ᠥᠪᠥᠷ ᠮᠣᠩᠭᠤᠯ ᠤᠨ ᠬᠥᠮᠦᠨ ᠠᠮᠠ ᠶᠢᠨ ᠨᠡᠭᠦᠳᠡᠯ ᠤᠨ ᠳᠥᠷᠪᠡᠨ ᠲᠠᠯ᠎ᠠ ᠶᠢᠨ ᠣᠨᠴᠠᠯᠢᠭ ᠤᠨ ᠲᠠᠶᠢᠯᠤᠮᠵᠢ
ᠨᠡᠶᠢᠲᠡᠯᠡᠭᠰᠡᠨ ᠴᠠᠭ᠄
2022/11/21
   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2020 ᠣᠨ ᠳᠤ ᠥᠪᠥᠷ ᠮᠣᠩᠭᠤᠯ ᠤᠨ ᠣᠷᠣᠨ ᠤ ᠭᠠᠳᠠᠨ᠎ᠠ ᠠᠴᠠ ᠣᠷᠣᠵᠤ ᠢᠷᠡᠭᠰᠡᠨ ᠬᠥᠮᠦᠨ ᠠᠮᠠ 177.8 ᠲᠦᠮᠡ ᠪᠠᠶᠢᠵᠤ᠂ ᠣᠷᠣᠨ ᠤ ᠭᠠᠳᠠᠨ᠎ᠠ ᠠᠴᠠ ᠥᠪᠥᠷ ᠮᠣᠩᠭᠤᠯ ᠳᠤ ᠣᠷᠣᠵᠤ ᠢᠷᠡᠭᠰᠡᠨ ᠬᠥᠮᠦᠨ ᠠᠮᠠ 168.6 ᠲᠦᠮᠡ ᠪᠠᠶᠢᠵᠤ᠂ ᠬᠥᠮᠦᠨ ᠠᠮᠠ ᠶᠢᠨ ᠴᠡᠪᠡᠷ ᠭᠠᠳᠠᠭᠰᠢ ᠭᠠᠷᠤᠭᠰᠠᠨ ᠬᠥᠮᠦᠨ ᠠᠮᠠ 10 ᠲᠦᠮᠡ ᠰᠢᠬᠠᠮ ᠪᠠᠶᠢᠨ᠎ᠠ︔ 2010 ᠣᠨ ᠤ ᠵᠢᠷᠭᠤᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠲᠠᠢ ᠬᠠᠷᠢᠴᠠᠭᠤᠯᠪᠠᠯ᠂ ᠬᠥᠮᠦᠨ ᠠᠮᠠ ᠶᠢᠨ ᠭᠠᠷᠴᠤ ᠣᠷᠣᠬᠤ ᠪᠠ ᠣᠷᠣᠵᠤ ᠢᠷᠡᠬᠦ ᠨᠢ ᠲᠤᠰ ᠲᠤᠰ 71.0 ᠲᠦᠮᠡᠨ ᠬᠥᠮᠦᠨ ᠪᠠ 24.2 ᠲᠦᠮᠡᠨ ᠬᠥᠮᠦᠨ ᠨᠡᠮᠡᠭᠳᠡᠵᠦ᠂ 10 ᠵᠢᠯ ᠤᠨ ᠳᠣᠲᠣᠷ᠎ᠠ ᠪᠦᠬᠦ ᠣᠷᠣᠨ ᠤ ᠨᠡᠶᠢᠲᠡ 46.8 ᠲᠦᠮᠡᠨ ᠬᠥᠮᠦᠨ ᠴᠡᠪᠡᠷ ᠭᠠᠷᠴᠤ ᠶᠠᠪᠤᠭᠰᠠᠨ ᠪᠠᠶᠢᠨ᠎ᠠ᠃    ᠨᠢᠭᠡ᠂ ᠵᠡᠭᠦᠨ ᠬᠤᠶᠢᠲᠤ ᠣᠷᠣᠨ ᠪᠠ ᠤᠮᠠᠷᠠᠲᠤ ᠣᠷᠣᠨ ᠪᠣᠯ ᠥᠪᠥᠷ ᠮᠣᠩᠭᠤᠯ ᠤᠨ ᠬᠥᠮᠦᠨ ᠠᠮᠠ ᠶᠢᠨ ᠭᠠᠳᠠᠭᠰᠢ ᠭᠠᠷᠬᠤ ᠭᠤᠣᠯ ᠴᠢᠭᠯᠡᠯ ᠮᠥᠨ    ︽ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ︾ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠮᠠᠨ ᠤ ᠣᠷᠣᠨ ᠤ ᠬᠥᠮᠦᠨ ᠠᠮᠠ ᠶᠢᠨ ᠰᠢᠯᠵᠢᠯᠲᠡ ᠭᠤᠤᠯᠳᠠᠭᠤ ᠵᠡᠭᠦᠨ ᠬᠤᠶᠢᠲᠤ ᠣᠷᠣᠨ ᠪᠠ ᠤᠮᠠᠷᠠᠲᠤ ᠣᠷᠣᠨ ᠳᠤ ᠲᠥᠪᠯᠡᠷᠡᠵᠦ᠂ ᠮᠠᠨ ᠤ ᠣᠷᠣᠨ ᠤ ᠭᠠᠳᠠᠭᠰᠢ ᠭᠠᠷᠤᠭᠰᠠᠨ ᠬᠥᠮᠦᠨ ᠠᠮᠠ ᠶᠢᠨ ᠲᠦᠷᠦᠭᠦᠦ ᠲᠠᠪᠤᠨ ᠮᠤᠵᠢ ᠣᠷᠣᠨ ᠬᠢᠭᠡᠳ 10 ᠵᠢᠯ ᠤᠨ ᠡᠮᠦᠨ᠎ᠡ ᠬᠤᠪᠢᠷᠠᠯᠲᠠ ᠭᠠᠷᠤᠭᠰᠠᠨ ᠥᠬᠡᠶ᠃ ᠡᠭᠦᠨ ᠳᠤ᠂ ᠯᠢᠶᠣᠤᠨᠢᠩ ᠳᠤ ᠣᠴᠢᠬᠤ ᠬᠥᠮᠦᠨ ᠠᠮᠠ 10 ᠵᠢᠯ ᠤᠨ ᠬᠤᠭᠤᠷᠣᠨᠳᠣ 12.6 ᠲᠦᠮᠡ ᠨᠡᠮᠡᠭᠳᠡᠵᠦ᠂ ᠳᠠᠷᠠᠭᠠᠯᠠᠪᠠᠯ ᠾᠤᠪᠸᠢ ᠪᠣᠯᠤᠨ ᠱᠠᠨᠳᠦ᠋ᠩ ᠪᠠᠶᠢᠵᠤ᠂ ᠲᠣᠰ ᠲᠣᠰ 9.8 ᠲᠦᠮᠡᠨ ᠬᠥᠮᠦᠨ ᠪᠠ 6.8 ᠲᠦᠮᠡᠨ ᠬᠥᠮᠦᠨ ᠨᠡᠮᠡᠭᠳᠡᠵᠡᠶ᠃ ᠡᠭᠦᠨ ᠤ ᠬᠠᠮᠲᠤ ︽ᠪᠡᠭᠡᠵᠢᠩ ᠱᠠᠩᠬᠠᠶ ᠭᠤᠸᠠᠩᠵᠧᠦ︾ ᠶᠢᠨ ᠮᠠᠨ ᠤ ᠣᠷᠣᠨ ᠤ ᠬᠥᠮᠦᠨ ᠠᠮᠠ ᠶᠢ ᠲᠠᠲᠠᠬᠤ ᠬᠦᠴᠦᠨ ᠦᠷᠭᠦᠯᠵᠢᠯᠡᠨ ᠳᠡᠭᠡᠭᠰᠢᠯᠡᠵᠦ᠂ 10 ᠵᠢᠯ ᠤᠨ ᠬᠤᠭᠤᠷᠣᠨᠳᠣ 10.5 ᠲᠦᠮᠡᠨ ᠬᠥᠮᠦᠨ ᠨᠡᠮᠡᠭᠳᠡᠪᠡ᠃     ᠬᠤᠶᠠᠷ᠂ ᠭᠠᠳᠠᠭᠰᠢ ᠭᠠᠷᠤᠭᠰᠠᠨ ᠡᠷᠡᠭᠲᠡᠶ ᠡᠮᠡᠭᠲᠡᠶ ᠠᠴᠠ ᠠᠷᠪᠢᠨ    ᠭᠠᠳᠠᠭᠰᠢ ᠭᠠᠷᠤᠭᠰᠠᠨ ᠬᠥᠮᠦᠨ ᠠᠮᠠ ᠶᠢᠨ ᠬᠦᠢᠰᠦ ᠶᠢᠨ ᠢᠯᠭᠠᠯ ᠠᠴᠠ ᠦᠵᠡᠪᠡᠯ᠂ ᠮᠠᠨ ᠤ ᠣᠷᠣᠨ ᠤ ᠡᠷᠡᠭᠲᠡᠶ ᠭᠠᠳᠠᠭᠰᠢ ᠭᠠᠷᠤᠭᠰᠠᠨ ᠬᠥᠮᠦᠨ ᠠᠮᠠ 93.1 ᠲᠦᠮᠡ ᠪᠠᠶᠢᠵᠤ᠂ ᠡᠮᠡᠭᠲᠡᠶ ᠭᠠᠳᠠᠭᠰᠢ ᠭᠠᠷᠤᠭᠰᠠᠨ ᠬᠥᠮᠦᠨ ᠠᠮᠠ ᠨᠡᠶᠢᠲᠡ 84.7 ᠲᠦᠮᠡ ᠪᠠᠶᠢᠵᠤ᠂ ᠡᠷᠡᠭᠲᠡᠶ ᠬᠥᠮᠦᠨ ᠨᠢ ᠡᠮᠡᠭᠲᠡᠶ ᠬᠥᠮᠦᠨ ᠠᠴᠠ 8.4 ᠲᠦᠮᠡ ᠢᠯᠡᠭᠦᠦ ᠪᠠᠶᠢᠨ᠎ᠠ᠃ ︽ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ︾ ᠲᠠᠢ ᠬᠠᠷᠢᠴᠠᠭᠤᠯᠪᠠᠯ᠂ ᠡᠷᠡᠭᠲᠡᠶ 37.6 ᠲᠦᠮᠡ ᠨᠡᠮᠡᠭᠳᠡᠵᠦ᠂ ᠡᠮᠡᠭᠲᠡᠶ 33.4 ᠲᠦᠮᠡ ᠨᠡᠮᠡᠭᠳᠡᠵᠡᠶ᠃ ᠡᠭᠦᠨ ᠤ ᠬᠠᠮᠲᠤ᠂ ᠮᠠᠨ ᠤ ᠣᠷᠣᠨ ᠤ ᠬᠦᠢᠰᠦ ᠶᠢᠨ ᠢᠯᠭᠠᠯ ᠬᠤᠪᠢᠶᠠᠭᠰᠠᠨ ᠬᠥᠮᠦᠨ ᠠᠮᠠ ᠶᠢᠨ ᠰᠢᠯᠵᠢᠯᠲᠡ ᠨᠢ ᠨᠢᠭᠡᠳᠦᠯᠲᠡᠶ ᠴᠢᠨᠠᠷ ᠲᠠᠢ ᠪᠠᠶᠢᠵᠤ᠂ ᠡᠷᠡᠭᠲᠡᠶ ᠡᠮᠡᠭᠲᠡᠶ ᠭᠡᠰᠡᠨ ᠥᠬᠡᠶ᠂ ᠭᠠᠳᠠᠭᠰᠢ ᠬᠠᠮᠤᠭ ᠤᠨ ᠣᠯᠠᠨ ᠣᠷᠣᠵᠤ ᠢᠷᠡᠭᠰᠡᠨ ᠭᠤᠷᠪᠠᠨ ᠮᠤᠵᠢ ᠣᠷᠣᠨ ᠨᠢ ᠴᠥᠮ ᠯᠢᠶᠣᠤᠨᠢᠩ᠂ ᠪᠡᠭᠡᠵᠢᠩ ᠪᠠ ᠾᠧᠪᠧᠶ ᠪᠣᠯᠤᠨ᠎ᠠ᠃    ᠭᠤᠷᠪᠠ᠂ ᠤᠮᠠᠷᠠᠲᠤ ᠣᠷᠣᠨ ᠪᠣᠯᠤᠨ ᠪᠠᠷᠠᠭᠤᠨ ᠬᠤᠶᠢᠲᠤ ᠣᠷᠣᠨ ᠪᠣᠯ ᠮᠠᠨ ᠤ ᠣᠷᠣᠨ ᠤ ᠣᠷᠣᠵᠤ ᠢᠷᠡᠭᠰᠡᠨ ᠬᠥᠮᠦᠨ ᠠᠮᠠ ᠶᠢᠨ ᠭᠤᠣᠯ ᠢᠷᠡᠯᠲᠡ ᠪᠣᠯᠤᠨ᠎ᠠ    ᠮᠠᠨ ᠤ ᠣᠷᠣᠨ ᠤ ᠭᠠᠳᠠᠨ᠎ᠠ ᠠᠴᠠ ᠢᠷᠡᠭᠰᠡᠨ ᠬᠥᠮᠦᠨ ᠠᠮᠠ 168.6 ᠲᠦᠮᠡ ᠪᠠᠶᠢᠵᠤ᠂ ︽ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ︾ ᠠᠴᠠ 24.2 ᠲᠦᠮᠡ ᠨᠡᠮᠡᠭᠳᠡᠵᠡᠶ᠂ ᠭᠡᠪᠡᠴᠦ ᠬᠥᠮᠦᠨ ᠠᠮᠠ ᠶᠢᠨ ᠢᠷᠡᠯᠲᠡ ᠳᠤ ᠦᠨᠳᠦᠰᠦᠨ ᠳᠡᠭᠡᠨ ᠬᠤᠪᠢᠷᠠᠯᠲᠠ ᠭᠠᠷᠤᠭᠰᠠᠨ ᠥᠬᠡᠶ᠃ ᠾᠧᠪᠸᠢ᠂ ᠱᠠᠨ ᠰᠢ᠂ ᠱᠠᠨᠰᠢ᠂ ᠭᠠᠨᠰᠦ ᠪᠣᠯᠤᠨ ᠬᠠᠷᠠᠮᠥ᠋ᠷᠡᠨ ᠪᠣᠯ ᠮᠠᠨ ᠤ ᠣᠷᠣᠨ ᠤ ᠣᠷᠣᠵᠤ ᠭᠠᠷᠬᠤ ᠬᠥᠮᠦᠨ ᠠᠮᠠ ᠶᠢᠨ ᠡᠮᠦᠨ᠎ᠡ ᠲᠠᠪᠤ ᠳᠤ ᠣᠷᠣᠵᠤ ᠪᠠᠶᠢᠨ᠎ᠠ᠃ ᠡᠭᠦᠨ ᠤ ᠬᠠᠮᠲᠤ᠂ 9 ᠮᠤᠵᠢ ᠣᠷᠣᠨ ᠤ ︽ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ︾ ᠳᠤ ᠣᠷᠣᠵᠤ ᠢᠷᠡᠭᠰᠡᠨ ᠬᠥᠮᠦᠨ ᠠᠮᠠ ︽ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ︾ ᠠᠴᠠ ᠲᠦᠮᠡ ᠢᠯᠡᠭᠦᠦ ᠨᠡᠮᠡᠭᠳᠡᠵᠡᠶ᠂ ᠡᠭᠦᠨ ᠳᠤ ᠭᠦᠢᠵᠸᠦ ᠮᠤᠵᠢ ᠶᠢᠨ ᠮᠠᠨ ᠤ ᠣᠷᠣᠨ ᠳᠤ ᠣᠷᠣᠵᠤ ᠢᠷᠡᠭᠰᠡᠨ ᠬᠥᠮᠦᠨ ᠠᠮᠠ 10 ᠵᠢᠯ ᠤᠨ ᠳᠣᠲᠣᠷ᠎ᠠ ᠬᠠᠮᠤᠭ ᠤᠨ ᠣᠯᠠᠨ ᠨᠡᠮᠡᠭᠳᠡᠵᠦ᠂ 6.9 ᠲᠦᠮᠡ ᠬᠦᠷᠴᠦ᠂ ᠱᠠᠨ ᠰᠢ ᠪᠣᠯᠤᠨ ᠯᠢᠶᠣᠤᠨᠢᠩ ᠳᠠᠷᠠᠭᠠᠯᠠᠪᠠᠯ ᠲᠣᠰ ᠲᠣᠰ 4.6 ᠲᠦᠮᠡᠨ ᠬᠥᠮᠦᠨ ᠪᠣᠯᠤᠨ 3.9 ᠲᠦᠮᠡᠨ ᠬᠥᠮᠦᠨ ᠪᠣᠯᠤᠨ᠎ᠠ᠃    ᠳᠥᠷᠪᠡ᠂ ᠬᠥᠬᠡᠬᠤᠲᠠ ᠪᠤᠭᠤᠲᠤ ᠣᠷᠳᠣᠰ ᠤᠨ ᠣᠷᠣᠭᠤᠯᠵᠤ ᠠᠪᠤᠭᠰᠠᠨ ᠭᠠᠳᠠᠨ᠎ᠠ ᠠᠴᠠ ᠢᠷᠡᠭᠰᠡᠨ ᠬᠥᠮᠦᠨ ᠠᠮᠠ ᠬᠠᠮᠤᠭ ᠣᠯᠠᠨ    ︽ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ︾ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠣᠷᠣᠵᠤ ᠢᠷᠡᠭᠰᠡᠨ ᠬᠥᠮᠦᠨ ᠠᠮᠠ ᠣᠷᠣᠨ ᠪᠦᠰᠡ ᠶᠢᠨ ᠴᠢᠨᠠᠷᠲᠠᠶ ᠪᠠᠷ ᠲᠥᠪᠯᠡᠷᠡᠵᠦ᠂ ᠬᠥᠬᠡᠬᠤᠲᠠ ᠪᠤᠭᠤᠲᠤ ᠣᠷᠳᠣᠰ ᠭᠤᠷᠪᠠᠨ ᠭᠠᠵᠠᠷ ᠤᠨ ᠬᠢᠨ 52% ᠣᠷᠴᠢᠮ ᠤᠨ ᠭᠠᠳᠠᠨ᠎ᠠ ᠠᠴᠠ ᠢᠷᠡᠭᠰᠡᠨ ᠬᠥᠮᠦᠨ ᠠᠮᠠ ᠶᠢ ᠰᠢᠩᠭᠡᠭᠡᠨ ᠠᠪᠴᠠᠶ᠂ ᠡᠭᠦᠨ ᠳᠤ ᠣᠷᠳᠣᠰ ᠬᠤᠲᠠ ᠶᠢᠨ ᠬᠢᠨ ᠭᠠᠳᠠᠨ᠎ᠠ ᠠᠴᠠ ᠢᠷᠡᠭᠰᠡᠨ ᠬᠥᠮᠦᠨ ᠠᠮᠠ ᠶᠢ ᠬᠠᠮᠤᠭ ᠤᠨ ᠣᠯᠠᠨ ᠲᠠᠲᠠᠵᠤ᠂ 38.7 ᠲᠦᠮᠡᠨ ᠬᠥᠮᠦᠨ ᠳᠤ ᠬᠦᠷᠦᠭᠰᠡᠨ ᠪᠣᠯᠪᠠᠴᠤ ︽ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ︾  ᠲᠠᠢ ᠬᠠᠷᠢᠴᠠᠭᠤᠯᠪᠠᠯ ᠮᠥᠨ ᠯᠡ 2.3 ᠲᠦᠮᠡᠨ ᠬᠥᠮᠦᠨ ᠪᠠᠭᠠᠰᠴᠠᠶ︔ ᠬᠥᠬᠡᠬᠤᠲᠠ ᠶᠢᠨ ᠭᠠᠳᠠᠨ᠎ᠠ ᠠᠴᠠ ᠢᠷᠡᠭᠰᠡᠨ ᠬᠥᠮᠦᠨ ᠠᠮᠠ ᠬᠠᠮᠤᠭ ᠤᠨ ᠠᠷᠪᠢᠨ ᠨᠡᠮᠡᠭᠳᠡᠵᠦ᠂ ︽ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ︾ ᠤᠨ 17.0 ᠲᠦᠮᠡ ᠪᠠᠶᠢᠭᠰᠠᠨ ᠠᠴᠠ ᠪᠠᠨ 24.9 ᠲᠦᠮᠡ ᠪᠣᠯᠤᠨ ᠨᠡᠮᠡᠭᠳᠡᠵᠦ᠂ 10 ᠵᠢᠯ ᠤᠨ ᠬᠤᠭᠤᠷᠣᠨᠳᠣ 8 ᠲᠦᠮᠡ ᠰᠢᠬᠠᠮ ᠬᠥᠮᠦᠨ ᠨᠡᠮᠡᠭᠳᠡᠪᠡ︔ ᠪᠤᠭᠤᠲᠤ ᠶᠢᠨ ᠭᠠᠳᠠᠨ᠎ᠠ ᠠᠴᠠ ᠢᠷᠡᠭᠰᠡᠨ ᠬᠥᠮᠦᠨ ᠠᠮᠠ 23.8 ᠲᠦᠮᠡ ᠪᠠᠶᠢᠵᠤ᠂ ︽ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ︾ ᠳᠤ ᠪᠠᠶᠢᠭᠰᠠᠨ ᠠᠴᠠ 3.1 ᠲᠦᠮᠡ ᠨᠡᠮᠡᠭᠳᠡᠵᠡᠶ᠃ ᠪᠤᠰᠤᠳ ᠠᠶᠢᠮᠠᠭ ᠬᠤᠳᠠ ᠶᠢᠨ ᠳᠣᠲᠣᠷ᠎ᠠ᠂ ᠬᠥᠯᠥᠨ ᠪᠤᠶᠢᠷ ᠪᠣᠯᠤᠨ ᠤᠯᠠᠭᠠᠨᠬᠠᠳᠠ ᠶᠢᠨ ᠭᠠᠳᠠᠨ᠎ᠠ ᠠᠴᠠ ᠢᠷᠡᠭᠰᠡᠨ ᠬᠥᠮᠦᠨ ᠠᠮᠠ ᠴᠥᠮ 10 ᠲᠦᠮᠡ ᠶᠢ ᠳᠠᠪᠠᠵᠤ᠂ ᠦᠬᠠᠢ ᠬᠤᠳᠠ ᠶᠢᠨ ᠬᠥᠮᠦᠨ ᠠᠮᠠ ᠶᠢᠨ ᠬᠡᠪᠴᠢᠶ᠎ᠡ ᠬᠡᠳᠦ᠋ᠢᠪᠡᠷ ᠶᠡᠭᠡ ᠪᠢᠰᠢ ᠪᠣᠯᠪᠠᠴᠤ ᠬᠤᠳᠠ ᠪᠠᠯᠭᠠᠰᠤᠵᠢᠯᠳᠠ ᠶᠢᠨ ᠲᠦᠪᠰᠢᠨ ᠨᠡᠯᠢᠶᠡᠳ ᠥᠨᠳᠥᠷ ᠪᠠᠶᠢᠵᠤ᠂ ᠭᠠᠳᠠᠨ᠎ᠠ ᠠᠴᠠ ᠢᠷᠡᠭᠰᠡᠨ ᠬᠥᠮᠦᠨ ᠠᠮᠠ ᠴᠤ 10 ᠲᠦᠮᠡ ᠰᠢᠬᠠᠮ ᠳᠤ ᠬᠦᠷᠴᠡᠢ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号