ᠣᠶᠢᠷ᠎ᠠ ᠳᠤ᠂ ᠨᠢᠬᠡ ᠡᠷᠡᠭᠲᠡᠢ ᠬᠠᠭᠠᠰ ᠵᠢᠯ ᠤᠨ ᠳᠣᠷᠰᠢ ᠴᠡᠪᠡᠷ ᠤᠰᠤ ᠪᠠᠷ ᠲᠣᠯᠣᠭᠠᠢ ᠪᠠᠨ ᠤᠬᠢᠶᠠᠬᠤ ᠶᠢ | ᠪᠠᠷᠢᠮᠲᠠᠯᠠᠭᠰᠠᠨ ᠢᠶᠠᠷ᠂ ᠬᠠᠯᠵᠠᠷᠠᠬᠰᠠᠨ ᠲᠣᠯᠣᠭᠠᠢ ᠳᠤᠨᠢ ᠬᠠᠷ᠎ᠠ ᠦᠰᠦ ᠤᠷᠭᠤᠯ᠎ᠠ ᠭᠡᠬᠦ ᠶᠠᠷᠢᠶ᠎ᠠ ᠣᠯᠠᠨ ᠤ | ᠠᠩᠬᠠᠷᠤᠯ ᠢ ᠲᠠᠲᠠᠭᠰᠠᠨ ᠪᠠᠶᠢᠨ᠎ᠠ᠃ | | 10 ᠳ᠋ᠣᠭᠠᠷ ᠰᠠᠷ᠎ᠠ ᠶᠢᠨ 7 ᠤ ᠡᠳᠦᠷ᠂ ᠸᠠᠩ ᠤᠪᠤᠬᠳᠦ ᠡᠨᠡ ᠡᠷᠡᠭᠳᠡᠢ ᠰᠤᠷᠪᠤᠯᠵᠢᠯᠠᠭᠴᠢ ᠳᠤ | ᠬᠡᠯᠡᠬᠦ ᠳᠡᠭᠡᠨ᠂ ᠰᠦᠯᠵᠢᠶ᠎ᠠ ᠠᠰᠢᠬᠯᠠᠬᠴᠢᠳ ᠪᠤᠷᠤᠭᠤ ᠣᠶᠢᠯᠠᠭᠠᠯᠲᠠ ᠲᠠᠢ ᠪᠠᠶᠢᠵᠤ ᠮᠡᠳᠡᠨ᠎ᠡ᠂ ᠴᠡᠪᠡᠷ ᠤᠰᠤ ᠪᠠᠷ | ᠲᠣᠯᠣᠭᠠᠢ ᠪᠠᠨ ᠤᠬᠢᠶᠠᠬᠤ ᠨᠢ ᠬᠠᠮᠤᠭ ᠤᠨ ᠰᠠᠶᠢᠨ ᠠᠷᠭ᠎ᠠ ᠪᠢᠰᠢ᠂ ᠭᠡᠵᠢᠭᠡᠨ ᠤ ᠴᠢᠨᠠᠷ ᠢ ᠬᠤᠪᠢᠷᠠᠭᠤᠯᠬᠤ ᠶᠢᠨ | ᠲᠥᠯᠥᠭᠡ ᠲᠡᠷᠡ ᠪᠠᠰᠠ ᠠᠵᠢᠯᠯᠠᠵᠤ ᠠᠮᠠᠷᠠᠬᠤ ᠪᠠ ᠢᠳᠡᠵᠦ ᠤᠤᠭᠤᠬᠤ ᠳᠠᠳᠬᠠᠯ ᠢᠶᠠᠨ ᠲᠣᠬᠢᠷᠠᠭᠤᠯᠤᠭᠰᠠᠨ ᠶᠤᠮ | ᠭᠡᠵᠡᠢ᠃ | | ᠸᠠᠩ ᠠᠪᠤᠭᠠᠢ ᠡᠨᠡ ᠵᠢᠯ 39 ᠨᠠᠰᠤᠲᠠᠢ᠂ ᠵᠧᠵᠢᠶᠠᠩ ᠤᠨ ᠬᠠᠩᠵᠧᠦ ᠳᠤ ᠠᠮᠢᠳᠣᠷᠠᠳᠠᠭ᠂ 2017 ᠣᠨ | ᠠᠴᠠ ᠡᠬᠢᠯᠡᠨ ᠬᠡᠵᠢᠬᠡ ᠨᠢ ᠤᠨᠠᠵᠤ ᠬᠠᠯᠵᠠᠷᠠᠬᠰᠠᠨ ᠪᠠᠶᠢᠨ᠎ᠠ᠃ ᠲᠡᠷᠡ ᠰᠤᠷᠪᠤᠯᠵᠢᠯᠠᠭᠴᠢ ᠳᠤ | ᠲᠠᠨᠢᠯᠴᠠᠭᠤᠯᠬᠤ ᠳᠠᠭᠠᠨ᠂ ᠥᠩᠭᠡᠷᠡᠭᠰᠡᠨ ᠳᠤ ᠳᠠᠶᠢᠯᠠᠯᠭ᠎ᠠ ᠣᠯᠠᠨ᠂ ᠰᠥᠨᠢᠵᠢᠨ ᠰᠠᠭᠤᠬᠤ᠂ ᠠᠷᠢᠬᠢᠳᠠᠬᠤ ᠪᠣᠯ | ᠶᠡᠷᠦᠳᠡ ᠶᠢᠨ ᠶᠠᠪᠤᠳᠠᠯ᠂ ᠴᠢᠰᠤ ᠬᠠᠨᠳᠢᠪᠯᠠᠬᠤ ᠦᠶ᠎ᠡ ᠳᠤ ᠴᠢᠰᠤᠨ ᠤ ᠪᠠᠶᠢᠴᠠᠭᠠᠯᠲᠠ ᠨᠢ ᠴᠥᠮ ᠪᠠᠷᠢᠮᠵᠢᠶ᠎ᠠ ᠳᠤ | ᠬᠦᠷᠬᠦ ᠦᠭᠡᠢ ᠪᠠᠶᠢᠪᠠ ᠭᠡᠵᠡᠢ᠃ | | ᠳᠡᠭᠡᠭᠡᠳ ᠲᠡᠷᠡ ᠮᠠᠰᠢ ᠣᠯᠠᠨ ᠮᠠᠲ᠋ᠧᠷᠢᠶᠠᠯ ᠡᠷᠢᠵᠦ᠂ ᠮᠠᠰᠢ ᠣᠯᠠᠨ ᠲᠤᠭ᠎ᠠ ᠪᠠᠷᠢᠮᠲᠠ ᠶᠢ ᠦᠵᠡᠭᠰᠡᠨ ᠪᠥᠭᠡᠳ | ᠪᠠᠰᠠ ᠰᠢᠮ᠎ᠡ ᠲᠡᠵᠢᠭᠡᠯ ᠤᠨ ᠲᠤᠬᠠᠢ ᠮᠡᠳᠡᠯᠭᠡ ᠶᠢ ᠥᠪᠡᠷ ᠢᠶᠠᠨ ᠰᠣᠷᠣᠭᠰᠠᠨ ᠪᠠᠶᠢᠨ᠎ᠠ᠃ ᠸᠠᠩ ᠠᠪᠤᠭᠠᠢ | ᠬᠡᠯᠡᠬᠦ ᠳᠡᠭᠡᠨ᠂ 2021 ᠣᠨ ᠤ 10 ᠳ᠋ᠣᠭᠠᠷ ᠰᠠᠷ᠎ᠠ ᠠᠴᠠ ᠡᠬᠢᠯᠡᠨ᠂ ᠲᠡᠷᠡ ᠥᠪᠡᠷ ᠤᠨ ᠠᠵᠢᠯᠯᠠᠵᠤ ᠠᠮᠠᠷᠠᠬᠤ | ᠳᠠᠳᠬᠠᠯ ᠢᠶᠠᠨ ᠥᠭᠡᠷᠡᠴᠢᠯᠡᠵᠦ᠂ ᠪᠡᠶ᠎ᠡ ᠶᠢᠨ ᠲᠠᠮᠢᠷ ᠬᠢᠬᠦ ᠶᠢ ᠪᠠᠷᠢᠮᠳᠠᠯᠠᠵᠠᠢ᠃ ᠳᠡᠭᠡᠭᠡᠳ ᠡᠨᠡ ᠵᠢᠯ ᠤᠨ 4 ᠳ᠋ᠣᠭᠡᠷ | ᠰᠠᠷ᠎ᠠ ᠠᠴᠠ ᠡᠬᠢᠯᠡᠵᠦ᠂ ᠤᠬᠢᠶᠠᠬᠤ ᠨᠤᠨᠲᠠᠭ ᠵᠠᠷᠣᠬᠤ ᠦᠬᠡᠢ ᠴᠡᠪᠡᠷ ᠤᠰᠤ ᠪᠠᠷ ᠲᠣᠯᠣᠭᠠᠢ ᠪᠠᠨ ᠣᠬᠢᠶᠠᠵᠦ | ᠡᠬᠢᠯᠡᠪᠠ᠂ ᠪᠠᠷᠤᠭ ᠬᠠᠭᠠᠰ ᠰᠠᠷ᠎ᠠ ᠶᠢᠨ ᠳᠠᠷᠠᠭ᠎ᠠ᠂ ᠭᠡᠵᠢᠭᠡ ᠨᠢ ᠳᠣᠰᠣᠷᠠᠬᠤ ᠪᠠᠨ ᠪᠠᠶᠢᠵᠦ᠂ ᠲᠣᠯᠣᠭᠠᠢ ᠳᠡᠭᠡᠷ᠎ᠡ ᠨᠢ | ᠤᠯᠠᠭᠠᠨ ᠶᠠᠷᠡ ᠭᠠᠷᠬᠤ ᠦᠭᠡᠢ ᠪᠣᠯᠵᠠᠢ᠂ ᠪᠠᠷᠤᠭ ᠭᠤᠷᠪᠠᠨ ᠰᠠᠷ᠎ᠠ ᠶᠢᠨ ᠳᠠᠷᠠᠭ᠎ᠠ᠂ ᠤᠤᠯ ᠤᠨ ᠬᠠᠯᠵᠠᠷᠠᠬᠰᠠᠨ | ᠭᠠᠵᠠᠷ ᠲᠤ ᠰᠢᠨ᠎ᠡ ᠦᠰᠦ ᠤᠷᠭᠤᠵᠤ ᠡᠬᠢᠯᠡᠵᠡᠢ᠃ ᠸᠠᠩ ᠠᠪᠤᠭᠠᠢ ᠬᠡᠯᠡᠬᠦ ᠳᠡᠭᠡᠨ᠂ ᠵᠠᠷᠢᠮ ᠰᠦᠯᠵᠢᠶᠡᠨ ᠤ ᠨᠠᠶᠢᠵᠠ | ᠨᠠᠷ ᠤᠨ ᠣᠶᠢᠯᠠᠭᠠᠯᠲᠠ ᠵᠢᠭᠠᠬᠠᠨ ᠵᠥᠷᠢᠶ᠎ᠡ ᠲᠠᠢ ᠪᠠᠶᠢᠵᠤ ᠮᠡᠳᠡᠨ᠎ᠡ᠂ ᠦᠨᠡᠨ ᠳᠡᠭᠡᠨ ᠦᠰᠦ ᠬᠡᠵᠢᠬᠡ ᠤᠨᠠᠬᠤ ᠶᠢ | ᠵᠠᠰᠠᠬᠤ ᠳᠤ᠂ ᠴᠡᠪᠡᠷ ᠤᠰᠤ ᠪᠠᠷ ᠲᠣᠯᠣᠭᠠᠢ ᠪᠠᠨ ᠤᠬᠢᠶᠠᠬᠤ ᠨᠢ ᠵᠥᠪᠬᠡᠨ ᠨᠢᠭᠡ ᠯᠡ ᠲᠠᠯ᠎ᠠ ᠶᠢᠨ ᠠᠷᠭ᠎ᠠ ᠶᠤᠮ᠃ | ᠡᠭᠦᠨ ᠠᠴᠠ ᠭᠠᠳᠠᠨ᠎ᠠ᠂ ᠪᠠᠰᠠ ᠪᠡᠶ᠎ᠡ ᠮᠠᠬᠠᠪᠤᠳ ᠢᠶᠠᠨ ᠪᠤᠯᠪᠠᠰᠤᠷᠠᠭᠤᠯᠵᠤ᠂ ᠠᠵᠢᠯᠯᠠᠵᠤ ᠠᠮᠠᠷᠠᠬᠤ ᠳᠠᠳᠬᠠᠯ ᠢᠶᠠᠨ | ᠥᠭᠡᠷᠡᠴᠢᠯᠡᠬᠦ ᠬᠡᠷᠡᠭᠲᠡᠢ ᠭᠡᠵᠡᠢ᠃ |