ᠡᠨᠡ ᠵᠢᠯ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠯᠢ | ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠡᠶᠢᠲᠡᠯᠡᠵᠦ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ | ᠰᠢᠢᠳᠪᠣᠷᠢᠯᠡᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠳᠣᠯᠠᠪᠠ᠃ | | ᠠᠵᠢᠯ ᠠᠯᠳᠠᠯᠲᠠ ᠶᠢᠨ ᠨᠥᠬᠦᠪᠥᠷᠢ ᠮᠥᠩᠭᠦ᠂ ᠲᠦᠷ ᠴᠠᠭ ᠤᠨ ᠠᠮᠢᠳᠤᠷᠠᠯ ᠤᠨ ᠨᠥᠬᠦᠪᠥᠷᠢ᠂ ᠠᠵᠢᠯ | ᠦᠯᠡᠳᠡᠭᠡᠬᠦ ᠪᠣᠯᠪᠠᠰᠤᠷᠠᠯ ᠤᠨ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ᠂ ᠠᠵᠢᠯ ᠤᠨ ᠪᠠᠶᠢᠷᠢ ᠶᠢ ᠥᠷᠭᠡᠳᠬᠡᠬᠦ | ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠵᠡᠷᠭᠡ ᠡᠲᠡᠭᠡᠷ ᠵᠣᠭᠤᠰ ᠢ ᠲᠠ ᠪᠦᠷ ᠬᠦᠷᠲᠡᠭᠰᠡᠨ ᠦᠦ︖ | | 1᠂ ᠦᠯᠡᠳᠡᠭᠡᠨ ᠪᠣᠯᠪᠠᠰᠤᠷᠠᠭᠤᠯᠬᠤ ᠨᠥᠬᠦᠪᠥᠷᠢ ᠶᠢ ᠨᠢᠭᠡ ᠯᠡ ᠤᠳᠠᠭ᠎ᠠ ᠶᠢᠨ ᠴᠢᠨᠠᠷᠲᠠᠢ ᠠᠪᠴᠣ ᠪᠣᠯᠣᠨ᠎ᠠ | | ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠨᠢᠭᠡᠪᠦᠷᠢ ᠳᠤ 500 ᠲᠥᠭᠦᠷᠢᠭ ᠠᠴᠠ ᠬᠡᠲᠦᠷᠡᠭᠦᠯᠬᠦ | ᠦᠭᠡᠶ ᠪᠠᠶᠢᠬᠤ ᠪᠠᠷᠢᠮᠵᠢᠶ᠎ᠠ ᠪᠠᠷ ᠠᠵᠢᠯ ᠦᠯᠡᠳᠡᠭᠡᠬᠦ ᠪᠣᠯᠪᠠᠰᠤᠷᠠᠭᠤᠯᠤᠯ ᠤᠨ ᠨᠥᠬᠦᠪᠥᠷᠢ ᠶᠢ ᠨᠢᠭᠡ ᠯᠡ ᠤᠳᠠᠭ᠎ᠠ ᠶᠢᠨ | ᠴᠢᠨᠠᠷᠲᠠᠶ ᠣᠯᠭᠤᠨ᠎ᠠ᠃ | | 2 . ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠥᠷᠢ ᠶᠢ ᠨᠢᠭᠡ ᠯᠡ ᠤᠳᠠᠭ᠎ᠠ ᠶᠢᠨ ᠴᠢᠨᠠᠷᠲᠠᠶ ᠠᠪᠴᠣ ᠪᠣᠯᠣᠨ᠎ᠠ | | | ᠨᠢᠭᠡ ᠬᠥᠮᠦᠨ ᠡᠯᠰᠡᠨ ᠬᠡᠷᠡᠭᠯᠡᠬᠦ ᠪᠦᠷᠢ 1500 ᠲᠥᠭᠦᠷᠢᠭ ᠤᠨ ᠪᠠᠷᠢᠮᠵᠢᠶ᠎ᠠ ᠪᠠᠷ ᠨᠢᠭᠡ ᠯᠡ ᠤᠳᠠᠭᠠᠨ ᠤ | ᠴᠢᠨᠠᠷᠲᠠᠶ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠥᠷᠢ ᠣᠯᠭᠤᠨ᠎ᠠ᠃ | | 3 . ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠠᠪᠴᠣ ᠪᠣᠯᠣᠨ᠎ᠠ | | ᠳᠠᠭᠠᠳᠬᠠᠯ ᠳᠤ ᠣᠷᠣᠯᠴᠠᠭᠠᠳ 1 ᠵᠢᠯ ᠠᠴᠠ ᠳᠡᠭᠡᠭᠰᠢ ᠰᠦᠢᠳᠭᠡᠯ ᠲᠤᠰᠢᠶᠠᠭᠰᠠᠨ᠂ ᠲᠣᠰ ᠬᠥᠮᠦᠨ ᠤ ᠪᠤᠰᠤ | ᠰᠢᠯᠲᠠᠭᠠᠨ ᠢᠶᠠᠷ ᠠᠵᠢᠯ ᠠᠯᠳᠠᠭᠰᠠᠨ ᠬᠥᠮᠦᠰ᠂ ᠠᠵᠢᠯ ᠠᠯᠳᠠᠯᠲᠠ ᠶᠢᠨ ᠳᠠᠭᠠᠳᠬᠠᠯ ᠢ ᠭᠠᠷᠲᠠᠨ ᠬᠦᠢᠴᠡᠳᠬᠡᠬᠦ | ᠪᠠᠶᠢᠭᠤᠯᠤᠮᠵᠢ ᠠᠴᠠ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠭᠤᠶᠤᠴᠢᠯᠠᠨ ᠠᠪᠴᠤ ᠪᠣᠯᠤᠨ᠎ᠠ᠃ | | 4 . ᠠᠵᠢᠯ ᠠᠯᠳᠠᠭᠰᠠᠳ ᠤᠨ ᠨᠥᠬᠦᠪᠥᠷᠢ ᠮᠥᠩᠭᠦ᠂ ᠲᠦᠷ ᠴᠠᠭ ᠤᠨ ᠠᠮᠢᠳᠤᠷᠠᠯ ᠤᠨ ᠨᠥᠬᠦᠪᠥᠷᠢ ᠠᠪᠴᠣ | ᠪᠣᠯᠣᠨ᠎ᠠ | | ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠬᠤ ᠬᠤᠭᠤᠴᠠᠭ᠎ᠠ ᠨᠢ ᠳᠦᠭᠦᠷᠦᠭᠰᠡᠨ ᠪᠠᠶᠢᠲᠠᠯ᠎ᠠ ᠮᠥᠨ ᠬᠦ | ᠠᠵᠢᠯ ᠣᠯᠤᠭᠠᠳᠤᠶ ᠠᠵᠢᠯ ᠠᠯᠳᠠᠭᠰᠠᠳ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠬᠤ ᠨᠥᠬᠦᠴᠡᠯ ᠳᠤ | ᠨᠡᠶᠢᠴᠡᠬᠦ ᠦᠭᠡᠶ ᠳᠠᠭᠠᠳᠬᠠᠯ ᠳᠤ ᠣᠷᠣᠯᠴᠠᠭᠰᠠᠨ ᠠᠵᠢᠯ ᠠᠯᠳᠠᠭᠰᠠᠳ ᠲᠤ ᠠᠵᠢᠯ ᠠᠯᠳᠠᠯᠲᠠ ᠶᠢᠨ ᠲᠤᠰᠠᠯᠠᠮᠵᠢ ᠶᠢᠨ | ᠮᠥᠩᠭᠦ ᠣᠯᠭᠤᠬᠤ ᠬᠡᠷᠡᠭᠲᠡᠶ︔ ᠳᠠᠭᠠᠳᠬᠠᠯ ᠳᠤ ᠣᠷᠣᠯᠴᠠᠭᠠᠳ 1 ᠵᠢᠯ ᠪᠣᠯᠤᠭᠠᠳᠤᠶ ᠠᠵᠢᠯ ᠠᠯᠳᠠᠭᠰᠠᠨ | ᠬᠥᠯᠥᠰᠥᠨ ᠠᠵᠢᠯᠴᠢᠨ ᠳᠤ ᠲᠦᠷ ᠴᠠᠭ ᠤᠨ ᠠᠮᠢᠳᠤᠷᠠᠯ ᠤᠨ ᠨᠥᠬᠦᠪᠥᠷᠢ ᠣᠯᠭᠤᠨ᠎ᠠ᠃ | | 5 . ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠬᠦ ᠨᠥᠬᠦᠪᠥᠷᠢ ᠠᠪᠴᠣ ᠪᠣᠯᠣᠨ᠎ᠠ | | ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠬᠦ ᠨᠥᠬᠦᠪᠥᠷᠢ ᠠᠪᠬᠤ ᠳᠤ ᠠᠩᠬ᠎ᠠ ᠵᠡᠷᠭᠡ ᠳᠤ ︵ᠲᠠᠪᠤᠳᠤᠭᠠᠷ ᠳᠡᠰ︶ | 1000 ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠂ ᠳᠤᠮᠳᠠ ᠵᠡᠷᠭᠡ ᠳᠤ ︵ᠳᠥᠷᠪᠡᠳᠦᠭᠡᠷ ᠳᠡᠰ︶ 1500 | ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠂ ᠳᠡᠭᠡᠳᠦ ᠵᠡᠷᠭᠡ ᠳᠤ ︵ᠭᠤᠷᠪᠠᠳᠤᠭᠠᠷ ᠳᠡᠰ︶ 2000 | ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ ᠪᠠᠷᠢᠮᠵᠢᠶ᠎ᠠ ᠪᠠᠷ ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠬᠦ | ᠨᠥᠬᠦᠪᠥᠷᠢ ᠶᠢ ᠲᠣᠭᠲᠠᠭᠠᠯ ᠶᠣᠰᠣᠭᠠᠷ ᠭᠤᠶᠤᠴᠢᠯᠠᠵᠤ ᠪᠣᠯᠤᠨ᠎ᠠ᠃ | | 6 . ᠨᠡᠶᠢᠭᠡᠮ ᠤᠨ ᠳᠠᠭᠠᠳᠬᠠᠯ ᠤᠨ ᠨᠥᠬᠦᠪᠥᠷᠢ ᠠᠪᠴᠣ ᠪᠣᠯᠣᠨ᠎ᠠ | | 7 . ᠳᠠᠳᠤᠯᠭ᠎ᠠ ᠶᠢᠨ ᠨᠥᠬᠦᠪᠥᠷᠢ ᠠᠪᠴᠣ ᠪᠣᠯᠣᠨ᠎ᠠ | | ᠰᠤᠷᠭᠠᠭᠤᠯᠢ ᠠᠴᠠ ᠪᠠᠨ ᠰᠠᠯᠤᠭᠠᠳ 2 ᠵᠢᠯ ᠪᠣᠯᠤᠭᠠᠳᠤᠶ ᠠᠵᠢᠯ ᠣᠯᠤᠭᠠᠳᠤᠶ ᠳᠡᠭᠡᠳᠦ ᠰᠤᠷᠭᠠᠭᠤᠯᠢ | ᠲᠡᠭᠦᠰᠦᠭᠰᠡᠳ᠂ 16-24 ᠨᠠᠰᠤᠨ ᠤ ᠠᠵᠢᠯ ᠠᠯᠳᠠᠭᠰᠠᠨ ᠵᠠᠯᠠᠭᠤᠴᠤᠳ ᠢ ᠡᠯᠰᠡᠨ ᠠᠵᠢᠯ ᠣᠯᠭᠤᠬᠤ | ᠳᠠᠳᠤᠯᠭ᠎ᠠ ᠳᠤ ᠣᠷᠣᠯᠴᠠᠭᠤᠯᠤᠭᠰᠠᠨ ᠨᠢᠭᠡᠴᠡ ᠳᠤ ᠵᠣᠬᠢᠬᠤ ᠪᠠᠷᠢᠮᠵᠢᠶ᠎ᠠ ᠶᠢᠨ ᠠᠵᠢᠯ ᠣᠯᠭᠤᠬᠤ ᠳᠠᠳᠤᠯᠭ᠎ᠠ ᠶᠢᠨ | ᠨᠥᠬᠦᠪᠥᠷᠢ ᠣᠯᠭᠤᠨ᠎ᠠ᠃ | | 8 . ᠠᠳᠠᠯ ᠦᠢᠯᠡᠰ ᠴᠣᠭᠴᠠᠯᠠᠬᠤ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠠᠪᠴᠣ ᠪᠣᠯᠣᠨ᠎ᠠ | | ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠶᠢᠯᠠᠯ ᠡᠭᠦᠳᠦᠨ ᠪᠠᠶᠢᠭᠤᠯᠤᠭᠰᠠᠨ ᠪᠤᠶᠤ ᠬᠤᠪᠢ ᠶᠢᠨ ᠡᠵᠡᠩᠨᠡᠯᠲᠡ | ᠬᠢᠭᠰᠡᠨ ᠮᠥᠷᠲᠡᠭᠡᠨ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠪᠤᠶᠤ ᠬᠤᠪᠢ ᠶᠢᠨ ᠠᠵᠤ ᠦᠢᠯᠡᠳᠪᠤᠷᠢ | ᠬᠤᠳᠠᠯᠳᠤᠭᠠᠨ ᠤ ᠡᠷᠦᠬᠡ ᠨᠢ ᠠᠵᠤ ᠦᠢᠯᠡᠳᠪᠤᠷᠢ ᠬᠤᠳᠠᠯᠳᠤᠭ᠎ᠠ ᠳᠤ ᠲᠡᠮᠳᠡᠭᠯᠡᠭᠦᠯᠦᠨ ᠳᠠᠩᠰᠠᠯᠠᠭᠤᠯᠤᠭᠰᠠᠨ | ᠡᠳᠦᠷ ᠠᠴᠠ ᠡᠬᠢᠯᠡᠨ ᠬᠡᠪ ᠤᠨ ᠶᠣᠰᠣᠭᠠᠷ 1 ᠵᠢᠯ ᠠᠴᠠ ᠳᠡᠭᠡᠭᠰᠢ ᠠᠵᠢᠯᠯᠠᠭᠰᠠᠳ᠂ ᠠᠵᠢᠯ ᠣᠯᠬᠤ ᠳᠤ ᠬᠦᠴᠢᠷᠲᠡᠶ | ᠬᠥᠮᠦᠰ᠂ ᠨᠤᠲᠤᠭ ᠲᠠᠭᠠᠨ ᠪᠤᠴᠠᠭᠰᠠᠨ ᠲᠠᠷᠢᠶᠠᠴᠢᠨ ᠬᠦᠴᠦ ᠶᠠᠪᠤᠭᠰᠠᠳ ᠲᠤ ᠠᠳᠠᠯ ᠦᠢᠯᠡᠰ ᠴᠣᠭᠴᠠᠯᠠᠬᠤ ᠨᠢᠭᠡ | ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠨ᠎ᠠ᠃ | | 9 . ᠠᠵᠢᠯ ᠡᠷᠢᠵᠦ ᠠᠳᠠᠯ ᠦᠢᠯᠡᠰ ᠴᠣᠭᠴᠠᠯᠠᠬᠤ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠠᠪᠴᠣ | ᠪᠣᠯᠣᠨ᠎ᠠ | | 10 . ᠠᠵᠢᠯ ᠮᠡᠷᠭᠡᠵᠢᠯ ᠤᠨ ᠪᠣᠯᠪᠠᠰᠤᠷᠠᠯ ᠤᠨ ᠨᠥᠬᠦᠪᠥᠷᠢ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠬᠢᠨᠠᠨ ᠲᠣᠭᠲᠠᠭᠠᠯᠲᠠ ᠶᠢᠨ ᠨᠥᠬᠦᠪᠥᠷᠢ ᠠᠪᠴᠣ ᠪᠣᠯᠣᠨ᠎ᠠ |