ᠨᠢᠭᠡ᠂ ᠵᠢᠯᠣᠭᠤᠳᠬᠤ ᠦᠵᠡᠯ ᠰᠠᠨᠠᠭ᠎ᠠ ᠵᠢᠴᠢ ᠴᠢᠬᠤᠯᠠ ᠠᠴᠢ ᠬᠤᠯᠪᠣᠭᠳᠠᠯ | | ︵ᠨᠢᠭᠡ︶ ᠵᠢᠯᠣᠭᠤᠳᠬᠤ ᠦᠵᠡᠯ ᠰᠠᠨᠠᠭ᠎ᠠ | | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ | ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ᠂ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢ ᠶᠢᠨ ᠫᠢᠩ ᠤᠨ | ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠬᠥᠮᠦᠨ ᠬᠢᠭᠡᠳ ᠡᠬᠡ | ᠪᠠᠶᠢᠭᠠᠯᠢ ᠶᠢᠨ ᠡᠶ᠎ᠡ ᠵᠣᠬᠢᠴᠠᠩᠭᠤᠢ ᠬᠠᠮᠲᠤ ᠣᠷᠣᠰᠢᠬᠤ ᠦᠨᠳᠦᠰᠦᠨ ᠠᠷᠭ᠎ᠠ ᠪᠤᠳᠤᠯᠭ᠎ᠠ ᠶᠢ ᠪᠠᠷᠢᠮᠲᠠᠯᠠᠨ᠂ ᠨᠤᠲᠤᠭ | ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠠᠮᠢ ᠠᠬᠤᠶ ᠪᠣᠯᠤᠨ ᠠᠷᠠᠳ ᠤᠨ ᠠᠮᠢᠳᠤᠷᠠᠯ ᠤᠨ ᠬᠢᠵᠠᠭᠠᠷ | ᠱᠤᠭᠤᠮ ᠢ ᠪᠠᠲᠤ ᠰᠠᠬᠢᠵᠤ᠂ ᠡᠯ᠎ᠡ ᠵᠦᠢᠯ ᠤᠨ ᠲᠥᠷᠥ ᠶᠢᠨ ᠪᠤᠳᠤᠯᠭ᠎ᠠ ᠶᠢᠨ ᠪᠡᠯᠡ ᠮᠥᠩᠭᠦ ᠶᠢᠨ ᠬᠤᠷᠠᠮᠠᠯ | ᠦᠢᠯᠡᠳᠦᠯ ᠢ ᠪᠠᠳᠠᠷᠠᠭᠤᠯᠤᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠦᠷᠢᠮ ᠪᠠ | ᠬᠤᠯᠪᠤᠭᠳᠠᠯ ᠪᠥᠬᠦᠶ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠯ ᠠᠵᠤ ᠠᠬᠤᠶ ᠶᠢᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠪᠠ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ | ᠬᠥᠭᠵᠢᠬᠦ ᠶᠢ ᠠᠬᠢᠭᠤᠯᠤᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠦᠷᠢᠯᠡᠬᠦ ᠡᠷᠴᠢᠮ ᠢᠶᠠᠨ | ᠴᠢᠩᠭᠠᠷᠠᠭᠤᠯᠵᠤ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠳᠠᠷᠤᠯᠲᠠ ᠶᠢ ᠦᠨᠡᠨ ᠬᠦ ᠬᠥᠩᠭᠡᠷᠡᠭᠦᠯᠵᠦ᠂ ᠨᠤᠲᠤᠭ | ᠪᠡᠯᠴᠢᠭᠡᠷ ᠤᠨ ᠰᠡᠯᠭᠦᠨ ᠥᠨᠵᠢᠯᠲᠡ ᠶᠢ ᠠᠬᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠷᠭᠦᠭᠡᠯᠲᠡ ᠶᠢ | ᠲᠦᠷᠭᠡᠳᠬᠡᠵᠦ᠂ ᠲᠠᠯ᠎ᠠ ᠨᠤᠲᠤᠭ ᠤᠨ ᠮᠠᠯᠵᠢᠬᠤ ᠣᠷᠣᠨ ᠤ ᠠᠮᠢ ᠠᠬᠤᠶ᠂ ᠦᠢᠯᠡᠳᠪᠦᠷᠢᠯᠡᠯ᠂ ᠠᠮᠢᠳᠤᠷᠠᠯ ᠤᠨ | ᠵᠣᠬᠢᠴᠠᠯᠳᠤᠨ ᠬᠥᠭᠵᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | | ︵ᠬᠤᠶᠠᠷ︶ ᠴᠢᠬᠤᠯᠠ ᠠᠴᠢ ᠬᠤᠯᠪᠣᠭᠳᠠᠯ | | ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪ᠊ᠵᠢᠭᠦᠯᠭᠡ︾ ᠶᠢᠨ ᠬᠤᠭᠤᠴᠠᠭᠠᠨ ᠳᠤ᠂ ᠬᠥᠯᠥᠨ ᠪᠤᠶᠢᠷ | ᠬᠤᠲᠠ ᠤᠯᠤᠰ ᠤᠨ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ | ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠤᠲᠤᠭ | ᠪᠡᠯᠴᠢᠭᠡᠷ ᠤᠨ ᠨᠥᠬᠦᠪᠦᠷᠢ ᠱᠠᠩᠨᠠᠯ ᠤᠨ ᠲᠠᠯᠠᠪᠠᠶ ᠶᠢ 10358 ᠲᠦᠮᠡᠨ ᠮᠥ ᠨᠠᠶᠢᠳᠠᠪᠤᠷᠢᠵᠢᠭᠤᠯᠵᠤ᠂ ᠡᠭᠦᠨ ᠳᠤ᠂ | ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠠᠯᠠᠪᠠᠶ 8671 ᠲᠦᠮᠡᠨ ᠮᠥ᠂ ᠪᠡᠯᠴᠢᠭᠡᠷᠯᠡᠭᠦᠯᠬᠦ ᠶᠢ ᠵᠣᠭᠰᠤᠭᠠᠬᠤ ᠲᠠᠯᠠᠪᠠᠶ | 1687 ᠲᠦᠮᠡᠨ ᠮᠥ ᠳᠤ ᠬᠦᠷᠴᠦ᠂ ᠵᠢᠯ ᠪᠦᠷᠢ ᠠᠮᠢ ᠠᠬᠤᠶ ᠶᠢᠨ ᠨᠥᠬᠦᠪᠦᠷᠢ ᠱᠠᠩᠨᠠᠯ ᠤᠨ ᠪᠠᠯᠠ ᠮᠥᠩᠭᠦ ᠶᠢ 6. | 29 ᠳ᠋ᠦᠩᠰᠢᠭᠤᠷ ᠲᠥᠭᠦᠷᠢᠭ ᠲᠠᠷᠬᠠᠭᠠᠵᠤ᠂ 10 ᠬᠤᠰᠢᠭᠤ ᠬᠤᠲᠠ ᠲᠣᠭᠤᠷᠢᠭ᠂ 697 ᠭᠠᠴᠠᠭ᠎ᠠ ᠲᠣᠰᠬᠤᠨ ︵ | ᠲᠠᠯᠠᠪᠠᠶ︶ ᠤ 14.2 ᠲᠦᠮᠡᠨ ᠡᠷᠦᠬᠡ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠪᠡ᠃ ᠨᠤᠲᠤᠭ ᠪᠡᠯᠴᠢᠭᠡᠷ ᠤᠨ | ᠠᠮᠢ ᠠᠬᠤᠶ ᠢᠯᠡᠳᠲᠡ ᠰᠠᠶᠢᠵᠢᠷᠠᠵᠤ᠂ ᠮᠠᠯᠴᠢᠨ ᠲᠠᠷᠢᠶᠠᠴᠢᠨ ᠤ ᠨᠤᠲᠤᠭ ᠪᠡᠯᠴᠢᠭᠡᠷ ᠢᠶᠠᠨ ᠬᠠᠮᠠᠭᠠᠯᠠᠬᠤ ᠤᠬᠠᠮᠰᠠᠷ | ᠢᠯᠡᠳᠲᠡ ᠨᠡᠮᠡᠭᠳᠡᠵᠦ᠂ ᠠᠮᠢᠳᠤᠷᠠᠯ ᠤᠨ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠵᠦ᠂ ᠮᠠᠯᠵᠢᠬᠤ ᠲᠠᠷᠢᠶᠠᠯᠠᠬᠤ | ᠣᠷᠣᠨ ᠤ ᠦᠢᠯᠡᠳᠪᠦᠷᠢᠯᠡᠯ ᠠᠮᠢᠳᠤᠷᠠᠯ ᠠᠮᠢ ᠠᠬᠤᠶ ᠶᠢ ᠬᠠᠮᠠᠭᠠᠯᠠᠬᠤ ᠳᠤᠮᠳᠠ ᠬᠦᠭᠵᠢᠵᠦ᠂ ᠨᠤᠲᠤᠭ ᠪᠡᠯᠴᠢᠭᠡᠷ ᠤᠨ | ᠰᠡᠷᠭᠦᠨ ᠰᠠᠶᠢᠵᠢᠷᠠᠬᠤ ᠴᠢᠳᠠᠪᠤᠷᠢ ᠢᠯᠡᠳᠲᠡ ᠳᠡᠭᠡᠭᠰᠢᠯᠡᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠡᠳᠦᠷ | ᠢᠷᠡᠬᠦᠶ᠎ᠡ ᠪᠠᠶᠠᠯᠢᠭᠵᠢᠵᠤ᠂ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢᠨ ᠴᠢᠳᠠᠪᠤᠷᠢ ᠲᠣᠭᠲᠠᠭᠤᠨ ᠢᠶᠠᠷ | ᠴᠢᠩᠭᠠᠷᠠᠪᠠ᠃ | | ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠳᠤ᠂ ᠤᠯᠤᠰ ᠠᠴᠠ | ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠦᠭᠰᠡᠨ ᠨᠢ᠂ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠮᠠᠨ ᠤ ᠤᠯᠤᠰ ᠤᠨ | ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠦᠬᠦ ᠲᠠᠯ᠎ᠠ ᠶᠢ ᠨᠢᠭᠡᠳᠦᠯᠲᠡᠶ ᠲᠥᠯᠥᠪᠯᠡᠬᠦ ᠶᠢᠨ ᠲᠤᠰᠠᠳᠠ ᠭᠠᠷᠭᠠᠭᠰᠠᠨ | ᠴᠢᠬᠤᠯᠠ ᠶᠡᠭᠡ ᠰᠢᠢᠳᠪᠦᠷᠢᠲᠦ ᠪᠤᠳᠤᠯᠭ᠎ᠠ︔ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ᠂ ᠮᠠᠯᠴᠢᠨ | ᠲᠠᠷᠢᠶᠠᠴᠢᠨ ᠤ ᠠᠮᠢᠳᠤᠷᠠᠯ ᠢ ᠰᠠᠶᠢᠵᠢᠷᠠᠭᠤᠯᠬᠤ᠂ ᠲᠡᠵᠢᠭᠡᠯ ᠡᠪᠡᠰᠦᠨ ᠤ ᠮᠠᠯ ᠠᠵᠤ ᠠᠬᠤᠶ ᠶᠢᠨ ᠦᠢᠯᠡᠳᠪᠦᠷᠢᠯᠡᠯ ᠤᠨ | ᠬᠡᠯᠪᠡᠷᠢ ᠶᠢ ᠬᠤᠪᠢᠷᠠᠭᠤᠯᠬᠤ ᠪᠠ ᠦᠷᠭᠦᠯᠵᠢᠯᠡᠬᠦ᠋ᠢᠴᠡ ᠬᠦᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠤᠷᠠᠯ ᠠᠮᠢ ᠠᠬᠤᠶ ᠶᠢᠨ ᠬᠠᠷᠢᠯᠴᠠᠨ ᠠᠬᠢᠭᠤᠯᠵᠤ | ᠬᠠᠮᠲᠤᠪᠠᠷ ᠠᠰᠢᠭ ᠭᠥᠷᠳᠡᠬᠦ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠮᠠᠨ ᠤ ᠬᠤᠲᠠ ᠶᠢᠨ ᠮᠠᠯᠵᠢᠬᠤ | ᠲᠠᠷᠢᠶᠠᠯᠠᠬᠤ ᠣᠷᠣᠨ ᠤ ᠡᠯ᠎ᠡ ᠲᠥᠷᠦᠯ ᠤᠨ ᠠᠵᠢᠯ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠳᠤ | ᠴᠢᠬᠤᠯᠠ ᠠᠴᠢ ᠬᠤᠯᠪᠣᠭᠳᠠᠯ ᠲᠠᠢ ᠶᠤᠮ᠃ |