ᠳᠣᠯᠤᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ | | ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠨᠤᠲᠤᠭ ᠪᠡᠯᠴᠢᠭᠡᠷ ᠤᠨ ᠨᠥᠬᠦᠪᠦᠷᠢ | ᠱᠠᠩᠨᠠᠯ ᠤᠨ ᠲᠥᠷᠥ ᠶᠢᠨ ᠪᠣᠳᠣᠯᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠠᠵᠢᠯ ᠤᠨ | ᠲᠤᠰᠬᠠᠶ ᠠᠩᠭᠢ ᠲᠣᠬᠢᠷᠠᠭᠤᠯᠤᠨ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠤᠨ | ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠪᠠ ᠪᠠᠯᠠ ᠮᠥᠩᠭᠦ ᠶᠢᠨ ᠬᠠᠮᠢᠶᠠᠷᠤᠯᠲᠠ ᠶᠢᠨ ᠲᠦᠷᠢᠮ ᠲᠣᠭᠲᠠᠭᠠᠯ ᠢ | ᠪᠠᠶᠢᠭᠤᠯᠤᠨ ᠪᠦᠷᠢᠨᠰᠢᠬᠦᠯᠦᠨ᠎ᠡ᠃ ᠡᠯ᠎ᠡ ᠬᠤᠰᠢᠭᠤ ᠬᠤᠲᠠ ᠲᠣᠭᠤᠷᠢᠭ᠂ ᠰᠤᠮᠤ ᠰᠢᠶᠠᠩ ᠪᠠᠯᠭᠠᠰᠤ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠵᠣᠬᠢᠬᠤ ᠠᠵᠢᠯ ᠤᠨ ᠪᠠᠶᠢᠭᠤᠯᠤᠮᠵᠢ ᠶᠢ ᠬᠠᠷᠭᠤᠭᠤᠯᠤᠨ ᠪᠠᠶᠢᠭᠤᠯᠤᠨ᠎ᠠ᠃ | ᠡᠯ᠎ᠡ ᠱᠠᠲᠤᠨ ᠤ ᠤᠳᠤᠷᠢᠳᠬᠤ ᠳᠤᠭᠤᠶᠢᠯᠠᠩ ᠤᠨ ᠬᠢᠨ ᠬᠠᠮᠢᠶ᠎ᠠ ᠪᠥᠬᠦᠢ ᠴᠢᠭᠯᠡᠯᠲᠡ ᠲᠥᠷᠥ ᠶᠢᠨ ᠪᠤᠳᠤᠯᠭ᠎ᠠ ᠶᠢ | ᠰᠤᠳᠤᠯᠤᠨ ᠲᠣᠭᠲᠠᠭᠠᠵᠤ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠤᠳᠤᠯᠭ᠎ᠠ ᠪᠣᠯᠤᠨ | ᠴᠢᠬᠤᠯᠠ ᠶᠡᠭᠡ ᠤᠴᠢᠷ ᠶᠠᠪᠤᠳᠠᠯ ᠢ ᠨᠠᠶᠢᠳᠠᠪᠤᠷᠢᠵᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ | ᠬᠤᠰᠢᠭᠤ ᠬᠤᠲᠠ ᠲᠣᠭᠤᠷᠢᠭ᠂ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠭᠤᠣᠯ ᠴᠣᠭᠴᠠ ᠶᠢᠨ ᠬᠠᠷᠢᠭᠤᠴᠠᠯᠭ᠎ᠠ ᠶᠢ ᠠᠯᠬᠤᠮ ᠴᠢᠨᠠᠭᠰᠢᠳᠠ ᠲᠣᠳᠣᠷᠬᠠᠶᠢᠯᠠᠵᠤ᠂ ᠰᠤᠮᠤ ᠰᠢᠶᠠᠩ ᠪᠠᠯᠭᠠᠰᠤ᠂ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠭᠦᠷᠭᠡ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠠᠴᠠᠭ᠎ᠠ ᠲᠣᠰᠬᠤᠨ ᠤ ᠱᠠᠩᠨᠠᠯ ᠲᠣᠷᠭᠠᠭᠤᠯᠢ ᠶᠢᠨ ᠡᠷᠬᠡ | ᠬᠠᠷᠢᠭᠤᠴᠠᠯᠭ᠎ᠠ ᠶᠢ ᠴᠢᠩᠭᠠᠷᠠᠭᠤᠯᠤᠨ᠂ ᠮᠠᠯᠴᠢᠨ ᠲᠠᠷᠢᠶᠠᠴᠢᠨ ᠤ ᠠᠮᠢ ᠠᠬᠤᠶ ᠶᠢ ᠤᠷᠢᠳ ᠢᠶᠠᠷ ᠪᠤᠳᠤᠯᠬᠢᠯᠠᠵᠤ | ᠪᠣᠬᠢᠷᠲᠤᠯ ᠥᠬᠡᠶ ᠬᠥᠭᠵᠢᠭᠦᠯᠬᠦ ᠡᠵᠡᠩᠨᠡᠯᠲᠡ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠳᠡᠭᠡᠷ᠎ᠡ ᠠᠴᠠ | ᠳᠣᠷᠣᠭᠰᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠲᠤᠭᠲᠠᠯᠴᠠᠭ᠎ᠠ ᠶᠢ ᠪᠣᠶ ᠪᠣᠯᠭᠠᠨ᠂ ᠮᠠᠯ ᠪᠡᠯᠴᠢᠭᠡᠷ ᠢ | ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠬᠠᠷᠢᠭᠤᠴᠠᠯᠭ᠎ᠠ ᠶᠢᠨ ᠪᠢᠴᠢᠭ ᠲᠤ ᠱᠠᠲᠤ ᠱᠠᠲᠤ ᠪᠠᠷ | ᠭᠠᠷ ᠤᠨ ᠥᠰᠥᠭ ᠵᠢᠷᠤᠵᠤ᠂ ᠱᠠᠲᠤ ᠳᠠᠷᠠᠭᠠᠯᠠᠨ ᠠᠳᠬᠤᠵᠤ᠂ ᠱᠠᠲᠤ ᠱᠠᠳᠣᠨ ᠳᠤ ᠬᠠᠮᠢᠶᠠᠷᠬᠤ ᠬᠥᠮᠦᠨ ᠲᠠᠢ᠂ | ᠶᠠᠪᠤᠳᠠᠯ ᠤᠴᠢᠷ ᠢ ᠬᠦᠢᠴᠡᠳᠬᠡᠬᠦ ᠬᠥᠮᠦᠨ ᠲᠠᠢ ᠪᠠᠶᠢᠬᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ | ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠰᠢᠨᠵᠢᠯᠡᠬᠦ | ᠤᠬᠠᠭᠠᠨᠴᠢ ᠪᠠᠷ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠵᠤ᠂ ᠡᠯ᠎ᠡ ᠱᠠᠲᠤᠨ ᠤ ᠤᠳᠤᠷᠢᠳᠬᠤ ᠪᠠᠭ ᠤᠨ ᠰᠢᠯᠭᠠᠨ | ᠬᠢᠨᠠᠬᠤ ᠭᠦᠢᠴᠡᠳᠬᠡᠯ ᠲᠤᠭ᠎ᠠ ᠳᠤ ᠣᠷᠣᠭᠤᠯᠤᠨ᠎ᠠ᠃ | | ︵ᠬᠤᠶᠠᠷ︶ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠨ᠎ᠠ | | ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠲᠥᠷᠢᠮ | ᠲᠣᠭᠲᠠᠭᠠᠯ ᠢ ᠪᠠᠶᠢᠭᠤᠯᠤᠨ ᠪᠥᠷᠢᠨᠰᠢᠬᠦᠯᠵᠤ᠂ ᠪᠡᠯᠡ ᠮᠥᠩᠭᠦ ᠶᠢᠨ ᠬᠡᠷᠡᠭᠯᠡᠯᠲᠡ ᠪᠣᠯᠤᠨ ᠬᠠᠮᠢᠶᠠᠷᠤᠯᠲᠠ ᠶᠢ | ᠵᠢᠷᠤᠮᠵᠢᠭᠤᠯᠤᠨ᠎ᠠ᠃ ᠢᠵᠢ ᠪᠥᠷᠢᠳᠦᠭᠦᠯᠬᠦ ᠪᠠᠯᠠ ᠮᠥᠩᠭᠦ ᠶᠢ ᠣᠯᠠᠨ ᠲᠠᠯ᠎ᠠ ᠪᠠᠷ ᠴᠤᠭᠯᠠᠭᠤᠯᠵᠤ᠂ ᠬᠤᠲᠠ ᠶᠢᠨ | ᠲᠣᠰ ᠱᠠᠲᠤ᠂ ᠬᠤᠰᠢᠭᠤ ᠬᠤᠲᠠ ᠲᠣᠭᠤᠷᠢᠭ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠠᠵᠢᠯ ᠤᠨ ᠵᠠᠷᠤᠳᠠᠯ ᠢ | ᠵᠣᠬᠢᠰᠲᠠᠶ ᠳᠣᠭᠢᠷᠠᠭᠤᠯᠵᠤ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠬᠢᠨᠠᠯᠲᠠ ᠲᠠᠯᠪᠢᠵᠤ | ᠬᠠᠮᠢᠶᠠᠷᠬᠤ᠂ ᠳᠡᠩᠰᠡᠯᠡᠨ ᠲᠡᠮᠳᠡᠭᠯᠡᠬᠦ᠂ ᠲᠥᠷᠥ ᠶᠢᠨ ᠪᠣᠳᠣᠯᠭ᠎ᠠ ᠶᠢᠨ ᠪᠣᠯᠪᠠᠰᠤᠷᠠᠭᠤᠯᠤᠯ᠂ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠵᠡᠷᠭᠡ ᠬᠠᠮᠢᠶᠠᠷᠤᠯᠲᠠ ᠶᠢᠨ ᠵᠠᠷᠤᠯᠭ᠎ᠠ ᠶᠢ ᠪᠠᠲᠤᠯᠠᠵᠤ᠂ ᠨᠥᠬᠦᠪᠦᠷᠢ ᠱᠠᠩᠨᠠᠯ ᠤᠨ ᠪᠠᠯᠠ | ᠮᠥᠩᠭᠦ ᠶᠢ ᠰᠢᠬᠠᠨ ᠡᠵᠡᠯᠡᠬᠦ ᠪᠠ ᠨᠡᠭᠦᠯᠭᠡᠨ ᠬᠡᠷᠡᠭᠯᠡᠵᠦ ᠠᠵᠢᠯ ᠤᠨ ᠵᠠᠷᠤᠳᠠᠯ ᠳᠤ ᠬᠡᠷᠡᠭᠯᠡᠬᠦ ᠶᠢ ᠴᠢᠩᠭ᠎ᠠ ᠬᠤᠷᠢᠭᠯᠠᠨ᠎ᠠ | ᠃ ᠣᠲᠣ ᠶᠢᠨ ᠪᠠᠶᠢᠭ᠎ᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ | ᠪᠠᠶᠢᠭᠤᠯᠤᠯᠲᠠ ᠶᠢᠨ ᠲᠥᠰᠦᠪ ᠤᠨ ᠳᠣᠲᠣᠷᠠᠬᠢ ᠪᠠᠯᠠ ᠮᠥᠩᠭᠦ ᠶᠢ ᠳᠡᠭᠡᠳᠦ ᠱᠠᠲᠤᠨ ᠤ ᠪᠠᠯᠠ ᠮᠥᠩᠭᠦ ᠯᠦᠭᠡ | ᠲᠥᠷᠥ ᠶᠢᠨ ᠪᠣᠳᠣᠯᠭ᠎ᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠨᠤᠲᠤᠭ ᠪᠡᠯᠴᠢᠭᠡᠷ ᠤᠨ ᠨᠥᠬᠦᠪᠦᠷᠢ | ᠱᠠᠩᠨᠠᠯ ᠤᠨ ᠲᠥᠷᠥ ᠶᠢᠨ ᠪᠣᠳᠣᠯᠭ᠎ᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠨ᠎ᠠ᠃ | | ︵ᠭᠤᠷᠪᠠ︶ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠢ ᠲᠣᠳᠤᠷᠬᠠᠶᠢᠯᠠᠨ᠎ᠠ | | ᠡᠯ᠎ᠡ ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠡᠳ᠋ ᠤᠨ ᠵᠠᠰᠠᠭ᠂ | ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠵᠣᠬᠢᠴᠠᠭᠤᠯᠬᠤ | ᠲᠣᠭᠲᠠᠴᠠ ᠶᠢ ᠪᠠᠶᠢᠭᠤᠯᠵᠤ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠡᠳ᠋ ᠤᠨ | ᠵᠠᠰᠠᠭ ᠤᠨ ᠰᠠᠯᠠᠭ᠎ᠠ ᠮᠥᠴᠢᠷ ᠤᠨ ᠬᠢᠨ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠠᠯᠠ ᠮᠥᠩᠭᠦ | ᠲᠠᠷᠬᠠᠭᠠᠬᠤ ᠪᠠ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠨᠤᠲᠤᠭ | ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢᠨ ᠬᠤᠪᠢᠶᠠᠷᠢᠯᠠᠯᠲᠠ ᠶᠢᠨ | ᠪᠠᠶᠢᠳᠠᠯ ᠢ ᠦᠨᠳᠦᠰᠦᠯᠡᠨ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠠᠯᠠ ᠮᠥᠩᠭᠦ ᠶᠢᠨ ᠲᠤᠰᠬᠠᠶ ᠲᠠᠩᠰᠠ | ᠪᠠᠶᠢᠭᠤᠯᠵᠤ᠂ ᠲᠠᠩᠰᠠ ᠬᠤᠪᠢᠶᠠᠨ ᠲᠣᠭᠠᠴᠠᠭ᠎ᠠ ᠬᠢᠵᠦ᠂ ᠲᠤᠰᠬᠠᠶ ᠪᠡᠯᠡ ᠮᠥᠩᠭᠦ ᠶᠢ ᠲᠤᠰᠬᠠᠶ ᠵᠦᠢᠯ ᠳᠤ ᠬᠡᠷᠡᠭᠯᠡᠨ᠎ᠡ | ︔ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠬᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ | ᠬᠡᠷᠡᠭᠴᠡᠭᠡ ᠱᠠᠭᠠᠷᠳᠠᠯᠭ᠎ᠠ ᠶᠣᠰᠣᠭᠠᠷ᠂ ᠲᠥᠷᠥ ᠶᠢᠨ ᠪᠣᠳᠣᠯᠭ᠎ᠠ ᠶᠢ ᠭᠥᠷᠳᠡᠵᠦ ᠪᠠᠶᠢᠭ᠎ᠠ ᠮᠠᠯᠴᠢᠨ ᠲᠠᠷᠢᠶᠠᠴᠢᠨ ᠢ | ᠳᠡᠩᠰᠡᠯᠡᠨ ᠲᠡᠮᠳᠡᠭᠯᠡᠬᠦ ᠶᠢ ᠬᠠᠷᠢᠭᠤᠴᠠᠨ᠎ᠠ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠨᠢᠭᠦᠯᠵᠦ᠂ ᠨᠤᠲᠤᠭ | ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠠᠭᠤᠯᠭ᠎ᠠ ᠳᠤ ᠲᠠᠶᠢᠯᠤᠮᠵᠢ ᠬᠢᠨ᠎ᠡ᠃ | ᠲᠥᠷᠥ ᠶᠢᠨ ᠪᠣᠳᠣᠯᠭ᠎ᠠ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠠᠵᠢᠯ ᠤᠨ ᠰᠠᠭᠤᠷᠢ ᠪᠠᠨ ᠲᠠᠰᠤᠷᠠᠯᠲᠠ ᠥᠬᠡᠶ | ᠪᠠᠲᠤᠳᠬᠠᠨ᠂ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠣᠳᠠᠲᠠᠶ ᠨᠠᠷᠢᠯᠢᠭ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ︔ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠬᠢᠨ | ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠢ ᠵᠣᠬᠢᠰᠲᠠᠶ ᠬᠤᠪᠢᠶᠠᠷᠢᠯᠠᠨ | ᠲᠣᠭᠲᠠᠭᠠᠬᠤ ᠶᠢ ᠬᠠᠷᠢᠭᠤᠴᠠᠨ ᠵᠢᠯᠣᠭᠤᠳᠴᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ | ᠵᠣᠭᠰᠤᠭᠠᠬᠤ ᠣᠷᠣᠨ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠳᠤᠯᠠᠭᠠᠨ ᠤᠯᠠᠷᠢᠯ ᠤᠨ | ᠪᠡᠯᠴᠢᠭᠡᠷᠯᠡᠭᠦᠯᠬᠦ ᠳᠤ ᠲᠤᠬᠢᠷᠠᠬᠤ ᠪᠡᠯᠴᠢᠭᠡᠷ ᠤᠨ ᠳᠠᠭᠠᠭᠠᠴᠠ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ | ᠬᠤᠰᠢᠭᠤ ᠬᠤᠳᠠ ᠲᠣᠭᠤᠷᠢᠭ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ | ᠭᠠᠴᠠᠭ᠎ᠠ ᠲᠣᠰᠬᠤᠨ ᠭᠤᠷᠪᠠᠨ ᠱᠠᠲᠤᠨ ᠤ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠬᠤ ᠲᠣᠣᠷ ᠰᠦᠯᠵᠢᠶ᠎ᠡ ᠶᠢ | ᠪᠠᠶᠢᠭᠤᠯᠤᠨ ᠪᠥᠷᠢᠨᠰᠢᠬᠦᠯᠵᠤ᠂ ᠲᠣᠣᠷᠵᠢᠭᠤᠯᠤᠭᠰᠠᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠬᠡᠷᠡᠭᠵᠢᠭᠦᠯᠵᠦ᠂ | ᠨᠤᠲᠤᠭ ᠪᠡᠯᠴᠢᠭᠡᠷ ᠤᠨ ᠮᠠᠯ ᠪᠡᠯᠴᠢᠭᠡᠷ ᠢ ᠲᠡᠩᠴᠡᠭᠦᠷᠢᠰᠢᠭᠦᠯᠬᠦ᠂ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ | ᠰᠡᠷᠭᠦᠭᠡᠬᠦ ᠲᠥᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢ | ᠨᠡᠮᠡᠭᠳᠡᠭᠦᠯᠦᠨ᠎ᠡ᠃ | | ︵ᠲᠥᠷᠪᠡ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ | | ᠰᠣᠨᠢᠨ ᠮᠡᠳᠡᠭᠡᠨ ᠤ ᠵᠠᠭᠤᠴᠢᠯᠠᠭᠤᠷ ᠤᠨ ᠦᠢᠯᠡᠳᠦᠯ ᠢ ᠪᠠᠳᠠᠷᠠᠭᠤᠯᠵᠤ᠂ ᠷᠠᠳᠢᠣ᠋ ᠲᠧᠯᠸᠢᠰ᠂ ᠰᠣᠨᠢᠨ ᠰᠡᠳᠬᠦᠯ᠂ | ᠭᠠᠷ ᠤᠲᠠᠰᠤᠨ ᠤ ᠰᠦᠯᠵᠢᠶ᠎ᠡ ᠵᠡᠷᠭᠡ ᠣᠯᠠᠨ ᠡᠰᠢᠵᠢᠭᠰᠡᠨ ᠰᠣᠨᠢᠨ ᠮᠡᠳᠡᠭᠡᠨ ᠤ ᠠᠴᠢᠶᠠᠯᠠᠪᠤᠷᠢ ᠳᠤ ᠲᠦᠰᠢᠭᠯᠡᠬᠦ | ᠵᠢᠴᠢ ᠠᠶᠢᠯ ᠲᠣᠰᠬᠤᠨ ᠳᠤ ᠬᠦᠷᠴᠦ ᠤᠬᠠᠭᠤᠯᠤᠨ ᠲᠠᠶᠢᠯᠪᠤᠷᠢᠯᠠᠵᠤ ᠪᠣᠯᠪᠠᠰᠤᠷᠠᠭᠤᠯᠬᠤ᠂ ᠲᠥᠷᠥ ᠶᠢᠨ | ᠪᠣᠳᠣᠯᠭ᠎ᠠ ᠶᠢ ᠣᠶᠢᠯᠠᠭᠠᠭᠤᠯᠬᠤ ᠬᠠᠭᠤᠳᠠᠰᠤ ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠨᠤᠲᠤᠭ | ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠠᠭᠤᠯᠭ᠎ᠠ ᠪᠠ ᠬᠡᠷᠡᠭᠵᠢᠭᠦᠯᠬᠦ ᠠᠷᠭ᠎ᠠ ᠵᠠᠮ ᠢ | ᠣᠨᠣᠪᠴᠢᠲᠠᠶ ᠲᠠᠶᠢᠯᠪᠤᠷᠢᠯᠠᠵᠤ᠂ ᠲᠥᠷᠥ ᠶᠢᠨ ᠪᠣᠳᠣᠯᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠠᠯᠪᠠᠨ | ᠵᠢᠷᠤᠮ ᠢ ᠡᠷᠦᠬᠡ ᠪᠣᠯᠭᠠᠨ ᠳᠤ ᠮᠡᠳᠡᠭᠦᠯᠬᠦ ᠶᠢ ᠪᠡᠶᠡᠯᠡᠭᠦᠯᠦᠨ᠂ ᠪᠥᠬᠦ ᠨᠡᠶᠢᠭᠡᠮ ᠢᠶᠠᠷ ᠢᠶᠠᠨ ᠨᠤᠲᠤᠭ ᠪᠡᠯᠴᠢᠭᠡᠷ ᠤᠨ | ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ | ᠂ ᠮᠠᠯᠴᠢᠨ ᠲᠠᠷᠢᠶᠠᠴᠢᠨ ᠤ ᠨᠤᠲᠤᠭ ᠪᠡᠯᠴᠢᠭᠡᠷ ᠢ ᠬᠠᠮᠠᠭᠠᠯᠠᠬᠤ ᠢᠳᠡᠪᠬᠢᠵᠢᠯ ᠪᠠ ᠬᠠᠷᠢᠭᠤᠴᠠᠯᠭᠠᠲᠤ ᠰᠡᠳᠬᠢᠯᠭᠡ ᠶᠢ | ᠳᠠᠶᠢᠴᠢᠯᠠᠨ᠂ ᠮᠠᠯᠴᠢᠨ ᠲᠠᠷᠢᠶᠠᠴᠢᠨ ᠤ ᠣᠷᠣᠯᠴᠠᠬᠤ ᠬᠡᠮᠵᠢᠶ᠎ᠡ ᠪᠠ ᠦᠭᠡ ᠬᠡᠯᠡᠬᠦ ᠡᠷᠬᠡ ᠶᠢ ᠳᠡᠭᠡᠭᠰᠢᠯᠡᠭᠦᠯᠦᠨ᠎ᠡ᠃ | | ᠳᠠᠭᠠᠯᠳᠤᠭᠤᠯᠤᠯ᠄ ᠬᠥᠯᠥᠨ ᠪᠤᠶᠢᠷ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ | ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯᠠᠪᠠᠶ ᠵᠢᠴᠢ ᠪᠠᠯᠠ ᠮᠥᠩᠭᠦ ᠶᠢᠨ | ᠬᠤᠪᠢᠶᠠᠷᠢᠯᠠᠯᠲᠠ ᠶᠢᠨ ᠪᠦᠷᠢᠳᠬᠡᠯ ᠤᠨ ᠬᠦᠰᠦᠨᠦᠭᠲᠦ | | ᠳᠠᠭᠠᠯᠳᠤᠭᠤᠯᠤᠯ | | ᠬᠥᠯᠥᠨ ᠪᠤᠶᠢᠷ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯᠠᠪᠠᠶ ᠵᠢᠴᠢ ᠪᠠᠯᠠ ᠮᠥᠩᠭᠦ ᠶᠢᠨ ᠬᠤᠪᠢᠶᠠᠷᠢᠯᠠᠯᠲᠠ ᠶᠢᠨ | ᠪᠦᠷᠢᠳᠬᠡᠯ ᠤᠨ ᠬᠦᠰᠦᠨᠦᠭᠲᠦ |