ᠳᠥᠷᠪᠡ᠂ ᠲᠥᠷᠥ ᠶᠢᠨ ᠪᠣᠳᠣᠯᠭ᠎ᠠ ᠶᠢᠨ ᠠᠭᠤᠯᠭ᠎ᠠ ᠵᠢᠴᠢ ᠪᠠᠷᠢᠮᠵᠢᠶ᠎ᠠ | | ︵ᠨᠢᠭᠡ︶ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ | | 1. ᠤᠯᠤᠰ ᠤᠨ ᠲᠦᠷᠦ ᠶᠢᠨ ᠪᠤᠳᠤᠯᠭ᠎ᠠ᠃ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠢᠶᠠᠷ ᠬᠤᠪᠢᠶᠠᠷᠢᠯᠠᠨ | ᠲᠣᠭᠲᠠᠭᠠᠭᠰᠠᠨ ᠨᠤᠲᠤᠭ ᠪᠡᠯᠴᠢᠭᠡᠷ ᠲᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠬᠠᠮᠢᠶᠠᠷᠤᠯᠲᠠ ᠶᠢ ᠬᠡᠷᠡᠭᠵᠢᠭᠦᠯᠵᠦ᠂ | ᠮᠠᠯ ᠪᠡᠯᠴᠢᠭᠡᠷ ᠢ ᠲᠡᠩᠴᠡᠭᠦᠷᠢᠰᠢᠭᠦᠯᠬᠦ ᠬᠠᠷᠢᠭᠤᠴᠠᠯᠭ᠎ᠠ ᠶᠢ ᠭᠦᠢᠴᠡᠳᠬᠡᠭᠰᠡᠨ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ | ᠱᠠᠭᠠᠷᠳᠠᠯᠭ᠎ᠠ ᠶᠢ ᠪᠡᠶᠡᠯᠡᠭᠦᠯᠦᠭᠰᠡᠨ ᠮᠠᠯᠴᠢᠨ ᠲᠠᠷᠢᠶᠠᠴᠢᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯ ᠠᠵᠤ ᠠᠬᠤᠶ | ᠣᠶ ᠰᠢᠭᠤᠶ ᠶᠢᠨ ᠲᠠᠯᠠᠪᠠᠶ ᠶᠢᠨ ᠠᠵᠢᠯᠲᠠᠳ ᠲᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠱᠠᠩᠨᠠᠯ ᠣᠯᠭᠤᠨ᠎ᠠ᠃ | ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠢᠶᠠᠷ ᠬᠤᠪᠢᠶᠠᠷᠢᠯᠠᠨ ᠲᠣᠭᠲᠠᠭᠠᠭᠰᠠᠨ ᠨᠤᠲᠤᠭ ᠪᠡᠯᠴᠢᠭᠡᠷ ᠲᠤ᠂ | ᠪᠡᠯᠴᠢᠭᠡᠷᠯᠡᠭᠦᠯᠬᠦ ᠶᠢ ᠵᠣᠭᠰᠤᠭᠠᠬᠤ ᠬᠠᠷᠢᠭᠤᠴᠠᠯᠭ᠎ᠠ ᠶᠢ ᠭᠦᠢᠴᠡᠳᠬᠡᠭᠰᠡᠨ᠂ ᠪᠡᠯᠴᠢᠭᠡᠷᠯᠡᠭᠦᠯᠬᠦ ᠶᠢ ᠵᠣᠭᠰᠤᠭᠠᠬᠤ | ᠱᠠᠭᠠᠷᠳᠠᠯᠭ᠎ᠠ ᠶᠢ ᠪᠡᠶᠡᠯᠡᠭᠦᠯᠦᠭᠰᠡᠨ ᠮᠠᠯᠴᠢᠨ ᠲᠠᠷᠢᠶᠠᠴᠢᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯ ᠠᠵᠤ ᠠᠬᠤᠶ | ᠣᠶ ᠰᠢᠭᠤᠶ ᠶᠢᠨ ᠲᠠᠯᠠᠪᠠᠶ ᠶᠢᠨ ᠠᠵᠢᠯᠲᠠᠳ ᠲᠤ ᠪᠡᠯᠴᠢᠭᠡᠷᠯᠡᠭᠦᠯᠬᠦ ᠶᠢ ᠵᠣᠭᠰᠤᠭᠠᠬᠤ ᠨᠥᠬᠦᠪᠥᠷᠢ ᠣᠯᠭᠤᠨ᠎ᠠ᠃ | | 2. ᠨᠥᠬᠦᠪᠦᠷᠢ ᠱᠠᠩᠨᠠᠯ ᠤᠨ ᠪᠠᠷᠢᠮᠵᠢᠶ᠎ᠠ᠃ ᠤᠯᠤᠰ ᠤᠨ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠶᠢ ᠱᠠᠩᠨᠠᠬᠤ | ᠪᠠᠷᠢᠮᠵᠢᠶ᠎ᠠ ᠶᠣᠰᠣᠭᠠᠷ᠂ ᠵᠢᠯ ᠪᠦᠷᠢ ᠪᠠᠷᠢᠮᠵᠢᠶ᠎ᠠ ᠮᠥ ᠪᠦᠷᠢ ᠳᠤ 2.5 ᠲᠥᠭᠦᠷᠢᠭ ᠱᠠᠩᠨᠠᠬᠤ ᠬᠢᠨᠠᠨ ᠪᠣᠳᠤᠬᠤ | ᠪᠠᠷᠢᠮᠵᠢᠶ᠎ᠠ ᠪᠠᠷ ᠰᠠᠭᠤᠷᠢ ᠲᠤᠭ᠎ᠠ ᠪᠣᠯᠭᠠᠵᠤ᠂ ᠪᠠᠷᠢᠮᠵᠢᠶ᠎ᠠ ᠮᠥ ᠶᠢ ᠠᠰᠢᠭᠯᠠᠭᠰᠠᠨ ᠢᠯᠡᠳᠬᠡᠮᠵᠢ 1.92 ᠪᠠᠶᠢᠵᠤ᠂ | ᠮᠠᠨ ᠤ ᠬᠤᠲᠠ ᠶᠢᠨ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠶᠢ ᠱᠠᠩᠨᠠᠬᠤ ᠪᠠᠷᠢᠮᠵᠢᠶ᠎ᠠ ᠶᠢ ᠵᠢᠯ ᠪᠦᠷᠢ ᠮᠥ ᠪᠦᠷᠢ ᠳᠤ | 4.8 ᠲᠥᠭᠦᠷᠢᠭ ᠢᠶᠠᠷ ᠲᠣᠭᠲᠠᠭᠠᠪᠠ᠃ ᠤᠯᠤᠰ ᠤᠨ ᠪᠡᠯᠴᠢᠭᠡᠷᠯᠡᠭᠦᠯᠬᠦ ᠶᠢ ᠵᠣᠭᠰᠤᠭᠠᠬᠤ ᠨᠥᠬᠦᠪᠥᠷᠢ ᠶᠢᠨ ᠪᠠᠷᠢᠮᠵᠢᠶ᠎ᠠ | ᠶᠣᠰᠣᠭᠠᠷ᠂ ᠵᠢᠯ ᠪᠦᠷᠢ ᠪᠠᠷᠢᠮᠵᠢᠶ᠎ᠠ ᠮᠥ ᠪᠦᠷᠢ ᠳᠤ 7.5 ᠲᠥᠭᠦᠷᠢᠭ ᠨᠥᠬᠦᠪᠦᠷᠢᠯᠡᠬᠦ ᠬᠢᠨᠠᠨ ᠪᠣᠳᠤᠬᠤ | ᠪᠠᠷᠢᠮᠵᠢᠶ᠎ᠠ ᠪᠠᠷ ᠰᠠᠭᠤᠷᠢ ᠲᠤᠭ᠎ᠠ ᠪᠣᠯᠭᠠᠵᠤ᠂ ᠪᠠᠷᠢᠮᠵᠢᠶ᠎ᠠ ᠮᠥ ᠶᠢ ᠠᠰᠢᠭᠯᠠᠭᠰᠠᠨ ᠢᠯᠡᠳᠬᠡᠮᠵᠢ 1.92 ᠪᠠᠶᠢᠵᠤ᠂ | ᠮᠠᠨ ᠤ ᠬᠤᠲᠠ ᠶᠢᠨ ᠪᠡᠯᠴᠢᠭᠡᠷᠯᠡᠭᠦᠯᠬᠦ ᠶᠢ ᠵᠣᠭᠰᠤᠭᠠᠬᠤ ᠨᠥᠬᠦᠪᠥᠷᠢ ᠶᠢᠨ ᠪᠠᠷᠢᠮᠵᠢᠶ᠎ᠠ ᠶᠢ ᠵᠢᠯ ᠪᠦᠷᠢ ᠮᠥ ᠪᠦᠷᠢ ᠳᠤ | 14.4 ᠲᠥᠭᠦᠷᠢᠭ ᠢᠶᠠᠷ ᠲᠣᠭᠲᠠᠭᠠᠪᠠ᠃ | | ᠡᠯ᠎ᠡ ᠬᠤᠰᠢᠭᠤ ᠬᠤᠲᠠ ᠲᠣᠭᠤᠷᠢᠭ ᠪᠠᠭᠤᠯᠭᠠᠭᠰᠠᠨ ᠪᠠᠯᠠ ᠮᠥᠩᠭᠦ ᠶᠢᠨ ᠲᠤᠭ᠎ᠠ ᠬᠡᠮᠵᠢᠶ᠎ᠡ᠂ | ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠬᠦᠷᠢᠶ᠎ᠡ ᠬᠡᠪᠴᠢᠶ᠎ᠡ ᠶᠢ ᠦᠨᠳᠦᠰᠦᠯᠡᠨ | ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠪᠣᠳᠠᠲᠠᠶ ᠱᠠᠩᠨᠠᠵᠤ ᠨᠥᠬᠦᠪᠦᠷᠢᠯᠡᠬᠦ ᠠᠷᠭ᠎ᠠ ᠪᠠ ᠪᠠᠷᠢᠮᠵᠢᠶ᠎ᠠ ᠶᠢ | ᠲᠣᠭᠲᠠᠭᠠᠨ᠎ᠠ᠃ ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ ᠪᠡᠯᠴᠢᠭᠡᠷ ᠤᠨ ᠲᠠᠯᠠᠪᠠᠢ ᠪᠠᠷ ᠨᠡᠯᠢᠶᠡᠳ ᠪᠠᠭ᠎ᠠ | ᠭᠠᠵᠠᠷ ᠣᠷᠣᠨ ᠤ ᠨᠥᠬᠦᠪᠦᠷᠢ ᠱᠠᠩᠨᠠᠯ ᠤᠨ ᠪᠠᠷᠢᠮᠵᠢᠶ᠎ᠠ ᠶᠢ ᠵᠤᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ ᠪᠣᠯᠤᠨ᠎ᠠ᠃ | ᠨᠥᠬᠦᠪᠥᠷᠢ ᠶᠢᠨ ᠪᠠᠯᠠ ᠮᠥᠩᠭᠦ ᠬᠡᠲᠦ ᠥᠨᠳᠥᠷ ︽ᠪᠠᠶᠠᠨ ᠡᠷᠦᠬᠡ ᠪᠣᠰᠬᠠᠬᠤ︾ ᠪᠠ ᠨᠥᠬᠦᠪᠥᠷᠢ ᠬᠡᠲᠦ ᠳᠣᠤᠷ᠎ᠠ | ᠪᠤᠯᠤᠭᠰᠠᠨ ᠠᠴᠠ ᠪᠣᠯᠵᠣ ᠮᠠᠯᠴᠢᠨ ᠲᠠᠷᠢᠶᠠᠴᠢᠨ ᠤ ᠠᠮᠢᠳᠤᠷᠠᠯ ᠢ ᠨᠥᠯᠥᠭᠡᠯᠡᠬᠦ ᠦᠵᠡᠭᠳᠡᠯ ᠭᠠᠷᠬᠤ ᠠᠴᠠ ᠵᠠᠶᠢᠯᠠᠰᠬᠢᠬᠦ | ᠬᠡᠷᠡᠭᠲᠡᠶ᠃ ︽ᠳᠡᠭᠡᠳᠦ ᠶᠢ ᠬᠢᠵᠠᠭᠠᠷᠯᠠᠨ ᠰᠠᠭᠤᠷᠢ ᠶᠢ ᠪᠠᠲᠤᠯᠠᠬᠤ︾ ᠠᠷᠭ᠎ᠠ ᠬᠡᠮᠵᠢᠶ᠎ᠡ ᠠᠪᠴᠤ᠂ ᠮᠠᠯᠴᠢᠨ | ᠲᠠᠷᠢᠶᠠᠴᠢᠳ ᠤᠨ ᠲᠡᠩᠴᠡᠭᠦᠷᠢᠲᠡᠶ ᠠᠰᠢᠭ ᠬᠦᠷᠲᠡᠭᠡᠬᠦ ᠶᠢ ᠪᠡᠶᠡᠯᠡᠭᠦᠯᠦᠨ᠎ᠡ᠃ ᠳᠡᠭᠡᠳᠦ ᠬᠢᠵᠠᠭᠠᠷ ᠤᠨ ᠪᠠᠷᠢᠮᠵᠢᠶ᠎ᠠ ᠶᠢ | ᠲᠣᠰ ᠭᠠᠵᠠᠷ ᠣᠷᠣᠨ ᠤ ᠳᠡᠭᠡᠷ᠎ᠡ ᠵᠢᠯ ᠤᠨ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ ᠳᠤᠮᠳᠠᠴᠢ ᠴᠡᠪᠡᠷ | ᠣᠷᠣᠯᠭ᠎ᠠ ᠪᠠᠷ ᠯᠠᠪᠯᠠᠯᠲᠠ ᠪᠣᠯᠭᠠᠨ ᠬᠢᠵᠠᠭᠠᠷᠯᠠᠵᠤ ᠪᠣᠯᠤᠨ᠎ᠠ︔ ᠡᠭᠦᠨ ᠤ ᠬᠠᠮᠲᠤ ᠪᠠᠰᠠ ᠲᠣᠰ ᠭᠠᠵᠠᠷ ᠣᠷᠣᠨ ᠤ | ᠡᠳ᠋ ᠤᠨ ᠬᠦᠴᠦᠨ ᠢ ᠦᠨᠳᠦᠰᠦᠯᠡᠨ᠂ ᠮᠠᠯᠵᠢᠬᠤ ᠣᠷᠣᠨ ᠤ ᠪᠡᠯᠴᠢᠭᠡᠷᠯᠡᠭᠦᠯᠬᠦ ᠶᠢ ᠵᠣᠭᠰᠤᠭᠠᠬᠤ ᠡᠷᠦᠬᠡ ᠶᠢᠨ | ᠰᠠᠭᠤᠷᠢ ᠶᠢ ᠪᠠᠲᠤᠯᠠᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠰᠠᠭᠤᠷᠢ ᠶᠢ ᠪᠠᠲᠤᠯᠠᠬᠤ ᠪᠠᠷᠢᠮᠵᠢᠶ᠎ᠠ ᠶᠢ | ᠲᠤᠬᠠᠶ ᠶᠢᠨ ᠭᠠᠵᠠᠷ ᠤᠨ ᠶᠠᠳᠠᠭᠤ ᠬᠦᠴᠢᠷᠳᠡᠯ ᠤᠨ ᠱᠤᠭᠤᠮ ᠢᠶᠠᠷ ᠯᠠᠪᠯᠠᠯᠲᠠ ᠪᠣᠯᠭᠠᠨ ᠬᠡᠷᠡᠭᠵᠢᠭᠦᠯᠵᠦ᠂ ᠮᠠᠯᠴᠢᠨ | ᠲᠠᠷᠢᠶᠠᠴᠢᠨ ᠤ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠭᠥᠷᠳᠡᠬᠦ ᠲᠥᠷᠥ ᠶᠢᠨ ᠪᠣᠳᠣᠯᠭ᠎ᠠ ᠶᠢᠨ ᠠᠰᠢᠭ | ᠣᠯᠵᠠᠪᠤᠷᠢ ᠶᠢ ᠪᠠᠭᠤᠷᠠᠭᠤᠯᠬᠤ ᠥᠬᠡᠶ ᠪᠠᠶᠢᠬᠤ ᠶᠢ ᠪᠠᠲᠤᠯᠠᠨ᠎ᠠ᠃ ᠪᠠᠷᠢᠮᠵᠢᠶ᠎ᠠ ᠪᠠ ᠠᠷᠭ᠎ᠠ ᠶᠢ ᠡᠯ᠎ᠡ ᠭᠠᠵᠠᠷ ᠤᠨ ᠬᠢᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠵᠦᠢ ᠵᠣᠬᠢᠰᠲᠠᠶ ᠪᠠᠷ ᠲᠣᠭᠲᠠᠭᠠᠨ᠎ᠠ᠃ | | ︵ᠬᠤᠶᠠᠷ︶ ᠬᠠᠪᠤᠷ ᠤᠨ ᠤᠯᠠᠷᠢᠯ ᠳᠤ ᠪᠡᠯᠴᠢᠭᠡᠷ ᠢ ᠰᠡᠷᠭᠦᠭᠡᠬᠦ | | 1. ᠪᠡᠯᠴᠢᠭᠡᠷ ᠢ ᠰᠡᠷᠭᠦᠭᠡᠬᠦ ᠬᠤᠭᠤᠴᠠᠭ᠎ᠠ ᠶᠢ ᠲᠣᠭᠲᠠᠭᠠᠨ᠎ᠠ᠃ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ | ᠨᠣᠭᠤᠭᠠᠷᠠᠬᠤ ᠬᠤᠭᠤᠴᠠᠭᠠᠨ ᠳᠤ ᠪᠡᠯᠴᠢᠭᠡᠷ ᠢ ᠰᠡᠷᠭᠦᠭᠡᠨ᠎ᠡ᠃ ᠡᠯ᠎ᠡ ᠬᠤᠰᠢᠭᠤ ᠬᠤᠲᠠ ᠲᠣᠭᠤᠷᠢᠭ ᠨᠢ ᠠᠳᠠᠯᠢ | ᠪᠤᠰᠤ ᠠᠭᠤᠷ ᠠᠮᠢᠰᠬᠤᠯ ᠤᠨ ᠨᠥᠬᠦᠴᠡᠯ᠂ ᠨᠤᠲᠤᠭ ᠪᠡᠯᠴᠢᠭᠡᠷ ᠤᠨ ᠤᠷᠭᠤᠮᠠᠯ ᠬᠤᠴᠢᠯᠭ᠎ᠠ ᠶᠢᠨ ᠲᠥᠷᠥᠯ ᠬᠡᠯᠪᠡᠷᠢ᠂ | ᠦᠢᠯᠡᠳᠪᠦᠷᠢᠯᠡᠯ ᠤᠨ ᠬᠡᠷᠡᠭᠴᠡᠭᠡ ᠶᠢ ᠦᠨᠳᠦᠰᠦᠯᠡᠨ᠂ ᠪᠡᠯᠴᠢᠭᠡᠷ ᠢ ᠰᠡᠷᠭᠦᠭᠡᠬᠦ ᠡᠬᠢᠯᠡᠯ ᠲᠡᠭᠦᠰᠬᠡᠯ ᠤᠨ ᠴᠠᠭ ᠢ | ᠲᠣᠭᠲᠠᠭᠠᠨ᠎ᠠ᠃ ᠨᠤᠲᠤᠭ ᠪᠡᠯᠴᠢᠭᠡᠷ ᠤᠨ ᠰᠡᠯᠭᠦᠨ ᠥᠨᠵᠢᠯᠲᠡ ᠶᠢ ᠠᠬᠢᠭᠤᠯᠬᠤ ᠶᠢᠨ ᠲᠤᠰᠠᠳᠠ᠂ ᠪᠡᠯᠴᠢᠭᠡᠷ ᠢ | ᠰᠡᠷᠭᠦᠭᠡᠬᠦ ᠬᠤᠭᠤᠴᠠᠭ᠎ᠠ ᠶᠢ 45 ᠡᠳᠦᠷ ᠠᠴᠠ ᠳᠤᠲᠠᠭᠤ ᠥᠬᠡᠶ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠪᠡᠯᠴᠢᠭᠡᠷ ᠢ ᠰᠡᠷᠭᠦᠭᠡᠬᠦ ᠴᠠᠭ ᠢ 4 ᠰᠠᠷ᠎ᠠ ᠶᠢᠨ 10 ᠤ ᠡᠳᠦᠷ ᠠᠴᠠ ᠡᠷᠲᠡ ᠪᠠᠶᠢᠯᠭᠠᠵᠤ ᠪᠣᠯᠬᠤ ᠥᠬᠡᠶ᠃ | | 2. ᠪᠡᠯᠴᠢᠭᠡᠷ ᠢ ᠰᠡᠷᠭᠦᠭᠡᠬᠦ ᠬᠤᠭᠤᠴᠠᠭᠠᠨ ᠤ ᠬᠠᠮᠢᠶᠠᠷᠤᠯᠲᠠ᠃ ᠮᠠᠯ ᠪᠡᠯᠴᠢᠭᠡᠷ ᠢ ᠲᠡᠩᠴᠡᠭᠦᠷᠢᠰᠢᠭᠦᠯᠬᠦ | ᠣᠷᠣᠨ ᠳᠤ ᠴᠥᠮ ᠪᠡᠯᠴᠢᠭᠡᠷ ᠢ ᠰᠡᠷᠭᠦᠭᠡᠬᠦ ᠲᠦᠷᠢᠮ ᠢ ᠬᠡᠷᠡᠭᠵᠢᠭᠦᠯᠵᠦ᠂ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ | ᠪᠡᠯᠴᠢᠭᠡᠷᠯᠡᠭᠦᠯᠬᠦ ᠶᠢ ᠴᠢᠩᠭ᠎ᠠ ᠬᠤᠷᠢᠭᠯᠠᠨ᠎ᠠ᠃ ᠬᠤᠰᠢᠭᠤ ᠬᠤᠲᠠ ᠲᠣᠭᠤᠷᠢᠭ ᠵᠢᠯ ᠪᠦᠷᠢ ᠶᠢᠨ ᠠᠭᠤᠷ | ᠠᠮᠢᠰᠬᠤᠯ ᠤᠨ ᠬᠦᠴᠦᠨ ᠵᠦᠢᠯ᠂ ᠪᠡᠯᠴᠢᠭᠡᠷ ᠡᠪᠡᠰᠦᠨ ᠤ ᠤᠷᠭᠤᠯᠲᠠ ᠶᠢᠨ ᠵᠢᠮ᠎ᠡ ᠶᠣᠰᠣ ᠶᠢ ᠦᠨᠳᠦᠰᠦᠯᠡᠨ᠂ ᠴᠠᠭ | ᠲᠤᠬᠠᠢ ᠳᠤᠨᠢ ᠪᠡᠯᠴᠢᠭᠡᠷ ᠢ ᠰᠡᠷᠭᠦᠭᠡᠬᠦ ᠠᠯᠪᠠᠨ ᠵᠠᠷ ᠨᠡᠶᠢᠲᠡᠯᠡᠵᠦ᠂ ᠪᠡᠯᠴᠢᠭᠡᠷ ᠢ ᠰᠡᠷᠭᠦᠭᠡᠬᠦ ᠡᠬᠢᠯᠡᠯ ᠲᠡᠭᠦᠰᠬᠡᠯ ᠤᠨ | ᠴᠠᠭ ᠢ ᠲᠣᠳᠣᠷᠬᠠᠶᠢᠯᠠᠬᠤ ᠶᠢᠨ ᠬᠠᠮᠲᠤ ᠢᠯᠡᠷᠬᠡᠶ ᠭᠠᠵᠠᠷ ᠲᠤ ᠬᠠᠮᠢᠶ᠎ᠠ ᠪᠥᠬᠦᠶ ᠲᠡᠮᠳᠡᠭ ᠲᠠᠯᠪᠢᠨ᠎ᠠ᠃ | | 3. ᠨᠥᠬᠦᠪᠥᠷᠢ ᠥᠭᠬᠦ ᠪᠠᠷᠢᠮᠵᠢᠶ᠎ᠠ᠃ ᠬᠠᠪᠤᠷ ᠤᠨ ᠤᠯᠠᠷᠢᠯ ᠤᠨ ᠪᠡᠯᠴᠢᠭᠡᠷ ᠢ ᠰᠡᠷᠭᠦᠭᠡᠬᠦ ᠪᠡᠯᠴᠢᠭᠡᠷ ᠤᠨ | ᠨᠥᠬᠦᠪᠥᠷᠢ ᠶᠢᠨ ᠪᠠᠯᠠ ᠮᠥᠩᠭᠦ ᠶᠢ ᠮᠥ ᠪᠦᠷᠢ ᠳᠤ 0.73 ᠲᠥᠭᠦᠷᠢᠭ ᠠᠴᠠ ᠳᠣᠤᠷ᠎ᠠ ᠥᠬᠡᠶ ᠪᠠᠶᠢᠯᠭᠠᠵᠤ᠂ | ᠪᠡᠯᠴᠢᠭᠡᠷ ᠢ ᠰᠡᠷᠭᠦᠭᠡᠬᠦ ᠲᠦᠷᠢᠮ ᠢ ᠴᠢᠩᠭ᠎ᠠ ᠬᠡᠷᠡᠭᠵᠢᠭᠦᠯᠦᠭᠰᠡᠨ ᠮᠠᠯᠴᠢᠨ ᠲᠠᠷᠢᠶᠠᠴᠢᠨ ᠪᠦᠬᠦᠨ ᠴᠥᠮ ᠲᠤᠰ | ᠨᠥᠬᠦᠪᠥᠷᠢ ᠶᠢ ᠭᠥᠷᠳᠡᠵᠦ ᠪᠣᠯᠤᠨ᠎ᠠ᠃ |