ᠬᠥᠯᠥᠨ ᠪᠤᠶᠢᠷ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ ︵ᠬᠤᠶᠠᠷ︶
ᠨᠡᠶᠢᠲᠡᠯᠡᠭᠰᠡᠨ ᠴᠠᠭ᠄
2022/11/21
   ᠬᠤᠶᠠᠷ᠂ ᠶᠡᠷᠦᠩᠬᠡᠶ ᠬᠠᠷᠠᠯᠲᠠ ᠬᠢᠭᠡᠳ ᠦᠨᠳᠦᠰᠦᠨ ᠵᠠᠷᠴᠢᠮ   ︵ᠨᠢᠭᠡ︶ ᠶᠡᠷᠦᠩᠬᠡᠶ ᠬᠠᠷᠠᠯᠲᠠ    ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠪᠣᠯᠣᠨ ᠬᠤᠯᠪᠤᠭᠳᠠᠯ ᠪᠥᠬᠦᠶ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠳᠠᠮᠵᠢᠨ᠂ ᠨᠤᠲᠤᠭ ᠪᠡᠯᠴᠢᠭᠡᠷ ᠤᠨ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠤᠭᠰᠤᠭᠠᠬᠤ ᠲᠦᠷᠢᠮ ᠢ ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠤ ᠰᠡᠭᠦᠯᠴᠢ ᠪᠣᠯᠬᠤ ᠳᠤ᠂ ᠪᠥᠬᠦ ᠬᠤᠲᠠ ᠶᠢᠨ ᠨᠤᠲᠤᠭ ᠪᠡᠯᠴᠢᠭᠡᠷ ᠤᠨ ᠳᠤᠮᠳᠠᠴᠢ ᠤᠷᠭᠤᠮᠠᠯ ᠬᠤᠴᠢᠯᠭ᠎ᠠ ᠶᠢᠨ ᠪᠦᠷᠬᠦᠴᠡ ᠶᠢ 75% ᠣᠷᠴᠢᠮ ᠳᠤ ᠲᠣᠭᠲᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠢ ᠦᠷᠭᠦᠯᠵᠢᠯᠡᠨ ᠰᠠᠶᠢᠵᠢᠷᠠᠭᠤᠯᠵᠤ᠂ ᠶᠠᠰᠤ ᠴᠢᠨᠠᠷ ᠢ ᠢᠯᠡᠳᠲᠡ ᠰᠠᠶᠢᠵᠢᠷᠠᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠠᠯᠬᠤᠮ ᠴᠢᠨᠠᠭᠰᠢᠳᠠ ᠳᠣᠪᠤᠶᠢᠯᠭᠠᠬᠤ ᠪᠠᠷ ᠴᠢᠷᠮᠠᠶᠢᠨ᠎ᠠ︔ ᠮᠠᠯᠴᠢᠨ ᠲᠠᠷᠢᠶᠠᠴᠢᠨ ᠤ ᠨᠤᠲᠤᠭ ᠪᠡᠯᠴᠢᠭᠡᠷ ᠢᠶᠠᠨ ᠬᠠᠮᠠᠭᠠᠯᠠᠬᠤ ᠤᠬᠠᠮᠰᠠᠷ ᠢ ᠠᠯᠬᠤᠮ ᠴᠢᠨᠠᠭᠰᠢᠳᠠ ᠳᠡᠭᠡᠭᠰᠢᠯᠡᠭᠦᠯᠦᠨ᠎ᠡ︔ ᠮᠠᠯᠴᠢᠨ ᠲᠠᠷᠢᠶᠠᠴᠢᠨ ᠤ ᠪᠠᠶᠢᠭᠠᠯᠢᠯᠢᠭ ᠨᠤᠲᠤᠭ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠶᠢ ᠬᠥᠲᠥᠯᠦᠨ ᠵᠢᠯᠣᠭᠤᠳᠴᠤ᠂ ᠲᠡᠵᠢᠭᠡᠯ ᠡᠪᠡᠰᠦᠨ ᠤ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠮᠠᠯ ᠠᠵᠤ ᠠᠬᠤᠶ ᠶᠢᠨ ᠴᠢᠨᠠᠷ ᠰᠠᠶᠢᠲᠠᠶ ᠬᠦᠭᠵᠢᠯᠲᠡ ᠶᠢ ᠠᠬᠢᠭᠤᠯᠤᠨ᠎ᠠ︔ ᠮᠠᠯᠴᠢᠨ ᠲᠠᠷᠢᠶᠠᠴᠢᠨ ᠤ ᠣᠷᠣᠯᠭ᠎ᠠ ᠶᠢᠨ ᠲᠦᠪᠰᠢᠨ ᠢ ᠲᠣᠭᠲᠠᠭᠤᠨ ᠢᠶᠠᠷ ᠨᠡᠮᠡᠭᠳᠡᠭᠦᠯᠦᠨ᠎ᠡ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠵᠦ᠂ ᠡᠬᠡ ᠤᠯᠤᠰ ᠤᠨ ᠤᠮᠠᠷᠠᠲᠤ ᠬᠢᠵᠠᠭᠠᠷ ᠤᠨ ᠡᠨᠡ ᠬᠦ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠰᠠᠶᠢᠲᠤᠷ ᠰᠠᠬᠢᠨ ᠬᠠᠮᠠᠭᠠᠯᠠᠨ᠎ᠠ᠃    ︵ᠬᠤᠶᠠᠷ︶ ᠦᠨᠳᠦᠰᠦᠨ ᠵᠠᠷᠴᠢᠮ    — ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠦᠭᠵᠢᠯᠲᠡ ᠶᠢ ᠪᠠᠷᠢᠮᠲᠠᠯᠠᠨ᠎ᠠ᠃ ︽ᠠᠮᠢ ᠠᠬᠤᠶ ᠶᠢ ᠤᠷᠢᠳ ᠢᠶᠠᠷ ᠪᠤᠳᠤᠯᠬᠢᠯᠠᠵᠤ᠂ ᠦᠢᠯᠡᠳᠪᠦᠷᠢᠯᠡᠯ ᠠᠮᠢ ᠠᠬᠤᠶ ᠶᠢ ᠣᠷᠭᠠᠨᠢᠭ ᠢᠶᠠᠷ ᠤᠶᠠᠯᠳᠤᠭᠤᠯᠬᠤ︾ ᠦᠨᠳᠦᠰᠦᠨ ᠴᠢᠭᠯᠡᠯᠲᠡ ᠶᠢ ᠪᠠᠷᠢᠮᠲᠠᠯᠠᠨ᠂ ᠨᠤᠲᠤᠭ ᠪᠡᠯᠴᠢᠭᠡᠷ ᠤᠨ ᠡᠯ᠎ᠡ ᠲᠦᠷᠦᠯ ᠤᠨ ᠬᠠᠮᠠᠭᠠᠯᠠᠯᠲᠠ ᠶᠢᠨ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠢ ᠬᠠᠮᠠᠭᠠᠯᠠᠨ ᠰᠡᠷᠭᠦᠭᠡᠵᠦ᠂ ᠮᠠᠯᠵᠢᠬᠤ ᠣᠷᠣᠨ ᠤ ᠠᠵᠤ ᠠᠬᠤᠶ ᠨᠡᠶᠢᠭᠡᠮ ᠤᠨ ᠦᠷᠭᠦᠯᠵᠢᠯᠡᠬᠦ᠋ᠢᠴᠡ ᠬᠦᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃    — ᠡᠷᠬᠡ ᠬᠠᠷᠢᠭᠤᠴᠠᠯᠭ᠎ᠠ ᠶᠢ ᠲᠣᠳᠣᠷᠬᠠᠢ ᠪᠠᠶᠢᠯᠭᠠᠵᠤ᠂ ᠱᠠᠳᠤ ᠬᠤᠪᠢᠶᠠᠨ ᠨᠠᠶᠢᠳᠠᠪᠤᠷᠢᠵᠢᠭᠤᠯᠬᠤ ᠶᠢ ᠪᠠᠷᠢᠮᠲᠠᠯᠠᠨ᠎ᠠ᠃ ᠠᠯᠬᠤᠮ ᠴᠢᠨᠠᠭᠰᠢᠳᠠ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ᠂ ᠬᠠᠷᠠᠯᠲᠠ᠂ ᠡᠭᠦᠷᠭᠡ᠂ ᠬᠠᠷᠢᠭᠤᠴᠠᠯᠭ᠎ᠠ᠂ ᠠᠷᠭ᠎ᠠ ᠶᠢᠨ ︽ᠲᠠᠪᠤ ᠶᠢ ᠬᠤᠰᠢᠭᠤ ᠬᠤᠲᠠ ᠲᠣᠭᠤᠷᠢᠭ ᠲᠤ ᠬᠦᠷᠭᠡᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠪᠠᠷᠢᠮᠲᠠᠯᠠᠨ᠂ ᠬᠤᠰᠢᠭᠤ ᠬᠤᠲᠠ ᠲᠣᠭᠤᠷᠢᠭ ᠢᠶᠠᠷ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠭᠤᠤᠯ ᠴᠣᠭᠴᠠ ᠪᠠ ᠬᠠᠷᠢᠭᠤᠴᠠᠯᠭ᠎ᠠ ᠶᠢᠨ ᠭᠤᠤᠯ ᠴᠣᠭᠴᠠ ᠪᠣᠯᠭᠠᠵᠤ᠂ ᠲᠥᠰᠦᠯ ᠢ ᠨᠠᠷᠢᠯᠢᠬᠵᠢᠭᠤᠯᠤᠨ᠂ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠢ ᠱᠠᠲᠤ ᠳᠠᠷᠠᠭᠠᠯᠠᠨ ᠪᠠᠶᠢᠭᠤᠯᠵᠤ᠂ ᠡᠭᠦᠷᠭᠡ ᠶᠢᠨ ᠭᠦᠢᠴᠡᠳᠬᠡᠯ ᠲᠤᠭ᠎ᠠ ᠶᠢ ᠢᠯᠭᠠᠨ ᠬᠤᠪᠢᠶᠠᠷᠢᠯᠠᠨ᠎ᠠ᠃    — ᠲᠥᠷᠥ ᠶᠢᠨ ᠪᠣᠳᠣᠯᠭ᠎ᠠ ᠶᠢ ᠲᠣᠭᠲᠠᠭᠤᠨ ᠪᠠᠶᠢᠯᠭᠠᠵᠤ᠂ ᠯᠠᠪᠳᠠᠭᠤᠨ ᠠᠬᠢᠭᠤᠯᠬᠤ ᠶᠢ ᠪᠠᠷᠢᠮᠲᠠᠯᠠᠨ᠎ᠠ᠃ ᠲᠥᠷᠥ ᠶᠢᠨ ᠪᠣᠳᠣᠯᠭ᠎ᠠ ᠶᠢᠨ ᠬᠠᠷᠠᠯᠲᠠ ᠶᠢᠨ ᠲᠣᠭᠲᠠᠭᠤᠨ ᠢ ᠪᠠᠲᠤᠯᠠᠵᠤ᠂ ᠠᠰᠢᠭ ᠭᠥᠷᠳᠡᠬᠦ ᠬᠥᠮᠦᠰ ᠢ ᠦᠨᠳᠦᠰᠦᠨ ᠳᠡᠭᠡᠨ ᠲᠣᠭᠲᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠰᠤᠯᠠᠷᠠᠭᠤᠯᠬᠤ ᠥᠬᠡᠶ᠂ ᠨᠥᠬᠦᠪᠦᠷᠢ ᠱᠠᠩᠨᠠᠯ ᠤᠨ ᠪᠠᠷᠢᠮᠵᠢᠶ᠎ᠠ ᠶᠢ ᠪᠠᠭᠤᠷᠠᠭᠤᠯᠬᠤ ᠥᠬᠡᠶ᠂ ᠢᠵᠢ ᠪᠥᠷᠢᠳᠦᠭᠦᠯᠬᠦ ᠪᠠᠯᠠ ᠮᠥᠩᠭᠦ ᠶᠢ ᠳᠠᠰᠤᠯᠳᠠᠭᠤᠯᠬᠤ ᠥᠬᠡᠶ ᠪᠠᠶᠢᠵᠤ ᠂ ᠡᠮᠦᠨᠡᠬᠢ ᠬᠤᠶᠠᠷ ᠡᠭᠡᠯᠵᠢ ᠶᠢᠨ ᠰᠠᠶᠢᠨ ᠠᠷᠭ᠎ᠠ ᠠᠪᠴᠠᠯ ᠢ ᠦᠷᠭᠦᠯᠵᠢᠯᠡᠨ ᠬᠡᠷᠡᠭᠵᠢᠭᠦᠯᠦᠨ᠎ᠡ᠃    — ᠪᠡᠯᠴᠢᠭᠡᠷ ᠢᠶᠠᠷ ᠮᠠᠯ ᠤᠨ ᠲᠤᠭ᠎ᠠ ᠶᠢ ᠲᠣᠭᠲᠠᠭᠠᠵᠤ᠂ ᠦᠷᠭᠦᠯᠵᠢᠯᠡᠬᠦ᠋ᠢᠴᠡ ᠬᠦᠭᠵᠢᠯᠲᠡ ᠶᠢ ᠪᠠᠷᠢᠮᠲᠠᠯᠠᠨ᠎ᠠ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠲᠤᠬᠠᠶ ᠶᠢᠨ ᠭᠠᠵᠠᠷ ᠤᠨ ᠪᠡᠯᠴᠢᠭᠡᠷ ᠤᠨ ᠡᠬᠢ ᠪᠠᠶᠠᠯᠢᠭ ᠤᠨ ᠪᠤᠰᠤᠳᠴᠢ ᠪᠠ ᠪᠣᠳᠠᠲᠤ ᠪᠠᠶᠢᠳᠠᠯ ᠢ ᠬᠦᠨᠳᠦᠳᠬᠡᠵᠦ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠬᠤᠪᠢᠶᠠᠷᠢᠯᠠᠨ ᠲᠣᠭᠲᠠᠭᠠᠵᠤ᠂ ᠪᠠᠶᠢᠭᠠᠯᠢᠯᠢᠭ ᠨᠤᠲᠤᠭ ᠪᠡᠯᠴᠢᠭᠡᠷ ᠲᠤ ᠳᠣᠭᠢᠷᠠᠬᠤ ᠮᠠᠯ ᠤᠨ ᠳᠠᠭᠠᠭᠠᠴᠠ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠤᠭᠲᠠᠭᠠᠨ᠎ᠠ᠃    — ᠨᠢᠭᠡᠳᠦᠯᠲᠡᠶ ᠲᠥᠯᠥᠪᠯᠡᠨ ᠠᠬᠢᠭᠤᠯᠵᠤ᠂ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠪᠠᠷᠢᠮᠲᠠᠯᠠᠨ᠎ᠠ᠃ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠬᠠᠷᠢᠯᠴᠠᠨ ᠤᠶᠠᠯᠳᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠯᠦᠭᠡ ᠬᠠᠷᠢᠯᠴᠠᠨ ᠤᠶᠠᠯᠳᠤᠭᠤᠯᠵᠤ᠂ ᠪᠡᠯᠴᠢᠭᠡᠷ ᠤᠨ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠯᠤᠭ᠎ᠠ ᠬᠠᠷᠢᠯᠴᠠᠨ ᠤᠶᠠᠯᠳᠤᠭᠤᠯᠵᠤ᠂ ᠲᠠᠴᠢᠷᠰᠢᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ ᠵᠠᠰᠠᠨ ᠰᠡᠷᠭᠦᠭᠡᠬᠦ ᠯᠦᠭᠡ ᠬᠠᠷᠢᠯᠴᠠᠨ ᠤᠶᠠᠯᠳᠤᠭᠤᠯᠵᠤ᠂ ᠪᠡᠯᠴᠢᠭᠡᠷ ᠤᠨ ᠮᠠᠯ ᠠᠵᠤ ᠠᠬᠤᠶ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠮᠠᠯ ᠠᠵᠤ ᠠᠬᠤᠶ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ ᠤ ᠣᠳᠣᠬᠢᠴᠢᠯᠠᠯᠲᠠ ᠶᠢ ᠠᠬᠢᠭᠤᠯᠤᠨ᠎ᠠ᠃    — ᠢᠯᠡ ᠲᠣᠳᠣ ᠪᠠᠶᠢᠯᠭᠠᠵᠤ᠂ ᠨᠥᠬᠦᠪᠦᠷᠢ ᠱᠠᠩᠨᠠᠯ ᠤᠨ ︽ᠲᠠᠪᠤ ᠶᠢ ᠡᠷᠦᠬᠡ ᠳᠤ ᠬᠦᠷᠭᠡᠬᠦ︾ ᠶᠢ ᠪᠠᠷᠢᠮᠲᠠᠯᠠᠨ᠎ᠠ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠥᠬᠦ ᠶᠠᠪᠤᠴᠠ ᠶᠢ ᠢᠯᠡ ᠲᠣᠳᠣ ᠪᠠᠶᠢᠯᠭᠠᠬᠤ ᠶᠢ ᠪᠠᠷᠢᠮᠲᠠᠯᠠᠨ᠂ ᠡᠭᠦᠷᠭᠡ ᠶᠢ ᠨᠠᠶᠢᠳᠠᠪᠤᠷᠢᠵᠢᠭᠤᠯᠬᠤ᠂ ᠪᠠᠯᠠ ᠮᠥᠩᠭᠦ ᠲᠠᠷᠬᠠᠭᠠᠬᠤ᠂ ᠳᠠᠩᠰᠠᠯᠠᠵᠤ ᠺᠠᠷᠳ᠋ᠯᠠᠬᠤ᠂ ᠦᠢᠯᠡᠴᠢᠯᠡᠨ ᠵᠢᠯᠤᠭᠤᠳᠬᠤ᠂ ᠬᠢᠨᠠᠨ ᠬᠠᠮᠢᠶᠠᠷᠬᠤ ︽ᠲᠠᠪᠤ ᠶᠢ ᠡᠷᠦᠬᠡ ᠳᠤ ᠬᠦᠷᠭᠡᠬᠦ︾ ᠶᠢ ᠪᠡᠶᠡᠯᠡᠭᠦᠯᠵᠦ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠠᠯᠠ ᠮᠥᠩᠭᠦ ᠶᠢ ᠭᠠᠴᠠᠭ᠎ᠠ ᠲᠣᠰᠬᠤᠨ ᠤ ᠱᠠᠲᠤᠨ ᠳᠤ ᠢᠯᠡ ᠨᠡᠶᠢᠲᠡᠯᠡᠬᠦ ᠲᠦᠷᠢᠮ ᠢ ᠲᠡᠷᠡ ᠶᠣᠰᠤᠭᠠᠷ ᠨᠢ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠢᠯᠡ ᠪᠠᠷ ᠬᠡᠷᠡᠭᠵᠢᠭᠦᠯᠬᠦ ᠶᠢ ᠪᠠᠲᠤᠯᠠᠨ᠎ᠠ᠃
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ