ᠵᠢᠷᠭᠤᠭ᠎ᠠ᠂ ᠠᠵᠢᠯ ᠤᠨ ᠱᠠᠭᠠᠷᠳᠠᠯᠭ᠎ᠠ | | ︵ᠨᠢᠭᠡ︶ ᠠᠯᠬᠤᠮ ᠴᠢᠨᠠᠭᠰᠢᠳᠠ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠬᠡᠷᠡᠭᠵᠢᠭᠦᠯᠬᠦ | ᠭᠤᠤᠯ ᠴᠣᠭᠴᠠ ᠶᠢ ᠲᠣᠳᠤᠷᠬᠠᠶᠢᠯᠠᠨ᠎ᠠ | | ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠳᠤ | ᠪᠠᠯᠠ ᠮᠥᠩᠭᠦ᠂ ᠬᠠᠷᠠᠯᠲᠠ᠂ ᠡᠭᠦᠷᠭᠡ᠂ ᠬᠠᠷᠢᠭᠤᠴᠠᠯᠭ᠎ᠠ᠂ ᠠᠷᠭ᠎ᠠ ᠶᠢᠨ ︽ᠲᠠᠪᠤ ᠶᠢ ᠬᠤᠰᠢᠭᠤ ᠬᠤᠲᠠ | ᠲᠣᠭᠤᠷᠢᠭ ᠲᠤ ᠬᠦᠷᠭᠡᠬᠦ︾ ᠵᠠᠷᠴᠢᠮ ᠢ ᠪᠠᠷᠢᠮᠲᠠᠯᠠᠨ᠂ ᠬᠤᠰᠢᠭᠤ ᠬᠤᠲᠠ ᠲᠣᠭᠤᠷᠢᠭ ᠢᠶᠠᠷ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠭᠤᠤᠯ ᠴᠣᠭᠴᠠ ᠪᠠ ᠬᠠᠷᠢᠭᠤᠴᠠᠯᠭ᠎ᠠ ᠶᠢᠨ ᠭᠤᠤᠯ ᠴᠣᠭᠴᠠ ᠪᠣᠯᠭᠠᠨ᠎ᠠ᠃ | ᠬᠤᠲᠠ ᠶᠢᠨ ᠲᠣᠰ ᠱᠠᠲᠤᠨ ᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠠᠵᠢᠯ ᠤᠨ ᠤᠳᠤᠷᠢᠳᠬᠤ | ᠳᠤᠭᠤᠶᠢᠯᠠᠩ ᠨᠢ ᠬᠤᠰᠢᠭᠤ ᠬᠤᠲᠠ ᠲᠣᠭᠤᠷᠢᠭ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠵᠢᠯᠣᠭᠤᠳᠤᠭᠰᠠᠨ ᠰᠠᠭᠤᠷᠢᠨ ᠳᠡᠭᠡᠷ᠎ᠡ᠂ ᠱᠠᠯᠠᠪᠳᠠᠭᠤᠯᠤᠨ ᠪᠠᠶᠢᠴᠠᠭᠠᠵᠤ ᠬᠠᠮᠢᠶᠠᠷᠬᠤ ᠠᠵᠢᠯ ᠢ ᠪᠤᠳᠠᠲᠠᠢ ᠰᠠᠶᠢᠲᠤᠷ | ᠠᠳᠬᠤᠵᠤ᠂ ᠬᠤᠰᠢᠭᠤ ᠬᠤᠲᠠ ᠲᠣᠭᠤᠷᠢᠭ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠪᠠᠲᠤᠯᠠᠵᠤ᠂ ᠮᠠᠯᠴᠢᠳ ᠲᠤ ᠠᠰᠢᠭ ᠬᠦᠷᠲᠡᠭᠡᠬᠦ ᠤᠯᠤᠰ ᠤᠨ ᠲᠥᠷᠥ ᠶᠢᠨ ᠪᠣᠳᠣᠯᠭ᠎ᠠ ᠶᠢ ᠲᠡᠷᠡ ᠬᠡᠪ ᠢᠶᠠᠷ ᠨᠢ | ᠮᠠᠯᠴᠢᠨ ᠲᠠᠷᠢᠶᠠᠴᠢᠳ ᠲᠤ ᠲᠤᠰᠢᠶᠠᠨ ᠥᠭᠬᠦ ᠬᠡᠷᠡᠭᠲᠡᠢ᠃ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ | ᠬᠦᠷᠢᠶ᠎ᠡ ᠬᠡᠪᠴᠢᠶᠡᠨ ᠳᠠᠬᠢ ᠣᠶ ᠰᠢᠭᠤᠶ ᠪᠠ ᠨᠤᠲᠤᠭ ᠪᠡᠯᠴᠢᠭᠡᠷ ᠳᠠᠪᠬᠤᠴᠠᠭᠰᠠᠨ ᠣᠷᠣᠨ ᠪᠦᠰᠡ ᠶᠢᠨ ᠨᠥᠬᠦᠪᠦᠷᠢ | ᠱᠠᠩᠨᠠᠯ ᠤᠨ ᠪᠠᠯᠠ ᠮᠥᠩᠭᠦ ᠶᠢ ᠨᠡᠶᠢᠲᠡ ᠶᠢᠨ ᠠᠰᠠᠷᠠᠮᠵᠢ ᠶᠢᠨ ᠣᠶ ᠶᠢᠨ ᠨᠥᠬᠦᠪᠥᠷᠢ ᠯᠦᠭᠡ ᠳᠠᠪᠬᠤᠷᠳᠠᠭᠤᠯᠤᠨ | ᠣᠯᠭᠤᠵᠤ ᠪᠣᠯᠬᠤ ᠥᠬᠡᠶ᠃ | | ︵ᠬᠤᠶᠠᠷ︶ ᠬᠡᠷᠡᠭᠵᠢᠭᠦᠯᠬᠦ ᠲᠥᠰᠦᠯ ᠲᠣᠭᠲᠠᠭᠠᠵᠤ᠂ ᠲᠦᠷᠢᠮ ᠠᠷᠭ᠎ᠠ ᠬᠡᠮᠵᠢᠶ᠎ᠡ ᠶᠢ ᠪᠠᠶᠢᠭᠤᠯᠤᠨ | ᠲᠡᠭᠦᠯᠳᠡᠷᠵᠢᠭᠦᠯᠦᠨ᠎ᠡ | | ᠡᠯ᠎ᠡ ᠬᠤᠰᠢᠭᠤ ᠬᠤᠲᠠ ᠲᠣᠭᠤᠷᠢᠭ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠳᠠᠷᠤᠮᠠᠯᠯᠠᠨ | ᠲᠠᠷᠬᠠᠭᠠᠭᠰᠠᠨ ᠬᠡᠷᠡᠭᠵᠢᠭᠦᠯᠬᠦ ᠲᠥᠰᠦᠯ ᠶᠣᠰᠣᠭᠠᠷ᠂ ᠲᠣᠰ ᠭᠠᠵᠠᠷ ᠣᠷᠣᠨ ᠤ ᠪᠤᠳᠠᠳᠤ ᠪᠠᠶᠢᠳᠠᠯ ᠲᠠᠢ ᠪᠠᠨ | ᠤᠶᠠᠯᠳᠤᠭᠤᠯᠤᠨ᠂ ᠬᠡᠷᠡᠭᠵᠢᠭᠦᠯᠬᠦ ᠲᠥᠰᠦᠯ ᠪᠠ ᠠᠵᠢᠯ ᠤᠨ ᠲᠥᠯᠥᠪᠯᠡᠭᠡ ᠲᠣᠭᠲᠠᠭᠠᠵᠤ᠂ ᠡᠯ᠎ᠡ ᠲᠥᠷᠦᠯ ᠤᠨ | ᠲᠥᠷᠥ ᠶᠢᠨ ᠪᠣᠳᠣᠯᠭ᠎ᠠ ᠶᠢᠨ ᠲᠦᠷᠢᠮ ᠠᠷᠭ᠎ᠠ ᠬᠡᠮᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠣᠷᠣᠨ ᠪᠦᠰᠡ ᠶᠢᠨ | ᠪᠠᠶᠢᠷᠢᠰᠢᠭᠤᠯᠤᠯᠲᠠ᠂ ᠲᠥᠷᠥ ᠶᠢᠨ ᠪᠣᠳᠣᠯᠭ᠎ᠠ ᠲᠣᠭᠲᠠᠭᠠᠬᠤ᠂ ᠬᠢᠨᠠᠯᠲᠠ ᠬᠠᠮᠢᠶᠠᠷᠤᠯᠲᠠ ᠪᠠ ᠪᠠᠯᠠ ᠮᠥᠩᠭᠦ ᠶᠢᠨ | ᠣᠷᠣᠭᠤᠯᠤᠯᠲᠠ ᠶᠢᠨ ᠬᠠᠨᠳᠤᠰᠢ ᠶᠢᠨ ᠲᠠᠯ᠎ᠠ ᠪᠠᠷ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ | ᠡᠯ᠎ᠡ ᠬᠤᠰᠢᠭᠤ ᠬᠤᠲᠠ ᠲᠣᠭᠤᠷᠢᠭ ᠲᠥᠷᠥ ᠶᠢᠨ ᠪᠣᠳᠣᠯᠭ᠎ᠠ ᠲᠣᠭᠲᠠᠭᠠᠬᠤ ᠳᠠᠭᠠᠨ ᠡᠯ᠎ᠡ ᠲᠠᠯ᠎ᠠ ᠶᠢᠨ ᠬᠢᠨ ᠤ ᠰᠠᠨᠠᠯ ᠢ | ᠥᠷᠭᠡᠨ ᠢᠶᠠᠷ ᠬᠤᠷᠢᠶᠠᠵᠤ᠂ ᠮᠠᠯᠴᠢᠨ ᠲᠠᠷᠢᠶᠠᠴᠢᠨ ᠤ ᠬᠦᠰᠡᠯ ᠰᠠᠨᠠᠭ᠎ᠠ ᠶᠢ ᠬᠦᠨᠳᠦᠳᠬᠡᠨ᠂ ᠪᠡᠯᠴᠢᠭᠡᠷᠯᠡᠭᠦᠯᠬᠦ ᠶᠢ | ᠵᠣᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠢ ᠬᠤᠪᠢᠶᠠᠷᠢᠯᠠᠨ ᠲᠣᠭᠲᠠᠭᠠᠭᠰᠠᠨ ᠪᠠᠶᠢᠳᠠᠯ᠂ | ᠨᠥᠬᠦᠪᠦᠷᠢ ᠱᠠᠩᠨᠠᠯ ᠤᠨ ᠪᠠᠷᠢᠮᠵᠢᠶ᠎ᠠ᠂ ᠮᠠᠯᠴᠢᠳ ᠤᠨ ᠡᠳ᠋ᠯᠡᠵᠦ ᠪᠥᠬᠦᠶ ᠲᠥᠷᠥ ᠶᠢᠨ ᠪᠣᠳᠣᠯᠭ᠎ᠠ ᠵᠡᠷᠭᠡ ᠦᠨᠳᠦᠰᠦᠨ | ᠮᠡᠳᠡᠭᠡ ᠵᠠᠩᠭᠢ ᠶᠢᠨ ᠪᠠᠶᠢᠳᠠᠯ ᠢ ᠲᠣᠰ ᠭᠠᠵᠠᠷ ᠣᠷᠣᠨ ᠳᠤ ᠢᠯᠡ ᠨᠡᠶᠢᠲᠡᠯᠡᠵᠦ᠂ ᠨᠡᠶᠢᠭᠡᠮ ᠨᠡᠶᠢᠲᠡ ᠶᠢᠨ | ᠵᠥᠪᠰᠢᠶᠡᠷᠡᠯ ᠢ ᠣᠯᠵᠤ᠂ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ | ᠪᠣᠳᠣᠯᠭ᠎ᠠ ᠶᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠵᠤ᠂ ᠬᠠᠤᠯᠢ ᠲᠣᠭᠲᠠᠭᠠᠯ ᠶᠣᠰᠣᠭᠠᠷ | ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠬᠤᠰᠢᠭᠤ ᠬᠤᠲᠠ ᠲᠣᠭᠤᠷᠢᠭ ᠤᠨ ᠬᠡᠷᠡᠭᠵᠢᠭᠦᠯᠬᠦ ᠲᠥᠰᠦᠯ ᠢ ᠬᠤᠰᠢᠭᠤ | ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠨᠡᠶᠢᠲᠡᠯᠡᠵᠦ ᠬᠡᠷᠡᠭᠵᠢᠭᠦᠯᠦᠨ᠎ᠡ᠃ | | ︵ᠭᠤᠷᠪᠠ︶ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ | | ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠶᠢ | ᠵᠢᠷᠤᠮᠵᠢᠭᠤᠯᠤᠨ᠎ᠠ᠃ ︽ᠪᠦᠷᠢᠨ ᠴᠢᠳᠠᠮᠵᠢᠲᠤ ᠺᠠᠷᠲ︾ ᠪᠤᠶᠤ ︽ᠪᠦᠷᠢᠨ ᠴᠢᠳᠠᠮᠵᠢᠲᠤ ᠳᠠᠩᠰᠠ︾ ᠪᠠᠷ | ᠳᠠᠮᠵᠢᠭᠤᠯᠤᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢ | ᠲᠤᠬᠠᠶ ᠶᠢᠨ ᠵᠢᠯ ᠳᠤ ᠮᠠᠯᠴᠢᠨ ᠲᠠᠷᠢᠶᠠᠴᠢᠳ ᠲᠤ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠬᠤ ᠶᠢᠨ ᠬᠠᠮᠲᠤ᠂ | ᠺᠠᠷᠲ ᠪᠣᠯᠤᠨ ᠳᠠᠩᠰᠠᠨ ᠳᠤ ᠲᠥᠷᠥ ᠶᠢᠨ ᠪᠣᠳᠣᠯᠭ᠎ᠠ ᠶᠢᠨ ᠲᠥᠷᠥᠯ ᠵᠦᠢᠯ ᠤᠨ ᠨᠡᠷᠡᠶᠢᠳᠦᠯ ᠢ ᠲᠣᠳᠤᠷᠬᠠᠶᠢᠯᠠᠬᠤ | ᠬᠡᠷᠡᠭᠲᠡᠢ᠃ ᠪᠠᠯᠠ ᠮᠥᠩᠭᠦ ᠲᠠᠷᠬᠠᠭᠠᠬᠤ ᠳᠤ ᠭᠠᠴᠠᠭ᠎ᠠ ᠲᠣᠰᠬᠤᠨ ᠤ ᠱᠠᠲᠤᠨ ᠳᠤ ᠢᠯᠡ ᠨᠡᠶᠢᠲᠡᠯᠡᠬᠦ ᠲᠦᠷᠢᠮ ᠢ | ᠴᠢᠩᠭ᠎ᠠ ᠬᠡᠷᠡᠭᠵᠢᠭᠦᠯᠵᠦ᠂ ᠣᠯᠠᠨ ᠲᠦᠮᠡᠨ ᠤ ᠬᠢᠨᠠᠯᠲᠠ ᠲᠠᠯᠪᠢᠬᠤ ᠶᠢ ᠬᠦᠯᠢᠶᠡᠨ᠎ᠡ᠃ ᠬᠤᠰᠢᠭᠤ ᠬᠤᠲᠠ | ᠲᠣᠭᠤᠷᠢᠭ ᠤᠨ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠪᠠ ᠨᠤᠲᠤᠭ ᠪᠡᠯᠴᠢᠭᠡᠷ ᠤᠨ | ᠰᠠᠯᠠᠭ᠎ᠠ ᠮᠥᠴᠢᠷ ᠤᠨ ᠬᠢᠨ ᠰᠠᠬᠢᠯᠭ᠎ᠠ ᠪᠠᠲᠤ ᠪᠠᠶᠢᠴᠠᠭᠠᠬᠤ᠂ ᠬᠢᠨᠠᠨ ᠪᠠᠶᠢᠴᠠᠭᠠᠬᠤ ᠪᠠ ᠬᠢᠨᠠᠨ ᠪᠤᠳᠤᠬᠤ ᠵᠡᠷᠭᠡ | ᠰᠠᠯᠠᠭ᠎ᠠ ᠮᠥᠴᠢᠷ ᠲᠠᠢ ᠬᠠᠮᠲᠤᠷᠠᠨ᠂ ᠲᠥᠷᠥ ᠶᠢᠨ ᠪᠣᠳᠣᠯᠭ᠎ᠠ ᠶᠢᠨ ᠡᠭᠦᠷᠭᠡ ᠪᠠ ᠪᠠᠯᠠ ᠮᠥᠩᠭᠦ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠷᠠᠭᠤᠯᠬᠤ ᠬᠡᠷᠡᠭᠲᠡᠢ᠃ | ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠰᠠᠭᠤᠯᠭᠠᠨ ᠠᠪᠬᠤ ᠳᠤ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ | ᠰᠡᠷᠭᠦᠭᠡᠬᠦ ᠲᠦᠷᠢᠮ︾ ᠤᠨ ᠲᠣᠭᠲᠠᠭᠠᠯ ᠢ ᠴᠢᠩᠭ᠎ᠠ ᠵᠢᠷᠤᠮᠯᠠᠨ ᠨᠤᠲᠤᠭ ᠪᠡᠯᠴᠢᠭᠡᠷ ᠤᠨ ᠬᠠᠮᠠᠭᠠᠯᠠᠯᠲᠠ ᠪᠥᠲᠥᠭᠡᠨ | ᠪᠠᠶᠢᠭᠤᠯᠤᠯᠲᠠ ᠳᠤ ᠬᠡᠷᠡᠭᠯᠡᠨ᠎ᠡ︔ ᠬᠤᠰᠢᠭᠤ ᠬᠤᠲᠠ ᠲᠣᠭᠤᠷᠢᠭ ᠤᠨ ᠨᠥᠬᠦᠪᠦᠷᠢ ᠱᠠᠩᠨᠠᠯ ᠤᠨ ᠪᠠᠯᠠ ᠮᠥᠩᠭᠦ ᠶᠢ | ᠣᠯᠭᠤᠬᠤ ᠳᠤ ᠵᠠᠷᠴᠢᠮ ᠳᠡᠭᠡᠷ᠎ᠡ ᠪᠠᠨ ᠦᠯᠡᠳᠡᠪᠦᠷᠢ ᠪᠠᠶᠢᠬᠤ ᠥᠬᠡᠶ᠂ ᠣᠨᠴᠠᠭᠠᠢ ᠪᠠᠶᠢᠳᠠᠯ ᠠᠴᠠ ᠪᠣᠯᠵᠣ ᠪᠣᠶ | ᠪᠣᠯᠤᠭᠰᠠᠨ ᠨᠥᠬᠦᠪᠦᠷᠢ ᠱᠠᠩᠨᠠᠯ ᠤᠨ ᠦᠯᠡᠳᠡᠪᠦᠷᠢ ᠪᠠᠯᠠ ᠮᠥᠩᠭᠦ ᠶᠢ ᠴᠠᠭ ᠲᠤᠬᠠᠶ ᠳᠤᠨᠢ ᠱᠠᠲᠤ ᠳᠠᠷᠠᠭᠠᠯᠠᠨ ᠡᠳ᠋ ᠤᠨ | ᠵᠠᠰᠠᠭ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠲᠤ ᠪᠠᠯᠠ | ᠮᠥᠩᠭᠦ ᠶᠢᠨ ᠦᠯᠡᠳᠡᠪᠦᠷᠢ ᠶᠢᠨ ᠪᠠᠶᠢᠳᠠᠯ ᠢᠶᠠᠨ ᠮᠡᠳᠡᠭᠦᠯᠵᠦ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠨᠤᠲᠤᠭ | ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠪᠠ ᠬᠠᠮᠠᠭᠠᠯᠠᠬᠤ ᠶᠢ ᠳᠡᠮᠵᠢᠬᠦ ᠳᠤ ᠦᠷᠭᠦᠯᠵᠢᠯᠡᠨ ᠬᠡᠷᠡᠭᠯᠡᠨ᠎ᠡ᠃ | ᠡᠯ᠎ᠡ ᠬᠤᠰᠢᠭᠤ ᠬᠤᠲᠠ ᠲᠣᠭᠤᠷᠢᠭ ᠨᠢ ᠵᠢᠯ ᠪᠦᠷᠢ ᠶᠢᠨ ᠰᠡᠭᠦᠯᠴᠢ ᠠᠴᠠ ᠡᠮᠦᠨ᠎ᠡ ᠬᠥᠯᠥᠨ ᠪᠤᠶᠢᠷ ᠬᠤᠲᠠ ᠶᠢᠨ | ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠲᠤ | ᠲᠣᠰ ᠵᠢᠯ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃ | | ︵ᠳᠥᠷᠪᠡ︶ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠦᠯᠡᠳᠡᠪᠦᠷᠢ ᠪᠠᠯᠠ | ᠮᠥᠩᠭᠦ ᠶᠢ ᠰᠠᠶᠢᠲᠤᠷ ᠠᠰᠢᠭᠯᠠᠨ᠎ᠠ | | ︽ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ | ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ︾ ᠤᠨ | ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤ ᠬᠤᠲᠠ ᠲᠣᠭᠤᠷᠢᠭ ᠤᠨ ᠬᠤᠶᠠᠳᠤᠭᠠᠷ ᠡᠭᠡᠯᠵᠢ ᠶᠢᠨ ᠨᠤᠲᠤᠭ | ᠪᠡᠯᠴᠢᠭᠡᠷ ᠤᠨ ᠨᠥᠬᠦᠪᠥᠷᠢ ᠱᠠᠩᠨᠠᠯ ᠤᠨ ᠦᠯᠡᠳᠡᠪᠦᠷᠢ ᠪᠠᠯᠠ ᠮᠥᠩᠭᠦ ᠶᠢᠨ ᠲᠤᠰᠬᠠᠶ ᠪᠠᠯᠠ ᠮᠥᠩᠭᠦ ᠶᠢ ᠲᠤᠰᠬᠠᠶ | ᠵᠦᠢᠯ ᠳᠤ ᠬᠡᠷᠡᠭᠯᠡᠵᠦ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠨᠤᠲᠤᠭ ᠪᠡᠯᠴᠢᠭᠡᠷ ᠤᠨ ᠠᠮᠢ ᠠᠬᠤᠶ ᠶᠢ | ᠬᠠᠮᠠᠭᠠᠯᠠᠬᠤ ᠪᠠ ᠰᠡᠷᠭᠦᠭᠡᠨ ᠵᠠᠰᠠᠬᠤ ᠳᠤ ᠦᠷᠭᠦᠯᠵᠢᠯᠡᠨ ᠬᠡᠷᠡᠭᠯᠡᠨ᠎ᠡ᠃ | | ︵ᠲᠠᠪᠤ︶ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠪᠣᠯᠤᠨ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠢ | ᠰᠢᠨᠵᠢᠯᠡᠬᠦ ᠤᠬᠠᠭᠠᠨᠴᠢ ᠪᠠᠷ ᠴᠢᠩᠭ᠎ᠠ ᠨᠢᠮᠪᠠᠶ ᠬᠤᠪᠢᠶᠠᠷᠢᠯᠠᠨ ᠲᠣᠭᠲᠠᠭᠠᠨ᠎ᠠ | | ᠵᠠᠷᠴᠢᠮ ᠳᠡᠭᠡᠷ᠎ᠡ ᠪᠠᠨ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠪᠠ ᠪᠡᠯᠴᠢᠭᠡᠷᠯᠡᠭᠦᠯᠬᠦ ᠶᠢ ᠵᠣᠭᠰᠤᠭᠠᠬᠤ | ᠣᠷᠣᠨ ᠢ ᠬᠤᠪᠢᠶᠠᠷᠢᠯᠠᠨ ᠲᠣᠭᠲᠠᠭᠠᠬᠤ ᠳᠤ ᠳᠠᠭᠠᠭᠠᠴᠢᠯᠠᠭᠰᠠᠨ ᠬᠡᠰᠡᠭ ᠢᠶᠠᠷ ᠶᠠᠪᠤᠭᠤᠯᠬᠤ ᠬᠡᠷᠡᠭᠲᠡᠢ᠂ ᠲᠥᠪᠯᠡᠷᠡᠨ | ᠵᠠᠯᠭᠠᠯᠳᠤᠭᠰᠠᠨ᠂ ᠠᠳᠠᠯᠢ ᠨᠢᠭᠡ ᠡᠷᠬᠡ ᠶᠢᠨ ᠬᠠᠷᠢᠶ᠎ᠠ ᠪᠥᠬᠦᠶ ᠨᠤᠲᠤᠭ ᠪᠡᠯᠴᠢᠭᠡᠷ ᠳᠡᠭᠡᠷ᠎ᠡ ᠮᠠᠯ ᠪᠡᠯᠴᠢᠭᠡᠷ ᠢ | ᠲᠡᠩᠴᠡᠭᠦᠷᠢᠰᠢᠭᠦᠯᠬᠦ ᠣᠷᠣᠨ ᠪᠠᠶᠢᠬᠤ ᠮᠥᠷᠲᠡᠭᠡᠨ ᠪᠠᠰᠠ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠪᠠᠶᠢᠵᠤ ᠪᠣᠯᠬᠤ | ᠥᠬᠡᠶ᠂ ᠭᠡᠪᠡᠴᠦ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠤᠤᠯ ᠬᠡᠰᠡᠭ᠂ ᠴᠢᠬᠤᠯᠠ ᠨᠤᠭᠤ ᠭᠠᠵᠠᠷ ᠪᠠ | ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠵᠤ ᠰᠡᠷᠭᠦᠭᠡᠨ ᠵᠠᠰᠠᠬᠤ ᠢᠨᠵᠧᠨᠧᠷᠢᠩ ᠤᠨ ᠣᠷᠣᠨ ᠡᠭᠦᠨ ᠳᠤ | ᠪᠠᠭᠲᠠᠬᠤ ᠥᠬᠡᠶ᠃ ᠣᠶ ᠰᠢᠭᠤᠶ ᠪᠠ ᠨᠤᠲᠤᠭ ᠪᠡᠯᠴᠢᠭᠡᠷ ᠤᠨ ᠳᠠᠪᠬᠤᠴᠠᠭᠰᠠᠨ ᠲᠠᠯᠠᠪᠠᠶ ᠶᠢ ᠲᠤᠬᠠᠶ ᠶᠢᠨ ᠭᠠᠵᠠᠷ ᠤᠨ | ᠪᠣᠳᠠᠲᠠᠶ ᠪᠠᠶᠢᠳᠠᠯ ᠢ ᠦᠨᠳᠦᠰᠦᠯᠡᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ | ᠬᠡᠪᠴᠢᠶᠡᠨ ᠳᠤ ᠣᠷᠣᠭᠤᠯᠵᠤ᠂ ᠨᠢᠭᠡᠨᠲᠡ ᠲᠠᠲᠠᠪᠤᠷᠢᠯᠠᠨ ᠬᠡᠷᠡᠭᠯᠡᠭᠰᠡᠨ ᠨᠤᠲᠤᠭ ᠪᠡᠯᠴᠢᠭᠡᠷ ᠤᠨ ᠲᠠᠯᠠᠪᠠᠶ ᠶᠢ ᠬᠠᠰᠤᠨ᠎ᠠ | ᠃ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠤ ︽ᠳᠥᠷᠪᠡᠨ ᠵᠠᠬ᠎ᠠ︾ | ᠶᠢᠨ ᠵᠠᠭᠠᠭ ᠬᠢᠵᠠᠭᠠᠷ ᠨᠢ ᠲᠣᠳᠣᠷᠬᠠᠶ᠂ ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠨᠢ ᠲᠣᠳᠣᠷᠬᠠᠶ᠂ | ᠬᠤᠯᠪᠣᠭᠳᠠᠬᠤ ᠮᠠᠯᠵᠢᠬᠤ ᠲᠠᠷᠢᠶᠠᠯᠠᠬᠤ ᠡᠷᠦᠬᠡ ᠵᠡᠷᠭᠡ ᠶᠢᠨ ᠪᠠᠶᠢᠳᠠᠯ ᠨᠢ ᠨᠠᠷᠢᠨ ᠪᠣᠳᠠᠲᠠᠶ ᠪᠠᠶᠢᠬᠤ ᠬᠡᠷᠡᠭᠲᠡᠶ᠃ | | ︵ᠵᠢᠷᠭᠤᠭ᠎ᠠ︶ ᠳᠤᠯᠠᠭᠠᠨ ᠤᠯᠠᠷᠢᠯ ᠤᠨ ᠪᠡᠯᠴᠢᠭᠡᠷ ᠤᠨ ᠳᠠᠭᠠᠭᠠᠴᠠ ᠶᠢ ᠰᠢᠨᠵᠢᠯᠡᠬᠦ ᠤᠬᠠᠭᠠᠨᠴᠢ ᠪᠠᠷ ᠬᠢᠨᠠᠨ | ᠲᠣᠭᠲᠠᠭᠠᠨ᠎ᠠ | | ᠡᠯ᠎ᠡ ᠬᠤᠰᠢᠭᠤ ᠬᠤᠲᠠ ᠲᠣᠭᠤᠷᠢᠭ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ | ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠰᠡᠷᠭᠦᠭᠡᠬᠦ ᠲᠦᠷᠢᠮ︾ ᠤᠨ | ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠤᠲᠤᠭ ᠪᠡᠯᠴᠢᠭᠡᠷ ᠤᠨ ᠦᠢᠯᠡᠳᠪᠦᠷᠢᠯᠡᠯ ᠤᠨ ᠴᠢᠳᠠᠪᠤᠷᠢ ᠶᠢ ᠬᠢᠨᠠᠨ | ᠬᠡᠮᠵᠢᠭᠰᠡᠨ ᠦᠷ᠎ᠡ ᠳ᠋ᠦᠩ ᠢ ᠦᠨᠳᠦᠰᠦᠯᠡᠨ᠂ ᠬᠠᠮᠢᠶ᠎ᠠ ᠪᠥᠬᠦᠶ ᠠᠵᠢᠯ ᠲᠥᠷᠥᠯ ᠤᠨ ᠪᠠᠷᠢᠮᠵᠢᠶ᠎ᠠ ᠶᠣᠰᠣᠭᠠᠷ᠂ | ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠭᠠᠵᠠᠷ ᠤᠨ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠤ | 2021 — 2025 ᠣᠨ ᠤ ᠨᠤᠲᠤᠭ ᠪᠡᠯᠴᠢᠭᠡᠷ ᠤᠨ ᠳᠤᠯᠠᠭᠠᠨ ᠤᠯᠠᠷᠢᠯ ᠤᠨ ᠪᠡᠯᠴᠢᠭᠡᠷ ᠤᠨ ᠳᠠᠭᠠᠭᠠᠴᠠ ᠶᠢᠨ | ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠦᠷᠢᠮ ᠢ | ᠨᠠᠶᠢᠳᠠᠪᠤᠷᠢᠵᠢᠭᠤᠯᠬᠤ ᠶᠢ ᠬᠢᠨᠠᠨ ᠬᠠᠮᠢᠶᠠᠷᠬᠤ ᠴᠢᠬᠤᠯᠠ ᠦᠨᠳᠦᠰᠦᠯᠡᠯ ᠪᠣᠯᠭᠠᠨ᠎ᠠ᠃ ᠳᠤᠯᠠᠭᠠᠨ ᠤᠯᠠᠷᠢᠯ ᠤᠨ | ᠪᠡᠯᠴᠢᠭᠡᠷ ᠤᠨ ᠳᠠᠭᠠᠭᠠᠴᠠ ᠶᠢ ᠬᠢᠨᠠᠨ ᠲᠣᠭᠲᠠᠭᠠᠬᠤ ᠳᠠᠭᠠᠨ᠂ ᠲᠤᠰᠬᠠᠶ ᠮᠡᠷᠭᠡᠵᠢᠯᠲᠡᠨ ᠤ ᠨᠤᠲᠠᠯᠠᠯᠲᠠ ᠪᠠ ᠰᠠᠨᠠᠯ | ᠬᠤᠷᠢᠶᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠬᠢᠨᠠᠨ ᠲᠣᠭᠲᠠᠭᠠᠭᠰᠠᠨ ᠦᠷ᠎ᠡ ᠳ᠋ᠦᠩ ᠢ ᠢᠯᠡ ᠨᠡᠶᠢᠲᠡᠯᠡᠬᠦ | ᠲᠦᠷᠢᠮ ᠢ ᠬᠡᠷᠡᠭᠵᠢᠭᠦᠯᠵᠦ᠂ ᠮᠠᠯᠴᠢᠨ ᠲᠠᠷᠢᠶᠠᠴᠢᠨ ᠢ ᠨᠠᠩ ᠣᠯᠠᠨ ᠦᠭᠡ ᠬᠡᠯᠡᠬᠦ ᠡᠷᠬᠡ ᠲᠠᠢ ᠪᠣᠯᠭᠠᠨ᠎ᠠ᠃ ᠬᠤᠰᠢᠭᠤ | ᠬᠤᠲᠠ ᠲᠣᠭᠤᠷᠢᠭ ᠤᠨ ᠳᠤᠯᠠᠭᠠᠨ ᠤᠯᠠᠷᠢᠯ ᠳᠤ ᠳᠣᠭᠢᠷᠠᠬᠤ ᠪᠡᠯᠴᠢᠭᠡᠷ ᠤᠨ ᠳᠠᠭᠠᠭᠠᠴᠠ ᠶᠢ ᠦᠨᠳᠦᠰᠦᠯᠡᠨ᠂ ᠰᠤᠮᠤ | ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠭᠠᠴᠠᠭ᠎ᠠ ᠲᠣᠰᠬᠤᠨ ᠲᠠᠢ ᠬᠠᠮᠲᠤᠷᠠᠨ | ᠡᠷᠦᠬᠡ ᠳᠠᠷᠠᠭᠠᠯᠠᠨ ᠳᠤᠯᠠᠭᠠᠨ ᠤᠯᠠᠷᠢᠯ ᠤᠨ ᠪᠤᠳᠠᠳᠤ ᠪᠡᠯᠴᠢᠭᠡᠷ ᠤᠨ ᠳᠠᠭᠠᠭᠠᠴᠠ ᠶᠢ ᠬᠢᠨᠠᠨ ᠲᠤᠭᠲᠠᠭᠠᠬᠤ ᠬᠡᠷᠡᠭᠲᠡᠢ᠃ | ᠬᠡᠷᠪᠡ ᠪᠤᠰᠤᠳ ᠰᠠᠨᠠᠯ ᠪᠠᠶᠢᠪᠠᠯ᠂ ᠢᠯᠡ ᠨᠡᠶᠢᠲᠡᠯᠡᠬᠦ ᠬᠤᠭᠤᠴᠠᠭᠠᠨ ᠳᠤ ᠬᠤᠰᠢᠭᠤ ᠬᠤᠲᠠ ᠲᠣᠭᠤᠷᠢᠭ ᠲᠤ ᠳᠠᠬᠢᠨ | ᠬᠢᠨᠠᠭᠤᠯᠬᠤ ᠪᠠᠷ ᠭᠤᠶᠤᠴᠢᠯᠠᠵᠤ ᠪᠣᠯᠤᠨ᠎ᠠ᠃ | | ︵ᠲᠤᠯᠤᠭ᠎ᠠ︶ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ | ᠪᠠᠷᠢᠮᠲᠠ ᠣᠷᠣᠭᠤᠯᠬᠤ ᠪᠠ ᠬᠠᠮᠢᠶᠠᠷᠬᠤ ᠠᠵᠢᠯ ᠢ ᠪᠠᠲᠤᠲᠠᠶ ᠰᠠᠶᠢᠲᠤᠷ ᠬᠢᠨ᠎ᠡ | | ᠨᠤᠲᠤᠭ ᠪᠡᠯᠴᠢᠭᠡᠷ ᠤᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠬᠡᠷᠡᠭᠯᠡᠨ ᠨᠤᠲᠤᠭ | ᠪᠡᠯᠴᠢᠭᠡᠷ ᠤᠨ ᠠᠮᠢ ᠠᠬᠤᠶ ᠶᠢᠨ ᠨᠥᠬᠦᠪᠦᠷᠢ ᠱᠠᠩᠨᠠᠯ ᠢ ᠬᠠᠷᠭᠤᠭᠤᠯᠤᠨ ᠬᠢᠨᠠᠬᠤ ᠬᠡᠷᠡᠭᠲᠡᠶ᠃ ᠡᠯ᠎ᠡ ᠬᠤᠰᠢᠭᠤ | ᠬᠤᠲᠠ ᠲᠣᠭᠤᠷᠢᠭ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠬᠤ ᠠᠵᠢᠯ ᠢ ᠲᠡᠭᠦᠯᠳᠡᠷᠵᠢᠭᠦᠯᠦᠨ᠎ᠡ | ᠃ ᠲᠤᠭ᠎ᠠ ᠪᠠᠷᠢᠮᠲᠠ ᠶᠢ ᠣᠷᠣᠭᠤᠯᠬᠤ ᠪᠠ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ | ᠠᠳᠬᠤᠵᠤ᠂ ᠨᠥᠬᠦᠪᠦᠷᠢ ᠱᠠᠩᠨᠠᠯ ᠤᠨ ᠪᠠᠯᠠ ᠮᠥᠩᠭᠦ ᠶᠢ ᠣᠯᠭᠤᠬᠤ ᠴᠠᠭ ᠯᠤᠭ᠎ᠠ ᠬᠠᠷᠠᠭᠠᠯᠵᠠᠵᠤ᠂ ᠲᠤᠭ᠎ᠠ | ᠪᠠᠷᠢᠮᠲᠠ ᠶᠢ ᠴᠠᠭ ᠲᠤᠬᠠᠶ ᠳᠤᠨᠢ ᠣᠷᠣᠭᠤᠯᠬᠤ ᠶᠢ ᠦᠨᠡᠨ ᠬᠦ ᠪᠠᠲᠤᠯᠠᠵᠤ᠂ ᠪᠣᠳᠠᠲᠠᠶ ᠣᠯᠭᠤᠬᠤ ᠪᠠᠯᠠ | ᠮᠥᠩᠭᠦ ᠯᠦᠭᠡ ᠨᠡᠶᠢᠴᠡᠬᠦ ᠶᠢ ᠦᠨᠡᠨ ᠬᠦ ᠪᠠᠲᠤᠯᠠᠵᠤ᠂ ᠲᠤᠭ᠎ᠠ ᠪᠠᠷᠢᠮᠲᠠ ᠶᠢᠨ ᠵᠥᠪ ᠣᠨᠣᠪᠴᠢᠲᠠᠶ ᠪᠠᠶᠢᠬᠤ ᠶᠢ ᠦᠨᠡᠨ | ᠬᠦ ᠪᠠᠲᠤᠯᠠᠬᠤ ᠬᠡᠷᠡᠭᠲᠡᠢ᠃ | | ︵ᠨᠠᠢᠮᠠ︶ ᠨᠤᠲᠤᠭ ᠪᠡᠯᠴᠢᠭᠡᠷ ᠢ ᠰᠢᠯᠵᠢᠭᠦᠯᠦᠨ ᠡᠷᠭᠢᠯᠳᠦᠭᠦᠯᠬᠦ ᠠᠵᠢᠯᠯᠠᠭ᠎ᠠ ᠶᠢ ᠵᠢᠷᠤᠮᠵᠢᠭᠤᠯᠵᠤ᠂ | ᠲᠦᠷᠢᠶᠡᠰᠦᠯᠡᠭᠦᠯᠦᠭᠰᠡᠨ ᠨᠤᠲᠤᠭ ᠪᠡᠯᠴᠢᠭᠡᠷ ᠢ ᠬᠢᠨᠠᠨ ᠬᠠᠮᠢᠶᠠᠷᠬᠤ ᠳᠤ ᠬᠦᠴᠢᠷᠲᠡᠶ ᠪᠠᠶᠢᠬᠤ ᠠᠰᠠᠭᠤᠳᠠᠯ ᠢ | ᠰᠢᠢᠳᠪᠦᠷᠢᠯᠡᠨ᠎ᠡ | | ᠰᠢᠯᠵᠢᠭᠦᠯᠦᠨ ᠡᠷᠭᠢᠭᠦᠯᠦᠭᠰᠡᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠪᠡᠯᠡ ᠮᠥᠩᠭᠦ ᠶᠢ ᠤᠤᠯ ᠤᠨ | ᠳᠠᠭᠠᠭᠠᠴᠢᠯᠠᠭᠴᠢ ᠨᠢ ᠭᠠᠷᠳᠠᠵᠤ ᠠᠪᠤᠨ᠎ᠠ᠃ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠬᠦᠷᠴᠦ ᠳᠠᠩᠰᠠᠯᠠᠭᠤᠯᠤᠭᠰᠠᠨ ᠦᠭᠡᠢ | ᠨᠢᠭᠡᠨᠲᠡ ᠰᠢᠯᠵᠢᠭᠦᠯᠦᠨ ᠡᠷᠭᠢᠭᠦᠯᠦᠭᠰᠡᠨ ᠪᠡᠯᠴᠢᠭᠡᠷ ᠲᠤ ᠲᠤᠬᠠᠶ ᠶᠢᠨ ᠵᠢᠯ ᠤᠨ ᠨᠥᠬᠦᠪᠦᠷᠢ ᠱᠠᠩᠨᠠᠯ ᠤᠨ ᠪᠠᠯᠠ ᠮᠥᠩᠭᠦ | ᠣᠯᠭᠤᠬᠤ ᠶᠢ ᠵᠣᠭᠰᠣᠭᠠᠭᠰᠠᠨ ᠢ ᠣᠯᠵᠤ ᠮᠡᠳᠡᠪᠡᠯ᠂ ᠳᠠᠩᠰᠠᠯᠠᠭᠰᠠᠨ ᠤ ᠳᠠᠷᠠᠭ᠎ᠠ ᠮᠠᠯ ᠪᠡᠯᠴᠢᠭᠡᠷ ᠢ | ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠶᠢᠴᠠᠭᠠᠨ | ᠳᠣᠲᠣᠯᠠᠭᠰᠠᠨ ᠤ ᠬᠠᠮᠲᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠤᠭᠠᠬᠤ | ᠱᠠᠭᠠᠷᠳᠠᠯᠭ᠎ᠠ ᠶᠢ ᠪᠡᠶᠡᠯᠡᠭᠦᠯᠦᠭᠰᠡᠨ ᠪᠠᠶᠢᠪᠠᠯ᠂ ᠰᠡᠷᠭᠦᠭᠡᠨ ᠣᠯᠭᠤᠵᠤ ᠪᠣᠯᠤᠨ᠎ᠠ᠃ ᠬᠡᠷᠪᠡ ᠲᠣᠭᠲᠠᠭᠠᠯ ᠠᠴᠠ | ᠵᠥᠷᠢᠴᠡᠨ ᠮᠠᠯ ᠮᠠᠯᠯᠠᠭᠰᠠᠨ ᠪᠠ ᠳᠠᠭᠠᠭᠠᠴᠠ ᠠᠴᠠ ᠬᠡᠲᠦᠷᠡᠭᠦᠯᠦᠭᠰᠡᠨ ᠠᠰᠠᠭᠤᠳᠠᠯ ᠪᠠᠶᠢᠬᠤ ᠶᠢ ᠣᠯᠵᠤ ᠮᠡᠳᠡᠪᠡᠯ᠂ | ᠲᠤᠬᠠᠶ ᠶᠢᠨ ᠵᠢᠯ ᠤᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠭᠥᠷᠳᠡᠬᠦ ᠬᠢᠷᠢ | ᠬᠡᠮ ᠢ ᠬᠦᠴᠦᠨ ᠥᠬᠡᠶ ᠪᠣᠯᠭᠠᠨ᠎ᠠ᠃ | | ︵ᠶᠢᠰᠦ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ | ᠪᠠ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠰᠡᠷᠭᠦᠭᠡᠬᠦ ᠲᠥᠷᠢᠮ︾ ᠢ ᠴᠢᠩᠭ᠎ᠠ ᠨᠡᠶᠢᠳᠠᠪᠤᠷᠢᠵᠢᠭᠤᠯᠤᠨ᠎ᠠ | | ᠡᠯ᠎ᠡ ᠭᠠᠵᠠᠷ ᠤᠨ ᠬᠢᠨ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠤᠭᠠᠬᠤ | ᠪᠡᠯᠴᠢᠭᠡᠷ ᠢ ᠰᠡᠷᠭᠦᠭᠡᠬᠦ ᠲᠦᠷᠢᠮ ᠤᠨ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ | ᠲᠣᠭᠲᠠᠴᠠ ᠶᠢ ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠬᠤᠳᠠ ᠶᠢᠨ ᠵᠠᠰᠠᠭ ᠤᠨ ᠣᠷᠳᠣᠨ ᠠᠴᠠ ᠲᠤᠰ | ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ | ᠵᠣᠭᠰᠤᠭᠠᠬᠤ ᠪᠡᠯᠴᠢᠭᠡᠷ ᠢ ᠰᠡᠷᠭᠦᠭᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠬᠤᠰᠢᠭᠤ ᠬᠤᠲᠠ | ᠲᠣᠭᠤᠷᠢᠭ ᠤᠨ ᠵᠠᠰᠠᠭ ᠤᠨ ᠣᠷᠳᠣᠨ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠮᠠᠯ ᠪᠡᠯᠴᠢᠭᠡᠷ ᠢ | ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠰᠡᠷᠭᠦᠭᠡᠬᠦ ᠠᠵᠢᠯ ᠢ ᠪᠣᠳᠠᠲᠠᠶ | ᠬᠠᠷᠢᠭᠤᠴᠠᠨ᠎ᠠ᠃ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ | ᠵᠣᠭᠰᠤᠭᠠᠬᠤ ᠪᠡᠯᠴᠢᠭᠡᠷ ᠢ ᠰᠡᠷᠭᠦᠭᠡᠬᠦ ᠠᠵᠢᠯ ᠢ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | | ︵ᠠᠷᠪᠠ︶ ᠨᠤᠲᠤᠭ ᠪᠡᠯᠴᠢᠭᠡᠷ ᠤᠨ ᠲᠤᠰᠬᠠᠶ ᠲᠤᠰᠢᠶᠠᠯᠲᠤ ᠬᠠᠮᠢᠶᠠᠷᠤᠨ ᠬᠠᠮᠠᠭᠠᠯᠠᠭᠴᠢ ᠶᠢᠨ ᠲᠦᠷᠢᠮ ᠢ | ᠬᠡᠷᠡᠭᠵᠢᠭᠦᠯᠵᠦ᠂ ᠲᠣᠣᠷᠵᠢᠭᠤᠯᠤᠭᠰᠠᠨ ᠨᠠᠶᠢᠳᠠᠪᠤᠷᠢᠵᠢᠭᠤᠯᠤᠯᠲᠠ ᠶᠢ ᠪᠡᠶᠡᠯᠡᠭᠦᠯᠦᠨ᠎ᠡ | | ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠲᠤᠰᠬᠠᠶ ᠲᠤᠰᠢᠶᠠᠯ ᠤᠨ ᠪᠤᠶᠤ ᠲᠤᠰᠢᠶᠠᠯ ᠬᠠᠪᠰᠤᠷᠭᠠᠭᠰᠠᠨ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢ | ᠳᠣᠭᠢᠷᠠᠭᠤᠯᠵᠤ᠂ ᠬᠤᠰᠢᠭᠤ ᠬᠤᠲᠠ ᠲᠣᠭᠤᠷᠢᠭ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ︶᠂ ᠭᠠᠴᠠᠭ᠎ᠠ ᠲᠣᠰᠬᠤᠨ ᠭᠤᠷᠪᠠᠨ ᠱᠠᠲᠤᠨ ᠤ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠬᠤ | ᠲᠣᠤᠷ ᠰᠦᠯᠵᠢᠶ᠎ᠡ ᠶᠢ ᠪᠠᠶᠢᠭᠤᠯᠤᠨ ᠪᠦᠷᠢᠨᠰᠢᠬᠦᠯᠵᠦ᠂ ᠨᠤᠲᠤᠭ ᠪᠡᠯᠴᠢᠭᠡᠷ ᠤᠨ ᠮᠠᠯ ᠪᠡᠯᠴᠢᠭᠡᠷ ᠢ ᠲᠡᠩᠴᠡᠭᠦᠷᠢᠰᠢᠭᠦᠯᠬᠦ | ᠪᠠ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠰᠡᠷᠭᠦᠭᠡᠬᠦ ᠰᠡᠯᠭᠦᠨ ᠮᠠᠯᠵᠢᠬᠤ ᠲᠦᠷᠢᠮ ᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃ | | ︵ᠠᠷᠪᠠᠨ ᠨᠢᠭᠡ︶ ᠱᠠᠩᠨᠠᠯ ᠪᠠ ᠲᠤᠷᠭᠠᠭᠤᠯᠢ ᠶᠢᠨ ᠬᠤᠯᠪᠤᠯᠳᠤᠭᠰᠠᠨ ᠲᠥᠷᠢᠮ ᠢ ᠪᠠᠶᠢᠭᠤᠯᠤᠨ᠎ᠠ | | ᠮᠠᠯ ᠠᠵᠤ ᠠᠬᠤᠶ ᠶᠢᠨ ᠣᠨ ᠤ ᠮᠠᠯ ᠤᠨ ᠲᠤᠭ᠎ᠠ ᠪᠦᠷᠢᠳᠬᠡᠯ ᠤᠨ ᠦᠷ᠎ᠡ ᠳ᠋ᠦᠩ ᠢ ᠦᠨᠳᠦᠰᠦᠯᠡᠨ᠂ ᠡᠯ᠎ᠡ | ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ᠣᠨ ᠤ | ᠪᠠᠯᠠ ᠮᠥᠩᠭᠦ ᠲᠠᠷᠬᠠᠭᠠᠬᠤ ᠰᠠᠨᠠᠯ ᠳᠤᠷᠠᠳᠬᠤ ᠶᠢᠨ ᠬᠠᠮᠲᠤ ᠭᠠᠴᠠᠭ᠎ᠠ ᠲᠣᠰᠬᠤᠨ ᠤ ᠬᠡᠪᠴᠢᠶᠡᠨ ᠳᠤ ᠢᠯᠡ | ᠨᠡᠶᠢᠲᠡᠯᠡᠵᠦ᠂ ᠪᠡᠯᠴᠢᠭᠡᠷᠯᠡᠭᠦᠯᠬᠦ ᠶᠢ ᠵᠣᠭᠰᠤᠭᠠᠬᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠᠷᠢᠮᠵᠢᠶ᠎ᠠ ᠶᠢᠨ | ᠱᠠᠭᠠᠷᠳᠠᠯᠭ᠎ᠠ ᠳᠤ ᠬᠦᠷᠦᠭᠰᠡᠨ ᠪᠠᠶᠢᠪᠠᠯ᠂ ᠵᠢᠯ ᠪᠦᠷᠢ ᠶᠢᠨ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠠᠯᠠ | ᠮᠥᠩᠭᠦ ᠶᠢ ᠤᠯᠭᠤᠨ᠎ᠠ᠃ ᠪᠡᠯᠴᠢᠭᠡᠷᠯᠡᠭᠦᠯᠬᠦ ᠶᠢ ᠵᠣᠭᠰᠤᠭᠠᠬᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ | ᠱᠠᠭᠠᠷᠳᠠᠯᠭ᠎ᠠ ᠠᠴᠠ ᠵᠥᠷᠢᠴᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠰᠢᠢᠳᠬᠡᠨ ᠲᠣᠷᠭᠠᠬᠤ ᠠᠴᠠ ᠭᠠᠳᠠᠨ᠎ᠠ᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ | ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠰᠡᠷᠭᠦᠭᠡᠬᠦ ᠲᠦᠷᠢᠮ︾ ᠤᠨ ᠶᠣᠰᠣᠭᠠᠷ ᠵᠣᠬᠢᠬᠤ ᠨᠥᠬᠦᠪᠥᠷᠢ | ᠱᠠᠩᠨᠠᠯ ᠤᠨ ᠪᠠᠯᠠ ᠮᠥᠩᠭᠦ ᠶᠢ ᠰᠠᠭᠤᠯᠭᠠᠨ ᠠᠪᠤᠨ᠎ᠠ᠃ ᠰᠠᠭᠤᠯᠭᠠᠨ ᠠᠪᠴᠤ ᠲᠣᠷᠭᠠᠭᠰᠠᠨ ᠦᠷ᠎ᠡ ᠳ᠋ᠦᠩ ᠢ ᠬᠠᠮᠢᠶ᠎ᠠ | ᠪᠥᠬᠦᠶ ᠬᠠᠷᠢᠭᠤᠴᠠᠯᠭᠠᠲᠠᠨ ᠳᠤ ᠴᠠᠭ ᠲᠤᠬᠠᠶ ᠳᠤᠨᠢ ᠮᠡᠳᠡᠭᠳᠡᠬᠦ ᠶᠢᠨ ᠬᠠᠮᠲᠤ ᠭᠠᠴᠠᠭ᠎ᠠ ᠲᠣᠰᠬᠤᠨ ᠤ ᠬᠡᠪᠴᠢᠶᠡᠨ ᠳᠤ | ᠢᠯᠡ ᠨᠡᠶᠢᠲᠡᠯᠡᠨ᠎ᠡ᠃ ᠡᠯ᠎ᠡ ᠭᠠᠵᠠᠷ ᠤᠨ ᠬᠢᠨ ᠦᠨᠡᠨ ᠬᠦ ᠶᠠᠪᠤᠭᠳᠠᠭᠤᠰᠢᠲᠠᠶ ᠱᠠᠩᠨᠠᠯ ᠪᠠ ᠲᠤᠷᠭᠠᠭᠤᠯᠢ ᠶᠢᠨ | ᠬᠤᠯᠪᠤᠯᠳᠤᠭᠰᠠᠨ ᠲᠥᠷᠢᠮ ᠢ ᠪᠠᠶᠢᠭᠤᠯᠤᠨ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠲᠥᠷᠢᠮ ᠢ | ᠲᠡᠭᠦᠯᠳᠡᠷᠵᠢᠭᠦᠯᠦᠨ᠂ ᠮᠠᠯᠴᠢᠨ ᠲᠠᠷᠢᠶᠠᠴᠢᠨ ᠤ ᠥᠪᠡᠷᠰᠡᠳ ᠢ ᠪᠠᠨ ᠬᠢᠨᠠᠵᠤ ᠥᠪᠡᠷᠰᠡᠳ ᠢ ᠪᠠᠨ ᠬᠠᠮᠢᠶᠠᠷᠬᠤ | ᠲᠣᠭᠲᠠᠴᠠ ᠶᠢ ᠪᠠᠶᠢᠭᠤᠯᠤᠨ᠎ᠠ᠃ ᠰᠠᠭᠤᠯᠭᠠᠨ ᠠᠪᠤᠭᠰᠠᠨ ᠪᠠᠯᠠ ᠮᠥᠩᠭᠦ ᠶᠢ ᠬᠤᠰᠢᠭᠤ ᠬᠤᠲᠠ ᠲᠣᠭᠤᠷᠢᠭ ᠤᠨ | ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ | ᠪᠥᠲᠥᠭᠡᠨ ᠪᠠᠶᠢᠭᠤᠯᠤᠯᠲᠠ ᠳᠤ ᠲᠤᠰᠬᠠᠶ ᠬᠡᠷᠡᠭᠯᠡᠨ᠎ᠡ᠂ ᠪᠣᠳᠠᠲᠠᠶ ᠠᠷᠭ᠎ᠠ ᠬᠢᠭᠡᠳ ᠱᠠᠩᠨᠠᠯ ᠲᠤᠷᠭᠠᠭᠤᠯᠢ ᠶᠢᠨ | ᠪᠠᠷᠢᠮᠵᠢᠶ᠎ᠠ ᠶᠢ ᠡᠯ᠎ᠡ ᠬᠤᠰᠢᠭᠤ ᠬᠤᠲᠠ ᠲᠣᠭᠤᠷᠢᠭ ᠠᠴᠠ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ | ᠪᠥᠬᠦᠶ ᠱᠠᠭᠠᠷᠳᠠᠯᠭ᠎ᠠ ᠶᠢ ᠦᠨᠳᠦᠰᠦᠯᠡᠨ ᠲᠣᠭᠲᠠᠭᠠᠨ᠎ᠠ᠃ | | ︵ᠠᠷᠪᠠᠨ ᠬᠤᠶᠠᠷ︶ ᠤᠯᠤᠰ ᠤᠨ ᠠᠯᠪᠠᠨ ᠲᠤᠰᠢᠶᠠᠯᠲᠠᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ | ᠲᠥᠷᠥ ᠶᠢᠨ ᠪᠤᠳᠤᠯᠭ᠎ᠠ ᠶᠢ ᠬᠠᠤᠯᠢ ᠪᠤᠰᠤ ᠪᠠᠷ ᠬᠥᠷᠳᠡᠬᠦ ᠶᠢ ᠴᠢᠩᠭ᠎ᠠ ᠬᠤᠷᠢᠭᠯᠠᠨ᠎ᠠ | | ᠤᠯᠤᠰ ᠤᠨ ᠠᠯᠪᠠᠨ ᠲᠤᠰᠢᠶᠠᠯᠲᠠᠨ ᠤ ᠡᠷᠬᠡ ᠲᠤᠰᠢᠶᠠᠯ ᠢᠶᠠᠨ ᠠᠰᠢᠭᠯᠠᠨ ᠨᠤᠲᠤᠭ ᠪᠡᠯᠴᠢᠭᠡᠷ ᠢ ᠬᠠᠤᠯᠢ | ᠪᠤᠰᠤ ᠪᠠᠷ ᠡᠵᠡᠯᠡᠨ ᠬᠡᠷᠡᠭᠯᠡᠬᠦ ᠪᠠ ᠶᠠᠮᠠᠷᠪᠠ ᠬᠡᠯᠪᠡᠷᠢ ᠪᠠᠷ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ | ᠲᠥᠷᠥ ᠶᠢᠨ ᠪᠣᠳᠣᠯᠭ᠎ᠠ ᠶᠢ ᠬᠦᠷᠲᠡᠵᠦ᠂ ᠮᠠᠯᠴᠢᠨ ᠲᠠᠷᠢᠶᠠᠴᠢᠨ ᠤ ᠠᠰᠢᠭ ᠲᠤᠰᠠ ᠶᠢ ᠡᠵᠡᠯᠡᠬᠦ ᠶᠢ ᠬᠤᠷᠢᠭᠯᠠᠨ᠎ᠠ᠃ | | ︵ᠠᠷᠪᠠᠨ ᠭᠤᠷᠪᠠ︶ ᠲᠠᠴᠢᠷᠰᠢᠭᠰᠠᠨ ᠨᠤᠲᠤᠭ ᠪᠡᠯᠴᠢᠭᠡᠷ ᠢ ᠰᠡᠷᠭᠦᠭᠡᠨ ᠵᠠᠰᠠᠬᠤ ᠶᠢ ᠴᠢᠩᠭᠠᠳᠬᠠᠨ᠎ᠠ | | ᠲᠠᠴᠢᠷᠰᠢᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠲᠥᠷᠥᠯ ᠵᠦᠢᠯ ᠢ | ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠳᠠᠰᠢ ᠲᠥᠪᠯᠡᠷᠡᠭᠦᠯᠦᠨ ᠬᠡᠯᠪᠠᠶᠢᠯᠭᠡᠵᠦ᠂ ᠬᠦᠨᠳᠦ ᠨᠣᠴᠢᠲᠠᠶ | ᠲᠠᠴᠢᠷᠰᠢᠭᠰᠠᠨ᠂ ᠡᠯᠡᠰᠦᠷᠬᠡᠭᠵᠢᠭᠰᠡᠨ ᠨᠤᠲᠤᠭ ᠪᠡᠯᠴᠢᠭᠡᠷ ᠢ ᠭᠤᠤᠯᠳᠠᠯᠭ᠎ᠠ ᠲᠠᠢ ᠰᠡᠷᠭᠦᠭᠡᠨ ᠵᠠᠰᠠᠨ᠎ᠠ᠃ 2020 | ᠣᠨ ᠤ ᠲᠠᠴᠢᠷᠰᠢᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠷᠭᠦᠭᠡᠨ ᠵᠠᠰᠠᠬᠤ ᠣᠷᠣᠨ ᠢ | ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠪᠣᠯᠭᠠᠨ ᠬᠤᠪᠢᠷᠠᠭᠤᠯᠵᠤ᠂ ᠨᠢᠭᠡᠨᠲᠡ ᠡᠬᠢᠯᠡᠨ ᠬᠡᠷᠡᠭᠵᠢᠭᠦᠯᠦᠭᠰᠡᠨ | ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢᠨ | ᠲᠣᠭᠲᠠᠭᠤᠨ ᠴᠢᠨᠠᠷ ᠪᠠ ᠦᠷᠭᠦᠯᠵᠢᠯᠡᠬᠦ ᠴᠢᠨᠠᠷ ᠢ ᠠᠯᠬᠤᠮ ᠴᠢᠨᠠᠭᠰᠢᠳᠠ ᠪᠠᠲᠤᠯᠠᠬᠤ ᠶᠢᠨ ᠲᠥᠯᠥᠭᠡ᠂ ᠠᠰᠢᠭ | ᠭᠥᠷᠳᠡᠬᠦ ᠭᠤᠤᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠭᠦᠢᠴᠡᠳ ᠪᠠᠲᠤᠯᠠᠵᠤ᠂ ᠨᠢᠭᠡᠨᠲᠡ | ᠴᠤᠬᠤᠯᠠᠪᠤᠷᠢᠯᠠᠨ ᠬᠡᠷᠡᠭᠵᠢᠭᠦᠯᠦᠭᠰᠡᠨ 2019 ᠣᠨ ᠤ ᠲᠠᠴᠢᠷᠰᠢᠭᠰᠠᠨ ᠨᠤᠲᠤᠭ ᠪᠡᠯᠴᠢᠭᠡᠷ ᠲᠤ ᠬᠥᠮᠦᠨ ᠤ | ᠬᠦᠴᠦ ᠪᠠᠷ ᠡᠪᠡᠰᠦ ᠳᠠᠷᠢᠵᠤ ᠠᠮᠢ ᠠᠬᠤᠶ ᠶᠢ ᠰᠡᠷᠭᠦᠭᠡᠨ ᠵᠠᠰᠠᠬᠤ ᠤᠯᠤᠰ ᠤᠨ ᠲᠤᠷᠰᠢᠯᠲᠠ ᠶᠢᠨ ᠴᠡᠭ ᠤᠨ ᠲᠥᠷᠥᠯ | ᠵᠦᠢᠯ ᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠬᠤᠪᠢᠷᠠᠭᠤᠯᠬᠤ ᠥᠬᠡᠶ ᠪᠠᠶᠢᠬᠤ ᠶᠢ ᠪᠠᠲᠤᠯᠠᠵᠤ᠂ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠬᠤᠭᠤᠴᠠᠭᠠᠨ ᠳᠤ ᠣᠲᠣ ᠶᠢᠨ | ᠬᠡᠷᠡᠭᠵᠢᠭᠦᠯᠵᠦ ᠪᠠᠶᠢᠭ᠎ᠠ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠲᠤᠰᠬᠠᠶ ᠲᠥᠷᠥᠯ ᠵᠦᠢᠯ ᠤᠨ | ᠠᠮᠢ ᠠᠬᠤᠶ ᠶᠢᠨ ᠨᠥᠬᠦᠪᠥᠷᠢ᠂ ᠬᠠᠮᠢᠶᠠᠷᠴᠤ ᠬᠠᠮᠠᠭᠠᠯᠠᠬᠤ ᠪᠠᠯᠠ ᠮᠥᠩᠭᠦ ᠶᠢᠨ ᠪᠠᠷᠢᠮᠵᠢᠶ᠎ᠠ ᠶᠢ ᠬᠤᠪᠢᠷᠠᠭᠤᠯᠬᠤ ᠥᠬᠡᠶ | ᠃ ᠲᠥᠷᠥᠯ ᠵᠦᠢᠯ ᠤᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠲᠤᠬᠠᠶ ᠶᠢᠨ ᠭᠠᠵᠠᠷ ᠤᠨ ᠨᠥᠬᠦᠪᠦᠷᠢ | ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠡᠯᠴᠢᠭᠡᠷᠯᠡᠭᠦᠯᠬᠦ ᠶᠢ ᠵᠣᠭᠰᠤᠭᠠᠬᠤ ᠪᠠᠷᠢᠮᠵᠢᠶ᠎ᠠ ᠶᠣᠰᠣᠭᠠᠷ ᠦᠷᠭᠦᠯᠵᠢᠯᠡᠨ | ᠬᠡᠷᠡᠭᠵᠢᠭᠦᠯᠦᠨ᠎ᠡ᠃ ᠦᠨᠡᠨ ᠬᠦ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠪᠣᠯᠭᠠᠨ ᠬᠤᠪᠢᠷᠠᠭᠤᠯᠬᠤ | ᠴᠢᠬᠤᠯᠠ ᠲᠠᠢ ᠪᠣᠯ᠂ ᠲᠣᠰ ᠭᠠᠵᠠᠷ ᠣᠷᠣᠨ ᠤ ᠵᠠᠰᠠᠭ ᠤᠨ ᠣᠷᠳᠣᠨ ᠠᠴᠠ ᠲᠥᠷᠥᠯ ᠵᠦᠢᠯ ᠤᠨ ᠣᠷᠣᠨ ᠤ ᠦᠨᠡᠯᠡᠨ | ᠵᠢᠱᠢᠵᠦ ᠨᠤᠲᠠᠯᠠᠬᠤ ᠶᠢ ᠥᠷᠨᠢᠭᠦᠯᠵᠦ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠪᠣᠯᠭᠠᠨ ᠬᠤᠪᠢᠷᠠᠭᠤᠯᠬᠤ | ᠨᠥᠬᠦᠴᠡᠯ ᠢ ᠪᠦᠷᠢᠳᠦᠭᠦᠯᠦᠭᠰᠡᠨ ᠪᠠᠶᠢᠪᠠᠯ᠂ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ 2021 | ᠣᠨ ᠤ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠲᠥᠷᠥᠯ ᠵᠦᠢᠯ ᠤᠨ ᠭᠠᠵᠠᠷ ᠰᠢᠷᠣᠶ ᠶᠢ | ᠪᠦᠬᠦᠨ ᠢ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠳᠤ ᠬᠤᠪᠢᠶᠠᠷᠢᠯᠠᠨ ᠣᠷᠣᠭᠤᠯᠵᠤ᠂ ᠭᠤᠷᠪᠠᠳᠤᠭᠠᠷ | ᠡᠭᠡᠯᠵᠢ ᠶᠢᠨ ᠪᠡᠯᠴᠢᠭᠡᠷᠯᠡᠭᠦᠯᠬᠦ ᠶᠢ ᠵᠣᠭᠰᠤᠭᠠᠬᠤ ᠲᠥᠷᠥ ᠶᠢᠨ ᠪᠣᠳᠣᠯᠭ᠎ᠠ ᠶᠢ ᠰᠢᠭᠤᠳ ᠬᠦᠷᠲᠡᠭᠡᠵᠦ᠂ ᠭᠤᠷᠪᠠᠳᠤᠭᠠᠷ | ᠡᠭᠡᠯᠵᠢ ᠶᠢᠨ ᠬᠠᠮᠢᠶᠠᠷᠤᠨ ᠬᠠᠮᠠᠭᠠᠯᠠᠬᠤ ᠲᠦᠷᠢᠮ ᠢ ᠨᠠᠶᠢᠳᠠᠪᠤᠷᠢᠵᠢᠭᠤᠯᠤᠨ᠎ᠠ᠃ ᠬᠤᠶᠢᠰᠢᠳᠠ ᠣᠨ ᠤ ᠨᠤᠲᠤᠭ | ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠲᠥᠷᠥᠯ ᠵᠦᠢᠯ ᠢ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ | ᠲᠡᠰᠢ ᠭᠤᠣᠯᠳᠠᠯᠭ᠎ᠠ ᠲᠠᠢ ᠬᠡᠯᠪᠠᠶᠢᠯᠭᠡᠨ᠎ᠡ᠃ | | ︵ᠠᠷᠪᠠᠨ ᠳᠥᠷᠪᠡ︶ ᠡᠯ᠎ᠡ ᠬᠤᠰᠢᠭᠤ ᠬᠤᠲᠠ ᠲᠣᠭᠤᠷᠢᠭ ᠪᠤᠳᠠᠳᠤ ᠪᠠᠶᠢᠳᠠᠯ ᠢᠶᠠᠨ ᠦᠨᠳᠦᠰᠦᠯᠡᠨ᠂ | ᠰᠢᠨ᠎ᠡ ᠶᠢ ᠡᠭᠦᠳᠬᠦ ᠠᠵᠢᠯ ᠤᠨ ᠠᠷᠭ᠎ᠠ ᠬᠡᠮᠵᠢᠶ᠎ᠡ ᠲᠣᠭᠲᠠᠭᠠᠬᠤ ᠶᠢ ᠵᠣᠷᠢᠭᠵᠢᠭᠤᠯᠤᠨ᠎ᠠ | | ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠥᠯᠥᠨ ᠪᠤᠶᠢᠷ ᠬᠤᠲᠠ ᠶᠢᠨ ᠨᠤᠲᠤᠭ ᠪᠡᠯᠴᠢᠭᠡᠷ ᠤᠨ | ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠣᠨᠣᠪᠴᠢᠲᠠᠶ᠂ ᠪᠦᠷᠢᠨ ᠭᠦᠢᠴᠡᠳ ᠡᠵᠡᠮᠰᠢᠭᠰᠡᠨ ᠰᠠᠭᠤᠷᠢᠨ | ᠳᠡᠭᠡᠷ᠎ᠡ᠂ ᠡᠯ᠎ᠡ ᠭᠠᠵᠠᠷ ᠤᠨ ᠬᠢᠨ ᠤ ᠪᠠᠯᠠ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠬᠦ᠂ ᠪᠠᠯᠠ ᠮᠥᠩᠭᠦ | ᠣᠯᠭᠤᠬᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠪᠦᠰᠡ ᠶᠢ | ᠬᠤᠪᠢᠶᠠᠷᠢᠯᠠᠨ ᠲᠣᠭᠲᠠᠭᠠᠬᠤ᠂ ᠨᠥᠬᠦᠪᠦᠷᠢ ᠱᠠᠩᠨᠠᠯ ᠤᠨ ᠪᠠᠷᠢᠮᠵᠢᠶ᠎ᠠ ᠵᠡᠷᠭᠡ ᠲᠠᠯ᠎ᠠ ᠪᠠᠷ᠂ ᠲᠣᠰ ᠭᠠᠵᠠᠷ ᠤᠨ ᠪᠣᠳᠠᠲᠤ | ᠪᠠᠶᠢᠳᠠᠯ ᠳᠤ ᠨᠡᠶᠢᠴᠡᠬᠦ ᠵᠠᠭᠪᠤᠷ ᠢ ᠰᠦᠪᠡᠭᠴᠢᠯᠡᠬᠦ ᠶᠢ ᠵᠣᠷᠢᠭᠵᠢᠭᠤᠯᠤᠨ᠎ᠠ᠃ |