︽2023 ᠣᠨ ᠤ ᠲᠣᠭᠠᠴᠢᠯᠠᠭᠰᠠᠨ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠬᠦ ᠲᠤᠬᠠᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠠᠬ᠎ᠠ | ᠳᠡᠯᠭᠡᠭᠦᠷ ᠬᠢᠭᠡᠳ ᠮᠡᠳᠡᠭᠡ ᠵᠠᠩᠭᠢᠵᠢᠯᠲᠠ ᠶᠢᠨ ᠵᠤᠷᠭᠠᠨ ᠤ ᠵᠠᠬᠢᠳᠠᠯ︾ ︵ᠲᠠᠷᠢᠶᠠᠯᠠᠩ ᠵᠠᠬ᠎ᠠ ᠲᠥᠬᠦᠮ ᠵᠠᠬᠢᠳᠠᠯ ﹇ | 2022﹈ 120 ᠳ᠋ᠤᠭᠠᠷ ᠲᠣᠭᠠᠲᠤ︶ ᠪᠠ ︽2023 ᠣᠨ ᠤ ᠲᠥᠪ ᠤᠨ ᠲᠥᠰᠥᠪ ᠤᠨ ᠳᠣᠲᠣᠷᠠᠬᠢ ᠪᠡᠯᠡ | ᠣᠷᠣᠭᠤᠯᠤᠯᠲᠠ ᠶᠢᠨ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ︵ᠥᠪᠥᠷ ᠲᠠᠷᠢᠶᠠᠯᠠᠩ ᠮᠠᠯ ᠡᠳ᠋ ᠤᠨ ᠵᠠᠰᠠᠭ ᠲᠠᠷᠬᠠᠭᠠᠭᠰᠠᠨ ﹇ | 2022﹈ 339 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠲᠢᠩᠬᠢᠮ ᠲᠤᠰᠬᠠᠢ ᠮᠡᠷᠭᠡᠵᠢᠯᠲᠡᠨ ᠢ | ᠵᠣᠬᠢᠶᠠᠨ ᠪᠠᠶᠢᠭᠤᠯᠵᠤ ᠬᠤᠯᠪᠣᠭᠳᠠᠯ ᠪᠦᠬᠦᠢ ᠠᠶᠢᠮᠠᠭ ᠬᠤᠲᠠ ᠶᠢᠨ ᠳᠡᠭᠡᠭᠰᠢ ᠮᠡᠳᠡᠭᠦᠯᠦᠭᠰᠡᠨ 2023 ᠣᠨ ᠤ | ᠲᠣᠭᠠᠴᠢᠯᠠᠭᠰᠠᠨ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠢᠨᠠᠨ ᠲᠣᠭᠲᠠᠭᠠᠯᠲᠠ ᠬᠢᠵᠦ | ᠂ ᠡᠳᠦᠭᠡ ᠦᠷ᠎ᠡ ᠳ᠋ᠦᠩ ᠢ ᠳᠣᠣᠷᠠᠬᠢ ᠮᠡᠲᠦ ᠢᠯᠡ ᠨᠡᠶᠢᠲᠡᠯᠡᠪᠡ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠨᠭᠡᠷ ᠰᠢᠶᠠᠨ ᠤ ᠤᠯᠤᠰ ᠤᠨ ᠲᠣᠭᠠᠴᠢᠯᠠᠭᠰᠠᠨ | ᠮᠠᠯ ᠠᠵᠤ ᠠᠬᠤᠢ ᠶᠢᠨ ᠰᠢᠨ᠎ᠡ ᠶᠢ ᠡᠭᠦᠳᠬᠦ ᠬᠡᠷᠡᠭᠯᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ︵ᠰᠠᠭᠠᠯᠢ ᠶᠢᠨ ᠦᠨᠢᠶᠡᠨ ᠤ ᠡᠭᠦᠯᠳᠡᠷ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠦᠮᠡᠳ ᠪᠠᠷᠠᠭᠤᠨ ᠬᠤᠰᠢᠭᠤᠨ ᠤ ᠤᠯᠤᠰ ᠤᠨ ᠲᠣᠭᠠᠴᠢᠯᠠᠭᠰᠠᠨ ᠲᠠᠷᠢᠮᠠᠯ ᠤᠨ ᠦᠢᠯᠡᠰ ᠤᠨ ᠰᠢᠨ᠎ᠡ ᠶᠢ ᠡᠭᠦᠳᠬᠦ | ᠬᠡᠷᠡᠭᠯᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ︵ᠡᠷᠳᠡᠨᠢ ᠰᠢᠰᠢ ᠶᠢᠨ | ᠡᠭᠦᠯᠳᠡᠷ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠩᠬᠤᠲᠠ ᠶᠢᠨ ᠤᠯᠤᠰ ᠤᠨ | ᠲᠣᠭᠠᠴᠢᠯᠠᠭᠰᠠᠨ ᠲᠠᠷᠢᠮᠠᠯ ᠤᠨ ᠦᠢᠯᠡᠰ ᠤᠨ ᠰᠢᠨ᠎ᠡ ᠶᠢ ᠡᠭᠦᠳᠬᠦ ᠬᠡᠷᠡᠭᠯᠡᠭᠡᠨ ᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ︵ᠲᠦᠮᠦᠰᠦᠨ ᠤ ᠡᠭᠦᠯᠳᠡᠷ︶᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ | ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠣᠭᠠᠴᠢᠯᠠᠭᠰᠠᠨ ᠮᠠᠯ ᠠᠵᠤ ᠠᠬᠤᠢ ︵ᠬᠤᠨᠢ︶ ᠶᠢᠨ | ᠰᠢᠨ᠎ᠡ ᠶᠢ ᠡᠭᠦᠳᠬᠦ ᠬᠤᠪᠢᠶᠠᠷᠢ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ 4 ᠲᠥᠷᠥᠯ | ᠵᠦᠢᠯ ᠳᠤ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠪᠣᠯᠣᠮᠵᠢᠲᠤ ᠰᠤᠳᠤᠯᠭᠠᠨ ᠤ ᠮᠡᠳᠡᠭᠦᠯᠦᠯᠲᠡ ᠨᠢ ᠬᠢᠨᠠᠨ | ᠰᠢᠯᠭᠠᠷᠠᠭᠤᠯᠤᠯᠲᠠ ᠳᠤ ᠬᠢᠷᠢ ᠲᠡᠩᠴᠡᠪᠡ᠃ | | ᠳᠡᠭᠡᠷᠡᠬᠢ ᠲᠥᠷᠥᠯ ᠵᠦᠢᠯ ᠢ ᠡᠳᠦᠭᠡ ᠢᠯᠡ ᠨᠡᠶᠢᠲᠡᠯᠡᠵᠦ ᠪᠠᠶᠢᠨ᠎ᠠ᠂ ᠢᠯᠡ ᠨᠡᠶᠢᠲᠡᠯᠡᠬᠦ ᠬᠤᠭᠤᠴᠠᠭ᠎ᠠ ᠨᠢ 5 | ᠠᠵᠢᠯᠯᠠᠬᠤ ᠡᠳᠦᠷ᠃ ᠢᠯᠡ ᠨᠡᠶᠢᠲᠡᠯᠡᠬᠦ ᠬᠤᠭᠤᠴᠠᠭᠠᠨ ᠳᠤ᠂ ᠬᠡᠷᠪᠡ ᠣᠨᠳᠣᠣ ᠰᠠᠨᠠᠯ ᠲᠠᠢ ᠪᠠᠶᠢᠪᠠᠯ᠂ ᠬᠤᠪᠢ | ᠬᠥᠮᠥᠨ ᠪᠠ ᠵᠣᠬᠢᠶᠠᠨ ᠪᠠᠶᠢᠭᠤᠯᠤᠯᠲᠠ ᠠᠴᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠵᠠᠬ᠎ᠠ ᠳᠡᠯᠭᠡᠭᠦᠷ ᠬᠢᠭᠡᠳ ᠭᠠᠳᠠᠭᠠᠳᠤ ᠲᠠᠢ ᠬᠠᠮᠲᠤᠷᠠᠯᠴᠠᠬᠤ | ᠭᠠᠵᠠᠷ ᠪᠤᠶᠤ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ ᠪᠠᠶᠢᠳᠠᠯ ᠢᠶᠠᠨ ᠲᠤᠰᠬᠠᠵᠤ ᠪᠣᠯᠣᠨ᠎ᠠ᠃ | | | ᠬᠠᠷᠢᠯᠴᠠᠬᠤ ᠤᠲᠠᠰᠤ᠄ 13644885564 | | ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠤᠷᠤᠨ ᠤ ᠲᠢᠩᠬᠢᠮ | | 2022 ᠣᠨ ᠤ 10 ᠰᠠᠷ᠎ᠠ ᠶᠢᠨ 28 ᠤ ᠡᠳᠦᠷ |