ᠬᠤᠶᠠᠷ᠂ ᠶᠡᠷᠦᠩᠬᠡᠶ ᠬᠠᠷᠠᠯᠲᠠ ᠬᠢᠭᠡᠳ ᠦᠨᠳᠦᠰᠦᠨ ᠵᠠᠷᠴᠢᠮ | | ︵ᠨᠢᠭᠡ︶ ᠶᠡᠷᠦᠩᠬᠡᠶ ᠬᠠᠷᠠᠯᠲᠠ | | ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠪᠣᠯᠣᠨ ᠬᠤᠯᠪᠤᠭᠳᠠᠯ ᠪᠥᠬᠦᠶ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠪᠠᠷ ᠳᠠᠮᠵᠢᠨ᠂ ᠨᠤᠲᠤᠭ ᠪᠡᠯᠴᠢᠭᠡᠷ ᠤᠨ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ | ᠪᠡᠯᠴᠢᠭᠡᠷᠯᠡᠭᠦᠯᠬᠦ ᠶᠢ ᠵᠤᠭᠰᠤᠭᠠᠬᠤ ᠲᠦᠷᠢᠮ ᠢ ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ︾ ᠶᠢᠨ ᠬᠤᠭᠤᠴᠠᠭᠠᠨ ᠤ ᠰᠡᠭᠦᠯᠴᠢ ᠪᠣᠯᠬᠤ ᠳᠤ᠂ ᠪᠥᠬᠦ ᠬᠤᠲᠠ ᠶᠢᠨ ᠨᠤᠲᠤᠭ ᠪᠡᠯᠴᠢᠭᠡᠷ ᠤᠨ | ᠳᠤᠮᠳᠠᠴᠢ ᠤᠷᠭᠤᠮᠠᠯ ᠬᠤᠴᠢᠯᠭ᠎ᠠ ᠶᠢᠨ ᠪᠦᠷᠬᠦᠴᠡ ᠶᠢ 75% ᠣᠷᠴᠢᠮ ᠳᠤ ᠲᠣᠭᠲᠠᠪᠤᠷᠢᠵᠢᠭᠤᠯᠵᠤ᠂ ᠨᠤᠲᠤᠭ | ᠪᠡᠯᠴᠢᠭᠡᠷ ᠤᠨ ᠠᠮᠢ ᠠᠬᠤᠶ ᠶᠢᠨ ᠣᠷᠴᠢᠨ ᠢ ᠦᠷᠭᠦᠯᠵᠢᠯᠡᠨ ᠰᠠᠶᠢᠵᠢᠷᠠᠭᠤᠯᠵᠤ᠂ ᠶᠠᠰᠤ ᠴᠢᠨᠠᠷ ᠢ ᠢᠯᠡᠳᠲᠡ | ᠰᠠᠶᠢᠵᠢᠷᠠᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ | ᠠᠯᠬᠤᠮ ᠴᠢᠨᠠᠭᠰᠢᠳᠠ ᠳᠣᠪᠤᠶᠢᠯᠭᠠᠬᠤ ᠪᠠᠷ ᠴᠢᠷᠮᠠᠶᠢᠨ᠎ᠠ︔ ᠮᠠᠯᠴᠢᠨ ᠲᠠᠷᠢᠶᠠᠴᠢᠨ ᠤ ᠨᠤᠲᠤᠭ ᠪᠡᠯᠴᠢᠭᠡᠷ ᠢᠶᠠᠨ | ᠬᠠᠮᠠᠭᠠᠯᠠᠬᠤ ᠤᠬᠠᠮᠰᠠᠷ ᠢ ᠠᠯᠬᠤᠮ ᠴᠢᠨᠠᠭᠰᠢᠳᠠ ᠳᠡᠭᠡᠭᠰᠢᠯᠡᠭᠦᠯᠦᠨ᠎ᠡ︔ ᠮᠠᠯᠴᠢᠨ ᠲᠠᠷᠢᠶᠠᠴᠢᠨ ᠤ ᠪᠠᠶᠢᠭᠠᠯᠢᠯᠢᠭ | ᠨᠤᠲᠤᠭ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠶᠢ ᠬᠥᠲᠥᠯᠦᠨ ᠵᠢᠯᠣᠭᠤᠳᠴᠤ᠂ ᠲᠡᠵᠢᠭᠡᠯ | ᠡᠪᠡᠰᠦᠨ ᠤ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠬᠤᠪᠢᠷᠠᠭᠤᠯᠬᠤ ᠶᠢ ᠲᠦᠷᠭᠡᠳᠬᠡᠨ | ᠠᠬᠢᠭᠤᠯᠵᠤ᠂ ᠮᠠᠯ ᠠᠵᠤ ᠠᠬᠤᠶ ᠶᠢᠨ ᠴᠢᠨᠠᠷ ᠰᠠᠶᠢᠲᠠᠶ ᠬᠦᠭᠵᠢᠯᠲᠡ ᠶᠢ ᠠᠬᠢᠭᠤᠯᠤᠨ᠎ᠠ︔ ᠮᠠᠯᠴᠢᠨ ᠲᠠᠷᠢᠶᠠᠴᠢᠨ ᠤ | ᠣᠷᠣᠯᠭ᠎ᠠ ᠶᠢᠨ ᠲᠦᠪᠰᠢᠨ ᠢ ᠲᠣᠭᠲᠠᠭᠤᠨ ᠢᠶᠠᠷ ᠨᠡᠮᠡᠭᠳᠡᠭᠦᠯᠦᠨ᠎ᠡ︔ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ | ᠬᠤᠪᠢ ᠨᠡᠮᠡᠷᠢ ᠦᠵᠡᠭᠦᠯᠵᠦ᠂ ᠡᠬᠡ ᠤᠯᠤᠰ ᠤᠨ ᠤᠮᠠᠷᠠᠲᠤ ᠬᠢᠵᠠᠭᠠᠷ ᠤᠨ ᠡᠨᠡ ᠬᠦ ᠦᠵᠡᠰᠬᠦᠯᠡᠩᠲᠦ ᠰᠠᠶᠢᠬᠠᠨ | ᠦᠵᠡᠮᠵᠢ ᠶᠢᠨ ᠣᠷᠣᠨ ᠢ ᠰᠠᠶᠢᠲᠤᠷ ᠰᠠᠬᠢᠨ ᠬᠠᠮᠠᠭᠠᠯᠠᠨ᠎ᠠ᠃ | | ︵ᠬᠤᠶᠠᠷ︶ ᠦᠨᠳᠦᠰᠦᠨ ᠵᠠᠷᠴᠢᠮ | | — ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠦᠭᠵᠢᠯᠲᠡ ᠶᠢ ᠪᠠᠷᠢᠮᠲᠠᠯᠠᠨ᠎ᠠ᠃ ︽ | ᠠᠮᠢ ᠠᠬᠤᠶ ᠶᠢ ᠤᠷᠢᠳ ᠢᠶᠠᠷ ᠪᠤᠳᠤᠯᠬᠢᠯᠠᠵᠤ᠂ ᠦᠢᠯᠡᠳᠪᠦᠷᠢᠯᠡᠯ ᠠᠮᠢ ᠠᠬᠤᠶ ᠶᠢ ᠣᠷᠭᠠᠨᠢᠭ ᠢᠶᠠᠷ ᠤᠶᠠᠯᠳᠤᠭᠤᠯᠬᠤ︾ | ᠦᠨᠳᠦᠰᠦᠨ ᠴᠢᠭᠯᠡᠯᠲᠡ ᠶᠢ ᠪᠠᠷᠢᠮᠲᠠᠯᠠᠨ᠂ ᠨᠤᠲᠤᠭ ᠪᠡᠯᠴᠢᠭᠡᠷ ᠤᠨ ᠡᠯ᠎ᠡ ᠲᠦᠷᠦᠯ ᠤᠨ ᠬᠠᠮᠠᠭᠠᠯᠠᠯᠲᠠ ᠶᠢᠨ | ᠲᠦᠷᠢᠮ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠢ | ᠬᠠᠮᠠᠭᠠᠯᠠᠨ ᠰᠡᠷᠭᠦᠭᠡᠵᠦ᠂ ᠮᠠᠯᠵᠢᠬᠤ ᠣᠷᠣᠨ ᠤ ᠠᠵᠤ ᠠᠬᠤᠶ ᠨᠡᠶᠢᠭᠡᠮ ᠤᠨ ᠦᠷᠭᠦᠯᠵᠢᠯᠡᠬᠦ᠋ᠢᠴᠡ ᠬᠦᠭᠵᠢᠯᠲᠡ ᠶᠢᠨ | ᠰᠠᠭᠤᠷᠢ ᠶᠢ ᠪᠠᠬᠢᠵᠢᠭᠦᠯᠦᠨ᠎ᠡ᠃ | | — ᠡᠷᠬᠡ ᠬᠠᠷᠢᠭᠤᠴᠠᠯᠭ᠎ᠠ ᠶᠢ ᠲᠣᠳᠣᠷᠬᠠᠢ ᠪᠠᠶᠢᠯᠭᠠᠵᠤ᠂ ᠱᠠᠳᠤ ᠬᠤᠪᠢᠶᠠᠨ ᠨᠠᠶᠢᠳᠠᠪᠤᠷᠢᠵᠢᠭᠤᠯᠬᠤ ᠶᠢ | ᠪᠠᠷᠢᠮᠲᠠᠯᠠᠨ᠎ᠠ᠃ ᠠᠯᠬᠤᠮ ᠴᠢᠨᠠᠭᠰᠢᠳᠠ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠨᠤᠲᠤᠭ | ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ᠂ ᠬᠠᠷᠠᠯᠲᠠ᠂ ᠡᠭᠦᠷᠭᠡ᠂ | ᠬᠠᠷᠢᠭᠤᠴᠠᠯᠭ᠎ᠠ᠂ ᠠᠷᠭ᠎ᠠ ᠶᠢᠨ ︽ᠲᠠᠪᠤ ᠶᠢ ᠬᠤᠰᠢᠭᠤ ᠬᠤᠲᠠ ᠲᠣᠭᠤᠷᠢᠭ ᠲᠤ ᠬᠦᠷᠭᠡᠬᠦ︾ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠪᠠᠷᠢᠮᠲᠠᠯᠠᠨ᠂ ᠬᠤᠰᠢᠭᠤ ᠬᠤᠲᠠ ᠲᠣᠭᠤᠷᠢᠭ ᠢᠶᠠᠷ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠭᠤᠤᠯ ᠴᠣᠭᠴᠠ ᠪᠠ ᠬᠠᠷᠢᠭᠤᠴᠠᠯᠭ᠎ᠠ ᠶᠢᠨ ᠭᠤᠤᠯ ᠴᠣᠭᠴᠠ ᠪᠣᠯᠭᠠᠵᠤ᠂ ᠲᠥᠰᠦᠯ ᠢ | ᠨᠠᠷᠢᠯᠢᠬᠵᠢᠭᠤᠯᠤᠨ᠂ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠢ ᠱᠠᠲᠤ ᠳᠠᠷᠠᠭᠠᠯᠠᠨ ᠪᠠᠶᠢᠭᠤᠯᠵᠤ᠂ ᠡᠭᠦᠷᠭᠡ ᠶᠢᠨ | ᠭᠦᠢᠴᠡᠳᠬᠡᠯ ᠲᠤᠭ᠎ᠠ ᠶᠢ ᠢᠯᠭᠠᠨ ᠬᠤᠪᠢᠶᠠᠷᠢᠯᠠᠨ᠎ᠠ᠃ | | — ᠲᠥᠷᠥ ᠶᠢᠨ ᠪᠣᠳᠣᠯᠭ᠎ᠠ ᠶᠢ ᠲᠣᠭᠲᠠᠭᠤᠨ ᠪᠠᠶᠢᠯᠭᠠᠵᠤ᠂ ᠯᠠᠪᠳᠠᠭᠤᠨ ᠠᠬᠢᠭᠤᠯᠬᠤ ᠶᠢ ᠪᠠᠷᠢᠮᠲᠠᠯᠠᠨ᠎ᠠ᠃ | ᠲᠥᠷᠥ ᠶᠢᠨ ᠪᠣᠳᠣᠯᠭ᠎ᠠ ᠶᠢᠨ ᠬᠠᠷᠠᠯᠲᠠ ᠶᠢᠨ ᠲᠣᠭᠲᠠᠭᠤᠨ ᠢ ᠪᠠᠲᠤᠯᠠᠵᠤ᠂ ᠠᠰᠢᠭ ᠭᠥᠷᠳᠡᠬᠦ ᠬᠥᠮᠦᠰ ᠢ | ᠦᠨᠳᠦᠰᠦᠨ ᠳᠡᠭᠡᠨ ᠲᠣᠭᠲᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ | ᠰᠤᠯᠠᠷᠠᠭᠤᠯᠬᠤ ᠥᠬᠡᠶ᠂ ᠨᠥᠬᠦᠪᠦᠷᠢ ᠱᠠᠩᠨᠠᠯ ᠤᠨ ᠪᠠᠷᠢᠮᠵᠢᠶ᠎ᠠ ᠶᠢ ᠪᠠᠭᠤᠷᠠᠭᠤᠯᠬᠤ ᠥᠬᠡᠶ᠂ ᠢᠵᠢ ᠪᠥᠷᠢᠳᠦᠭᠦᠯᠬᠦ | ᠪᠠᠯᠠ ᠮᠥᠩᠭᠦ ᠶᠢ ᠳᠠᠰᠤᠯᠳᠠᠭᠤᠯᠬᠤ ᠥᠬᠡᠶ ᠪᠠᠶᠢᠵᠤ᠂ ᠡᠮᠦᠨᠡᠬᠢ ᠬᠤᠶᠠᠷ ᠡᠭᠡᠯᠵᠢ ᠶᠢᠨ ᠰᠠᠶᠢᠨ ᠠᠷᠭ᠎ᠠ ᠠᠪᠴᠠᠯ ᠢ | ᠦᠷᠭᠦᠯᠵᠢᠯᠡᠨ ᠬᠡᠷᠡᠭᠵᠢᠭᠦᠯᠦᠨ᠎ᠡ᠃ | | — ᠪᠡᠯᠴᠢᠭᠡᠷ ᠢᠶᠠᠷ ᠮᠠᠯ ᠤᠨ ᠲᠤᠭ᠎ᠠ ᠶᠢ ᠲᠣᠭᠲᠠᠭᠠᠵᠤ᠂ ᠦᠷᠭᠦᠯᠵᠢᠯᠡᠬᠦ᠋ᠢᠴᠡ ᠬᠦᠭᠵᠢᠯᠲᠡ ᠶᠢ ᠪᠠᠷᠢᠮᠲᠠᠯᠠᠨ᠎ᠠ | ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠲᠤᠬᠠᠶ ᠶᠢᠨ ᠭᠠᠵᠠᠷ ᠤᠨ ᠪᠡᠯᠴᠢᠭᠡᠷ ᠤᠨ ᠡᠬᠢ | ᠪᠠᠶᠠᠯᠢᠭ ᠤᠨ ᠪᠤᠰᠤᠳᠴᠢ ᠪᠠ ᠪᠣᠳᠠᠲᠤ ᠪᠠᠶᠢᠳᠠᠯ ᠢ ᠬᠦᠨᠳᠦᠳᠬᠡᠵᠦ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ | ᠪᠠ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠬᠤᠪᠢᠶᠠᠷᠢᠯᠠᠨ | ᠲᠣᠭᠲᠠᠭᠠᠵᠤ᠂ ᠪᠠᠶᠢᠭᠠᠯᠢᠯᠢᠭ ᠨᠤᠲᠤᠭ ᠪᠡᠯᠴᠢᠭᠡᠷ ᠲᠤ ᠳᠣᠭᠢᠷᠠᠬᠤ ᠮᠠᠯ ᠤᠨ ᠳᠠᠭᠠᠭᠠᠴᠠ ᠶᠢ ᠰᠢᠨᠵᠢᠯᠡᠬᠦ | ᠤᠬᠠᠭᠠᠨᠴᠢ ᠪᠠᠷ ᠬᠢᠨᠠᠨ ᠲᠤᠭᠲᠠᠭᠠᠨ᠎ᠠ᠃ | | — ᠨᠢᠭᠡᠳᠦᠯᠲᠡᠶ ᠲᠥᠯᠥᠪᠯᠡᠨ ᠠᠬᠢᠭᠤᠯᠵᠤ᠂ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠪᠠᠷᠢᠮᠲᠠᠯᠠᠨ᠎ᠠ᠃ | ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠬᠠᠷᠢᠯᠴᠠᠨ ᠤᠶᠠᠯᠳᠤᠭᠤᠯᠵᠤ᠂ ᠶᠠᠳᠠᠭᠤ ᠠᠴᠠ ᠠᠩᠭᠢᠵᠢᠷᠠᠭᠤᠯᠬᠤ | ᠪᠤᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠯᠦᠭᠡ ᠬᠠᠷᠢᠯᠴᠠᠨ ᠤᠶᠠᠯᠳᠤᠭᠤᠯᠵᠤ | ᠂ ᠪᠡᠯᠴᠢᠭᠡᠷ ᠤᠨ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ | ᠬᠤᠪᠢᠷᠠᠭᠤᠯᠬᠤ ᠯᠤᠭ᠎ᠠ ᠬᠠᠷᠢᠯᠴᠠᠨ ᠤᠶᠠᠯᠳᠤᠭᠤᠯᠵᠤ᠂ ᠲᠠᠴᠢᠷᠰᠢᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ | ᠵᠠᠰᠠᠨ ᠰᠡᠷᠭᠦᠭᠡᠬᠦ ᠯᠦᠭᠡ ᠬᠠᠷᠢᠯᠴᠠᠨ ᠤᠶᠠᠯᠳᠤᠭᠤᠯᠵᠤ᠂ ᠪᠡᠯᠴᠢᠭᠡᠷ ᠤᠨ ᠮᠠᠯ ᠠᠵᠤ ᠠᠬᠤᠶ ᠶᠢᠨ ᠰᠠᠭᠤᠷᠢ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠮᠠᠯ ᠠᠵᠤ ᠠᠬᠤᠶ | ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ ᠤ ᠣᠳᠣᠬᠢᠴᠢᠯᠠᠯᠲᠠ ᠶᠢ ᠠᠬᠢᠭᠤᠯᠤᠨ᠎ᠠ᠃ | | — ᠢᠯᠡ ᠲᠣᠳᠣ ᠪᠠᠶᠢᠯᠭᠠᠵᠤ᠂ ᠨᠥᠬᠦᠪᠦᠷᠢ ᠱᠠᠩᠨᠠᠯ ᠤᠨ ︽ᠲᠠᠪᠤ ᠶᠢ ᠡᠷᠦᠬᠡ ᠳᠤ ᠬᠦᠷᠭᠡᠬᠦ︾ ᠶᠢ | ᠪᠠᠷᠢᠮᠲᠠᠯᠠᠨ᠎ᠠ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠥᠬᠦ ᠶᠠᠪᠤᠴᠠ ᠶᠢ ᠢᠯᠡ ᠲᠣᠳᠣ ᠪᠠᠶᠢᠯᠭᠠᠬᠤ ᠶᠢ | ᠪᠠᠷᠢᠮᠲᠠᠯᠠᠨ᠂ ᠡᠭᠦᠷᠭᠡ ᠶᠢ ᠨᠠᠶᠢᠳᠠᠪᠤᠷᠢᠵᠢᠭᠤᠯᠬᠤ᠂ ᠪᠠᠯᠠ ᠮᠥᠩᠭᠦ ᠲᠠᠷᠬᠠᠭᠠᠬᠤ᠂ ᠳᠠᠩᠰᠠᠯᠠᠵᠤ ᠺᠠᠷᠳ᠋ᠯᠠᠬᠤ᠂ | ᠦᠢᠯᠡᠴᠢᠯᠡᠨ ᠵᠢᠯᠤᠭᠤᠳᠬᠤ᠂ ᠬᠢᠨᠠᠨ ᠬᠠᠮᠢᠶᠠᠷᠬᠤ ︽ᠲᠠᠪᠤ ᠶᠢ ᠡᠷᠦᠬᠡ ᠳᠤ ᠬᠦᠷᠭᠡᠬᠦ︾ ᠶᠢ ᠪᠡᠶᠡᠯᠡᠭᠦᠯᠵᠦ᠂ ᠨᠤᠲᠤᠭ | ᠪᠡᠯᠴᠢᠭᠡᠷ ᠤᠨ ᠨᠥᠬᠦᠪᠦᠷᠢ ᠱᠠᠩᠨᠠᠯ ᠤᠨ ᠪᠠᠯᠠ ᠮᠥᠩᠭᠦ ᠶᠢ ᠭᠠᠴᠠᠭ᠎ᠠ ᠲᠣᠰᠬᠤᠨ ᠤ ᠱᠠᠲᠤᠨ ᠳᠤ ᠢᠯᠡ ᠨᠡᠶᠢᠲᠡᠯᠡᠬᠦ | ᠲᠦᠷᠢᠮ ᠢ ᠲᠡᠷᠡ ᠶᠣᠰᠤᠭᠠᠷ ᠨᠢ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠢᠯᠡ ᠪᠠᠷ ᠬᠡᠷᠡᠭᠵᠢᠭᠦᠯᠬᠦ ᠶᠢ ᠪᠠᠲᠤᠯᠠᠨ᠎ᠠ᠃ |