠦᠳᠦᠭᠡᠭᠴᠢ ᠶᠢᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠪᠡᠯ ᠠᠩᠬᠠᠷᠬᠤ ᠴᠢᠬᠤᠯᠠᠲᠠᠢ ᠵᠦᠢᠯ
ᠨᠡᠶᠢᠲᠡᠯᠡᠭᠰᠡᠨ ᠴᠠᠭ᠄
2022/11/16
    10 ᠰᠠᠷ᠎ᠠ ᠶᠢᠨ 31        ᠤ ᠡᠳᠦᠷ ᠬᠤᠷᠠᠯᠳᠤᠭᠤᠯᠤᠭᠰᠠᠨ ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠤᠷᠢᠭᠯᠠᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠨᠡᠶᠢᠲᠡᠯᠡᠭᠰᠡᠨ  ᠢᠶᠠᠷ᠂ ᠬᠦᠬᠡᠬᠤᠳᠡ ᠶᠢᠨ ᠬᠢᠨ ᠣᠶᠢᠷ᠎ᠠ ᠶᠢᠨ ᠬᠤᠭᠤᠴᠡᠭᠠᠠ ᠳᠤ ︽ᠦᠲᠦᠭᠡᠭᠴᠢ ᠶᠢᠨ ᠪᠠᠶᠢᠴᠠᠭᠠᠯᠲᠠ + ᠪᠥᠭᠡᠮ ᠬᠦᠴᠢᠯ ᠤᠨ ᠪᠠᠶᠢᠴᠠᠭᠠᠯᠲᠠ︾ ᠶᠢᠨ ᠬᠠᠮ ᠪᠠᠶᠢᠴᠠᠭᠠᠯᠲᠠ ᠶᠢᠨ ᠠᠷᠭ᠎ᠠ ᠬᠡᠯᠪᠡᠷᠢ ᠶᠢ ᠬᠡᠷᠡᠭᠯᠡᠪᠡ᠃    ᠬᠡᠷᠪᠡ ᠦᠳᠦᠭᠡᠭᠴᠢ ᠶᠢᠨ ᠪᠠᠶᠢᠴᠠᠭᠠᠯᠲᠠ ᠶᠢᠨ ᠦᠷ᠎ᠡ ᠳ᠋ᠦᠩ ᠨᠢ ᠠᠷᠭ᠎ᠠ ᠴᠢᠨᠡᠷ ᠢᠯᠡᠷᠡᠪᠡᠯ ᠳᠣᠤᠷᠠᠬᠢ ᠭᠤᠷᠪᠠᠨ ᠠᠯᠬᠤᠮ ᠢᠶᠠᠷ ᠬᠢᠭᠡᠷᠡᠢ᠄    ᠨᠢᠭᠡ ᠳᠤ᠂ ᠠᠮᠠᠪᠴᠢ ᠪᠠᠨ ᠳᠠᠷᠤᠢ ᠳᠤᠨᠢ ᠵᠡᠭᠦᠵᠦ᠂ ᠬᠠᠮᠲᠤ ᠰᠠᠭᠤᠭ᠎ᠠ ᠬᠥᠮᠦᠰ ᠠᠴᠠ ᠪᠠᠨ ᠵᠣᠬᠢᠬᠤ ᠵᠠᠢ ᠲᠠᠢ ᠪᠠᠶᠢᠵᠦ᠂ ᠨᠥᠬᠦᠴᠡᠯ ᠲᠠᠢ ᠪᠣᠯ ᠭᠠᠭᠴᠡᠭᠠᠷ ᠢᠶᠠᠨ ᠨᠢᠭᠡ ᠥᠷᠥᠭᠡ ᠳᠤ ᠰᠠᠭᠤᠨ᠎ᠠ︔    ᠬᠤᠶᠠᠷ ᠲᠤ᠂ ᠲᠡᠷᠡ ᠳᠠᠷᠤᠶ ᠳᠤᠨᠢ ᠪᠠᠶᠢᠭ᠎ᠠ ᠨᠡᠶᠢᠭᠡᠮ ᠲᠣᠭᠤᠷᠢᠭ ᠲᠠᠭᠠᠨ ᠮᠡᠳᠡᠭᠦᠯᠵᠦ᠂ ᠰᠠᠭᠤᠭ᠎ᠠ ᠬᠠᠶ᠋ᠢᠭ ᠪᠠ ᠠᠷᠭ᠎ᠠ ᠴᠢᠨᠠᠷ ᠢᠯᠡᠷᠡᠭᠰᠡᠨ ᠪᠠᠶᠢᠳᠠᠯ ᠢᠶᠠᠨ ᠮᠡᠳᠡᠭᠳᠡᠵᠦ᠂ ᠪᠥᠭᠡᠮ ᠬᠦᠴᠢᠯ ᠤᠨ ᠪᠠᠶᠢᠴᠠᠭᠠᠯᠲᠠ ᠲᠣᠬᠢᠷᠠᠭᠤᠯᠬᠤ ᠶᠢ ᠬᠦᠯᠢᠶᠡᠨ᠎ᠡ︔    ᠭᠤᠷᠪᠠ ᠳᠤ᠂ ᠬᠡᠷᠡᠭᠯᠡᠵᠦ ᠥᠩᠭᠡᠷᠡᠭᠰᠡᠨ ᠦᠯᠢᠭᠡᠷ ᠠᠪᠤᠭᠰᠠᠨ ᠭᠤᠤᠷᠰᠦ᠂ ᠪᠠᠶᠢᠴᠠᠭᠠᠯᠲᠠ ᠶᠢᠨ ᠺᠠᠷᠲ ᠵᠡᠷᠭᠡ ᠪᠠᠨ ᠪᠦᠷᠢᠨ ᠴᠤᠭᠯᠠᠭᠤᠯᠵᠤ᠂ ᠨᠢᠭᠲᠠ ᠪᠢᠲᠡᠭᠦᠮᠵᠢᠯᠡᠭᠰᠡᠨ ᠤᠭᠤᠲᠠᠨ ᠳᠤ ᠬᠢᠵᠦ᠂ ᠬᠠᠮᠢᠶᠠᠷᠤᠯᠲᠠ ᠶᠢᠨ ᠠᠵᠢᠯᠲᠠᠨ ᠳᠤ ᠲᠤᠰᠢᠶᠠᠵᠤ ᠡᠮᠴᠢᠯᠡᠭᠡᠨ ᠤ ᠬᠠᠶᠠᠭᠳᠠᠮᠠᠯ ᠪᠣᠳᠠᠰ ᠢᠶᠠᠷ ᠰᠢᠢᠳᠪᠦᠷᠢᠯᠡᠭᠦᠯᠦᠨ᠎ᠡ᠃    ᠬᠡᠷᠪᠡ ᠪᠥᠭᠡᠮ ᠬᠦᠴᠢᠯ ᠤᠨ ᠪᠠᠶᠢᠴᠠᠭᠠᠯᠲᠠ ᠬᠡᠪ ᠤᠨ ᠪᠤᠰᠤ ᠪᠠᠶᠢᠪᠠᠯ᠂ ᠮᠡᠳᠡᠭᠳᠡᠯ ᠢ ᠲᠤᠰᠤᠬᠰᠡᠡ ᠤ ᠳᠠᠷᠠᠭ᠎ᠠ ᠳᠣᠣᠷᠠᠬᠢ ᠲᠠᠪᠤᠨ ᠲᠠᠯ᠎ᠠ ᠶᠢ ᠰᠠᠶᠢᠲᠤᠷ ᠬᠢᠬᠦ ᠬᠡᠷᠡᠭᠲᠡᠶ᠄    ᠨᠢᠭᠡ ᠳᠤ᠂ ᠯᠠᠪᠳᠠᠭᠤᠨ ᠲᠣᠭᠲᠠᠭᠤᠨ ᠪᠠᠶᠢᠵᠤ᠂ ᠶᠠᠭᠠᠬᠢᠭᠰᠠᠨ ᠴᠤ ᠠᠶᠤᠵᠤ ᠰᠠᠨᠳᠤᠷᠴᠦ ᠪᠣᠯᠬᠤ ᠥᠬᠡᠶ︔    ᠬᠤᠶᠠᠷ ᠲᠤ᠂ ᠲᠡᠷᠡ ᠳᠠᠷᠤᠶ ᠳᠤᠨᠢ ᠪᠠᠶᠢᠭ᠎ᠠ ᠭᠠᠵᠠᠷ ᠲᠠᠭᠠᠨ ᠪᠡᠶ᠎ᠡ ᠪᠠᠨ ᠲᠤᠰᠠᠭᠠᠷᠯᠠᠵᠤ᠂ ᠨᠥᠬᠦᠴᠡᠯ ᠲᠠᠢ ᠪᠣᠯ ᠭᠠᠭᠴᠡᠭᠠᠷ ᠢᠶᠠᠨ ᠨᠢᠬᠡ ᠦᠷᠦᠭᠡ ᠳᠤ ᠰᠠᠭᠤᠵᠤ᠂ ᠠᠮᠠᠪᠴᠢ ᠪᠠᠨ ᠵᠡᠭᠦᠵᠦ᠂ ᠪᠤᠰᠤᠳ ᠬᠥᠮᠦᠨ ᠲᠠᠢ ᠵᠣᠬᠢᠬᠤ ᠵᠠᠶ ᠶᠢ ᠪᠠᠲᠤᠯᠠᠬᠤ ᠶᠢᠨ ᠬᠠᠮᠲᠤ ᠬᠠᠷᠢᠯᠴᠠᠭ᠎ᠠ ᠬᠤᠯᠪᠣᠭ᠎ᠠ ᠪᠠᠨ ᠲᠠᠰᠤᠯᠳᠠᠬᠤ ᠦᠭᠡᠢ ᠪᠠᠶᠢᠬᠤ ᠬᠡᠷᠡᠭᠲᠡᠢ︔    ᠭᠤᠷᠪᠠ ᠳᠤ᠂ ᠥᠪᠡᠷ ᠤᠨ ᠤᠢᠢᠷ᠎ᠠ ᠶᠢᠨ ᠬᠡᠲᠦᠨ ᠡᠳᠦᠷ ᠤᠨ ᠶᠡᠪᠤᠵᠤ ᠰᠡᠭᠤᠬᠰᠡᠡ ᠵᠠᠮ ᠱᠤᠭᠤᠮ ᠢᠶᠠᠨ ᠨᠠᠷᠢᠨ ᠨᠢᠮᠪᠡᠢ ᠡᠷᠭᠢᠴᠡᠭᠦᠯᠦᠨ᠎ᠡ︔    ᠲᠦᠷᠪᠡ ᠳᠤ᠂ ᠤᠢᠢᠷ᠎ᠠ ᠶᠢᠨ ᠬᠤᠭᠤᠴᠡᠭᠠᠠ ᠳᠤ ᠨᠢᠭᠲᠠ ᠦᠢᠷᠡᠳᠤᠬᠰᠡᠳ ᠲᠠᠭᠠᠨ ᠮᠡᠳᠡᠭᠳᠡᠵᠦ᠂ ᠬᠥᠮᠦᠨ ᠤᠯᠠᠨ ᠴᠤᠭᠯᠠᠷᠠᠳᠠᠭ ᠲᠠᠯᠠᠪᠤᠷ ᠲᠤ ᠣᠴᠢᠬᠤ ᠠᠴᠠ ᠵᠠᠶᠢᠯᠠᠰᠬᠢᠵᠦ᠂ ᠥᠪᠡᠷ ᠤᠨ ᠡᠷᠡᠭᠦᠯ ᠮᠡᠨᠳᠤ ᠶᠢᠨ ᠬᠢᠨᠠᠨ ᠪᠠᠶᠢᠴᠠᠭᠠᠯᠲᠠ ᠪᠠᠨ ᠰᠠᠶᠢᠲᠤᠷ ᠬᠢᠵᠦ᠂ ᠵᠣᠬᠢᠴᠠᠭᠤᠯᠤᠨ ᠲᠤᠬᠢᠷᠠᠭᠤᠯᠵᠤ ᠬᠠᠮᠢᠶᠠᠷᠤᠨ ᠡᠵᠡᠮᠳᠡᠬᠦ ᠠᠵᠢᠯ ᠲᠠᠢ ᠬᠠᠮᠵᠢᠯᠴᠠᠬᠤ ᠬᠡᠷᠡᠭᠲᠡᠢ︔    ᠲᠠᠪᠤ ᠳᠤ᠂ ᠪᠡᠶ᠎ᠡ ᠶᠢᠨ ᠦᠨᠡᠮᠯᠡᠯ᠂ ᠪᠠᠶᠢᠩᠭᠤ ᠬᠡᠷᠡᠭᠯᠡᠬᠦ ᠡᠮ ᠤᠨ ᠵᠦᠢᠯ᠂ ᠰᠣᠯᠢᠵᠤ ᠤᠬᠢᠶᠠᠬᠤ ᠬᠤᠪᠴᠠᠰᠤ ᠬᠤᠨᠠᠷ᠂ ᠠᠮᠢᠳᠤᠷᠠᠯ ᠤᠨ ᠬᠡᠷᠡᠭᠰᠡᠯ ᠵᠡᠷᠭᠡ ᠡᠮᠴᠢᠯᠡᠭᠡᠨ ᠤ ᠪᠠᠶᠢᠭᠤᠯᠤᠮᠵᠢ ᠪᠤᠶᠤ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠲᠤ ᠣᠴᠢᠬᠤ ᠳᠤ ᠬᠡᠷᠡᠭᠰᠡᠬᠦ ᠡᠳ᠋ ᠪᠣᠳᠠᠰ ᠢᠶᠠᠨ ᠪᠡᠯᠡᠳᠬᠡᠵᠤ᠂ ᠤᠨᠴᠠᠭᠠᠶᠢᠯᠠᠨ ᠭᠠᠷ ᠤᠲᠠᠰᠤᠨ ᠤ ᠴᠠᠬᠢᠯᠭᠠᠨ ᠴᠡᠨᠡᠭᠯᠡᠬᠦ ᠤᠲᠠᠰᠤ ᠪᠠᠨ ᠮᠠᠷᠲᠠᠬᠤ ᠦᠭᠡᠢ ᠶᠢ ᠰᠡᠨᠡᠭᠤᠯᠵᠤ ᠪᠠᠶᠢᠨ᠎ᠠ᠃    ᠬᠡᠷᠪᠡ ᠤᠯᠡᠡ ᠬᠦᠮᠤᠨ ᠬᠠᠮ ᠭᠤᠤᠷᠰᠤ ᠶᠢᠨ ᠪᠦᠭᠡᠮ ᠬᠦᠴᠢᠯ ᠤᠨ ᠪᠠᠶᠢᠴᠠᠭᠠᠯᠲᠠ ᠬᠢᠵᠤ᠂ ᠠᠷᠭ᠎ᠠ ᠴᠢᠨᠠᠷ ᠢᠯᠡᠷᠡᠪᠡᠯ ᠮᠡᠳᠡᠭᠳᠡᠯ ᠢ ᠲᠤᠰᠤᠬᠰᠡᠡ ᠤ ᠳᠠᠷᠠᠭ᠎ᠠ ᠦᠪᠡᠷ ᠤᠨ ᠪᠠᠶᠢᠭ᠎ᠠ ᠣᠷᠣᠨ ᠪᠠᠶᠢᠷᠢ ᠪᠠᠨ ᠲᠤᠳᠤ ᠬᠡᠯᠡᠵᠦ ᠥᠭᠬᠦ ᠶᠢᠨ ᠬᠠᠮᠲᠤ ᠲᠡᠷᠡ ᠳᠠᠷᠤᠶ ᠳᠤᠨᠢ ᠠᠮᠠᠪᠴᠢ ᠪᠠᠨ ᠵᠡᠭᠦᠵᠦ᠂ ᠪᠤᠰᠤᠳ ᠬᠥᠮᠦᠨ ᠲᠠᠢ ᠵᠣᠬᠢᠬᠤ ᠵᠠᠶ ᠶᠢ ᠪᠠᠲᠤᠯᠠᠵᠤ᠂ ᠲᠠᠬᠢᠨ ᠪᠦᠭᠡᠮ ᠬᠦᠴᠢᠯ ᠤᠨ ᠪᠠᠶᠢᠴᠠᠭᠠᠯᠲᠠ ᠬᠢᠯᠭᠡᠬᠦ ᠪᠠᠷ ᠬᠦᠯᠢᠶᠡᠨ᠎ᠡ᠃
 
ᠢᠷᠡᠯᠲᠡ᠄ ᠠᠷᠠᠳ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号