ᠭᠤᠷᠪᠠ᠂ ᠬᠡᠷᠡᠭᠵᠢᠭᠦᠯᠬᠦ ᠬᠦᠷᠢᠶ᠎ᠡ ᠬᠡᠪᠴᠢᠶ᠎ᠡ ᠪᠤᠯᠤᠨ ᠬᠤᠪᠢᠶᠠᠷᠢᠯᠠᠯ | | ︵ᠨᠢᠭᠡ︶ ᠬᠡᠷᠡᠭᠵᠢᠭᠦᠯᠬᠦ ᠬᠦᠷᠢᠶ᠎ᠡ ᠬᠡᠪᠴᠢᠶ᠎ᠡ | | ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠳᠤ᠂ | ᠮᠠᠨ ᠤ ᠬᠤᠲᠠ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠠᠯᠠᠪᠠᠶ 10290.90 ᠲᠦᠮᠡᠨ ᠮᠥ ᠳᠤ | ᠬᠦᠷᠴᠦ᠂ ᠡᠭᠦᠨ ᠳᠤ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ 961.37 ᠲᠦᠮᠡᠨ ᠮᠥ᠂ ᠮᠠᠯ ᠪᠡᠯᠴᠢᠭᠡᠷ ᠢ | ᠲᠡᠩᠴᠡᠭᠦᠷᠢᠰᠢᠭᠦᠯᠬᠦ ᠣᠷᠣᠨ ᠤ ᠲᠠᠯᠠᠪᠠᠶ 9329.53 ᠲᠦᠮᠡᠨ ᠮᠥ ᠪᠠᠶᠢᠵᠤ᠂ ᠵᠢᠯ ᠪᠦᠷᠢ ᠳᠤ ᠠᠮᠢ ᠠᠬᠤᠶ ᠶᠢᠨ | ᠨᠥᠬᠦᠪᠥᠷᠢ ᠱᠠᠩᠨᠠᠯ ᠤᠨ ᠪᠠᠯᠠ ᠮᠥᠩᠭᠦ ᠶᠢ 6.32 ᠳ᠋ᠦᠩᠰᠢᠭᠤᠷ ᠲᠥᠭᠦᠷᠢᠭ ᠲᠠᠷᠬᠠᠭᠠᠵᠤ᠂ ᠪᠥᠬᠦ ᠬᠤᠲᠠ ᠶᠢᠨ | 10 ᠬᠤᠰᠢᠭᠤ ᠬᠤᠲᠠ ᠲᠣᠭᠤᠷᠢᠭ ᠢ ᠬᠠᠮᠤᠷᠤᠭᠤᠯᠤᠨ᠎ᠠ᠃ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ | ᠡᠷᠬᠡ ᠶᠢᠨ ᠦᠨᠡᠮᠯᠡᠯ ᠲᠠᠢ ᠪᠤᠶᠤ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠭᠡᠷ᠎ᠡ ᠲᠣᠭᠲᠠᠭᠰᠠᠨ ᠮᠠᠯᠴᠢᠨ | ᠲᠠᠷᠢᠶᠠᠴᠢᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠲᠠᠯᠠᠪᠠᠶ ᠶᠢᠨ ᠠᠵᠢᠯᠲᠠᠨ | ᠴᠥᠮ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢ | ᠭᠥᠷᠳᠡᠵᠦ ᠪᠣᠯᠤᠨ᠎ᠠ᠃ | | ︵ᠬᠤᠶᠠᠷ︶ ᠬᠤᠪᠢᠶᠠᠷᠢᠯᠠᠯ | | ᠬ᠋᠊ᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ | ᠣᠷᠣᠨ ᠪᠦᠰᠡ ᠶᠢ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ | ᠭᠡᠵᠦ ᠬᠤᠪᠢᠶᠠᠨ᠎ᠠ᠃ | | 1. ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ᠃ ᠥᠪᠡᠷᠲᠡᠭᠡᠨ ᠵᠠᠰᠠᠬᠤ ᠣᠷᠣᠨ ᠤ ︽ᠭᠤᠷᠪᠠᠳᠤᠭᠠᠷ | ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ | ᠪᠣᠳᠣᠯᠭ᠎ᠠ ᠶᠢᠨ ᠬᠡᠷᠡᠭᠵᠢᠭᠦᠯᠬᠦ ᠲᠥᠰᠦᠯ︾ ᠪᠣᠯᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠢᠨᠠᠨ | ᠬᠡᠮᠵᠢᠯᠲᠡ ᠶᠢᠨ ᠪᠣᠳᠠᠲᠠᠶ ᠪᠠᠶᠢᠳᠠᠯ ᠢ ᠦᠨᠳᠦᠰᠦᠯᠡᠨ᠂ ᠳᠣᠤᠷ᠎ᠠ ᠵᠢᠭᠰᠠᠭᠠᠭᠰᠠᠨ ᠨᠤᠲᠤᠭ ᠪᠡᠯᠴᠢᠭᠡᠷ ᠢ | ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠪᠣᠯᠭᠠᠨ ᠬᠤᠪᠢᠶᠠᠨ᠎ᠠ᠄ ᠬᠦᠨᠳᠦ ᠨᠣᠴᠢᠲᠠᠢ ᠲᠠᠴᠢᠷᠰᠢᠵᠤ᠂ | ᠡᠯᠡᠰᠦᠷᠬᠡᠭᠵᠢᠭᠰᠡᠨ ᠨᠤᠲᠤᠭ ᠪᠡᠯᠴᠢᠭᠡᠷ︔ ᠪᠡᠯᠴᠢᠭᠡᠷᠯᠡᠭᠦᠯᠦᠨ ᠠᠰᠢᠭᠯᠠᠬᠤ ᠳᠤ ᠲᠣᠬᠢᠷᠠᠮᠵᠢ ᠦᠭᠡᠢ ᠨᠡᠯᠢᠶᠡᠳ | ᠲᠠᠴᠢᠷᠰᠢᠵᠤ᠂ ᠡᠯᠡᠰᠦᠷᠬᠡᠭᠵᠢᠭᠰᠡᠨ ᠨᠤᠲᠤᠭ ᠪᠡᠯᠴᠢᠭᠡᠷ︔ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠴᠢᠬᠤᠯᠠ | ᠨᠤᠭᠤ ᠭᠠᠵᠠᠷ ᠤᠨ ᠨᠤᠲᠤᠭ ᠪᠡᠯᠴᠢᠭᠡᠷ︔ ᠪᠤᠰᠤᠳ ᠪᠡᠯᠴᠢᠭᠡᠷᠯᠡᠭᠦᠯᠬᠦ ᠶᠢ ᠵᠣᠭᠰᠤᠭᠠᠬᠤ ᠴᠢᠬᠤᠯᠠᠲᠠᠶ ᠨᠤᠲᠤᠭ | ᠪᠡᠯᠴᠢᠭᠡᠷ᠃ | | 2. ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ᠃ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠠᠴᠠ | ᠪᠣᠰᠤᠳ ᠨᠤᠲᠤᠭ ᠪᠡᠯᠴᠢᠭᠡᠷ ᠢ ᠳᠠᠭᠠᠭᠠᠴᠠ ᠶᠢ ᠦᠨᠳᠦᠰᠦᠯᠡᠨ ᠲᠣᠬᠢᠷᠠᠮᠵᠢᠲᠠᠢ ᠮᠠᠯ ᠤᠨ ᠲᠤᠭ᠎ᠠ ᠬᠡᠮᠵᠢᠶ᠎ᠡ ᠶᠢ ᠬᠢᠨᠠᠨ | ᠲᠣᠭᠲᠠᠭᠠᠵᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠪᠣᠯᠭᠠᠨ ᠬᠤᠪᠢᠶᠠᠷᠢᠯᠠᠨ ᠲᠤᠭᠲᠠᠭᠠᠨ᠎ᠠ᠃ ᠮᠠᠯ | ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠢᠶᠠᠷ ᠬᠤᠪᠢᠶᠠᠷᠢᠯᠠᠨ ᠲᠣᠭᠲᠠᠭᠠᠭᠰᠠᠨ ᠨᠤᠲᠤᠭ ᠪᠡᠯᠴᠢᠭᠡᠷ ᠲᠤ ᠮᠠᠯ | ᠪᠡᠯᠴᠢᠭᠡᠷ ᠢ ᠲᠡᠩᠴᠡᠭᠦᠷᠢᠰᠢᠭᠦᠯᠬᠦ ᠲᠦᠷᠢᠮ ᠢ ᠴᠢᠩᠭ᠎ᠠ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠪᠡᠯᠴᠢᠭᠡᠷ ᠢ | ᠰᠡᠷᠭᠦᠭᠡᠬᠦ ᠲᠦᠷᠢᠮ ᠢ ᠬᠡᠷᠡᠭᠵᠢᠭᠦᠯᠵᠦ᠂ ᠪᠡᠯᠴᠢᠭᠡᠷ ᠬᠤᠪᠢᠶᠠᠨ ᠰᠡᠯᠭᠦᠨ ᠮᠠᠯᠵᠢᠬᠤ ᠲᠦᠷᠢᠮ ᠢ ᠬᠡᠷᠡᠭᠵᠢᠭᠦᠯᠬᠦ ᠶᠢ | ᠵᠣᠷᠢᠭᠵᠢᠭᠤᠯᠵᠤ᠂ ᠨᠤᠲᠤᠭ ᠪᠡᠯᠴᠢᠭᠡᠷ ᠢ ᠦᠷᠭᠦᠯᠵᠢᠯᠡᠨ ᠠᠰᠢᠭᠯᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ |