ᠬᠥᠯᠥᠨ ᠪᠤᠶᠢᠷ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ ︵ᠨᠢᠭᠡ︶
ᠨᠡᠶᠢᠲᠡᠯᠡᠭᠰᠡᠨ ᠴᠠᠭ᠄
2022/11/21
   ᠨᠢᠭᠡ᠂ ᠵᠢᠯᠣᠭᠤᠳᠬᠤ ᠦᠵᠡᠯ ᠰᠠᠨᠠᠭ᠎ᠠ ᠵᠢᠴᠢ ᠴᠢᠬᠤᠯᠠ ᠠᠴᠢ ᠬᠤᠯᠪᠣᠭᠳᠠᠯ    ︵ᠨᠢᠭᠡ︶ ᠵᠢᠯᠣᠭᠤᠳᠬᠤ ᠦᠵᠡᠯ ᠰᠠᠨᠠᠭ᠎ᠠ    ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠬᠥᠮᠦᠨ ᠬᠢᠭᠡᠳ ᠡᠬᠡ ᠪᠠᠶᠢᠭᠠᠯᠢ ᠶᠢᠨ ᠡᠶ᠎ᠡ ᠵᠣᠬᠢᠴᠠᠩᠭᠤᠢ ᠬᠠᠮᠲᠤ ᠣᠷᠣᠰᠢᠬᠤ ᠦᠨᠳᠦᠰᠦᠨ ᠠᠷᠭ᠎ᠠ ᠪᠤᠳᠤᠯᠭ᠎ᠠ ᠶᠢ ᠪᠠᠷᠢᠮᠲᠠᠯᠠᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠠᠮᠢ ᠠᠬᠤᠶ ᠪᠣᠯᠤᠨ ᠠᠷᠠᠳ ᠤᠨ ᠠᠮᠢᠳᠤᠷᠠᠯ ᠤᠨ ᠬᠢᠵᠠᠭᠠᠷ ᠱᠤᠭᠤᠮ ᠢ ᠪᠠᠲᠤ ᠰᠠᠬᠢᠵᠤ᠂ ᠡᠯ᠎ᠡ ᠵᠦᠢᠯ ᠤᠨ ᠲᠥᠷᠥ ᠶᠢᠨ ᠪᠤᠳᠤᠯᠭ᠎ᠠ ᠶᠢᠨ ᠪᠡᠯᠡ ᠮᠥᠩᠭᠦ ᠶᠢᠨ ᠬᠤᠷᠠᠮᠠᠯ ᠦᠢᠯᠡᠳᠦᠯ ᠢ ᠪᠠᠳᠠᠷᠠᠭᠤᠯᠤᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠦᠷᠢᠮ ᠪᠠ ᠬᠤᠯᠪᠤᠭᠳᠠᠯ ᠪᠥᠬᠦᠶ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠳᠠᠷᠤᠯᠲᠠ ᠶᠢ ᠦᠨᠡᠨ ᠬᠦ ᠬᠥᠩᠭᠡᠷᠡᠭᠦᠯᠵᠦ᠂ ᠨᠤᠲᠤᠭ ᠪᠡᠯᠴᠢᠭᠡᠷ ᠤᠨ ᠰᠡᠯᠭᠦᠨ ᠥᠨᠵᠢᠯᠲᠡ ᠶᠢ ᠠᠬᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠷᠭᠦᠭᠡᠯᠲᠡ ᠶᠢ ᠲᠦᠷᠭᠡᠳᠬᠡᠵᠦ᠂ ᠲᠠᠯ᠎ᠠ ᠨᠤᠲᠤᠭ ᠤᠨ ᠮᠠᠯᠵᠢᠬᠤ ᠣᠷᠣᠨ ᠤ ᠠᠮᠢ ᠠᠬᠤᠶ ᠂ ᠦᠢᠯᠡᠳᠪᠦᠷᠢᠯᠡᠯ᠂ ᠠᠮᠢᠳᠤᠷᠠᠯ ᠤᠨ ᠵᠣᠬᠢᠴᠠᠯᠳᠤᠨ ᠬᠥᠭᠵᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃    ︵ᠬᠤᠶᠠᠷ︶ ᠴᠢᠬᠤᠯᠠ ᠠᠴᠢ ᠬᠤᠯᠪᠣᠭᠳᠠᠯ    ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪ᠊‍ᠵᠢᠭᠦᠯᠭᠡ︾ ᠶᠢᠨ ᠬᠤᠭᠤᠴᠠᠭᠠᠨ ᠳᠤ᠂ ᠬᠥᠯᠥᠨ ᠪᠤᠶᠢᠷ ᠬᠤᠲᠠ ᠤᠯᠤᠰ ᠤᠨ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠠᠯᠠᠪᠠᠶ ᠶᠢ 10358 ᠲᠦᠮᠡᠨ ᠮᠥ ᠨᠠᠶᠢᠳᠠᠪᠤᠷᠢᠵᠢᠭᠤᠯᠵᠤ᠂ ᠡᠭᠦᠨ ᠳᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠠᠯᠠᠪᠠᠶ 8671 ᠲᠦᠮᠡᠨ ᠮᠥ᠂ ᠪᠡᠯᠴᠢᠭᠡᠷᠯᠡᠭᠦᠯᠬᠦ ᠶᠢ ᠵᠣᠭᠰᠤᠭᠠᠬᠤ ᠲᠠᠯᠠᠪᠠᠶ 1687 ᠲᠦᠮᠡᠨ ᠮᠥ ᠳᠤ ᠬᠦᠷᠴᠦ᠂ ᠵᠢᠯ ᠪᠦᠷᠢ ᠠᠮᠢ ᠠᠬᠤᠶ ᠶᠢᠨ ᠨᠥᠬᠦᠪᠦᠷᠢ ᠱᠠᠩᠨᠠᠯ ᠤᠨ ᠪᠠᠯᠠ ᠮᠥᠩᠭᠦ ᠶᠢ 6. 29 ᠳ᠋ᠦᠩᠰᠢᠭᠤᠷ ᠲᠥᠭᠦᠷᠢᠭ ᠲᠠᠷᠬᠠᠭᠠᠵᠤ᠂ 10 ᠬᠤᠰᠢᠭᠤ ᠬᠤᠲᠠ ᠲᠣᠭᠤᠷᠢᠭ᠂ 697 ᠭᠠᠴᠠᠭ᠎ᠠ ᠲᠣᠰᠬᠤᠨ ︵ᠲᠠᠯᠠᠪᠠᠶ︶ ᠤ 14.2 ᠲᠦᠮᠡᠨ ᠡᠷᠦᠬᠡ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠪᠡ᠃ ᠨᠤᠲᠤᠭ ᠪᠡᠯᠴᠢᠭᠡᠷ ᠤᠨ ᠠᠮᠢ ᠠᠬᠤᠶ ᠢᠯᠡᠳᠲᠡ ᠰᠠᠶᠢᠵᠢᠷᠠᠵᠤ᠂ ᠮᠠᠯᠴᠢᠨ ᠲᠠᠷᠢᠶᠠᠴᠢᠨ ᠤ ᠨᠤᠲᠤᠭ ᠪᠡᠯᠴᠢᠭᠡᠷ ᠢᠶᠠᠨ ᠬᠠᠮᠠᠭᠠᠯᠠᠬᠤ ᠤᠬᠠᠮᠰᠠᠷ ᠢᠯᠡᠳᠲᠡ ᠨᠡᠮᠡᠭᠳᠡᠵᠦ᠂ ᠠᠮᠢᠳᠤᠷᠠᠯ ᠤᠨ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠤᠷᠠᠯ ᠠᠮᠢ ᠠᠬᠤᠶ ᠶᠢ ᠬᠠᠮᠠᠭᠠᠯᠠᠬᠤ ᠳᠤᠮᠳᠠ ᠬᠦᠭᠵᠢᠵᠦ᠂ ᠨᠤᠲᠤᠭ ᠪᠡᠯᠴᠢᠭᠡᠷ ᠤᠨ ᠰᠡᠷᠭᠦᠨ ᠰᠠᠶᠢᠵᠢᠷᠠᠬᠤ ᠴᠢᠳᠠᠪᠤᠷᠢ ᠢᠯᠡᠳᠲᠡ ᠳᠡᠭᠡᠭᠰᠢᠯᠡᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠡᠳᠦᠷ ᠢᠷᠡᠬᠦᠶ᠎ᠡ ᠪᠠᠶᠠᠯᠢᠭᠵᠢᠵᠤ᠂ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢᠨ ᠴᠢᠳᠠᠪᠤᠷᠢ ᠲᠣᠭᠲᠠᠭᠤᠨ ᠢᠶᠠᠷ ᠴᠢᠩᠭᠠᠷᠠᠪᠠ᠃    ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠳᠤ᠂ ᠤᠯᠤᠰ ᠠᠴᠠ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠦᠭᠰᠡᠨ ᠨᠢ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠦᠬᠦ ᠲᠠᠯ᠎ᠠ ᠶᠢ ᠨᠢᠭᠡᠳᠦᠯᠲᠡᠶ ᠲᠥᠯᠥᠪᠯᠡᠬᠦ ᠶᠢᠨ ᠲᠤᠰᠠᠳᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ︔ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ᠂ ᠮᠠᠯᠴᠢᠨ ᠲᠠᠷᠢᠶᠠᠴᠢᠨ ᠤ ᠠᠮᠢᠳᠤᠷᠠᠯ ᠢ ᠰᠠᠶᠢᠵᠢᠷᠠᠭᠤᠯᠬᠤ᠂ ᠲᠡᠵᠢᠭᠡᠯ ᠡᠪᠡᠰᠦᠨ ᠤ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠡᠯᠪᠡᠷᠢ ᠶᠢ ᠬᠤᠪᠢᠷᠠᠭᠤᠯᠬᠤ ᠪᠠ ᠦᠷᠭᠦᠯᠵᠢᠯᠡᠬᠦ᠋ᠢᠴᠡ ᠬᠦᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠤᠷᠠᠯ ᠠᠮᠢ ᠠᠬᠤᠶ ᠶᠢᠨ ᠬᠠᠷᠢᠯᠴᠠᠨ ᠠᠬᠢᠭᠤᠯᠵᠤ ᠬᠠᠮᠲᠤᠪᠠᠷ ᠠᠰᠢᠭ ᠭᠥᠷᠳᠡᠬᠦ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠮᠠᠨ ᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠡᠯ᠎ᠡ ᠲᠥᠷᠦᠯ ᠤᠨ ᠠᠵᠢᠯ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ