ᠬᠥᠯᠥᠨ ᠪᠤᠶᠢᠷ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ ︵ᠭᠤᠷᠪᠠ︶
ᠨᠡᠶᠢᠲᠡᠯᠡᠭᠰᠡᠨ ᠴᠠᠭ᠄
2022/11/21
   ᠭᠤᠷᠪᠠ᠂ ᠬᠡᠷᠡᠭᠵᠢᠭᠦᠯᠬᠦ ᠬᠦᠷᠢᠶ᠎ᠡ ᠬᠡᠪᠴᠢᠶ᠎ᠡ ᠪᠤᠯᠤᠨ ᠬᠤᠪᠢᠶᠠᠷᠢᠯᠠᠯ    ︵ᠨᠢᠭᠡ︶ ᠬᠡᠷᠡᠭᠵᠢᠭᠦᠯᠬᠦ ᠬᠦᠷᠢᠶ᠎ᠡ ᠬᠡᠪᠴᠢᠶ᠎ᠡ    ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠳᠤ᠂ ᠮᠠᠨ ᠤ ᠬᠤᠲᠠ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠠᠯᠠᠪᠠᠶ 10290.90 ᠲᠦᠮᠡᠨ ᠮᠥ ᠳᠤ ᠬᠦᠷᠴᠦ᠂ ᠡᠭᠦᠨ ᠳᠤ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ 961.37 ᠲᠦᠮᠡᠨ ᠮᠥ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠤ ᠲᠠᠯᠠᠪᠠᠶ 9329.53 ᠲᠦᠮᠡᠨ ᠮᠥ ᠪᠠᠶᠢᠵᠤ᠂ ᠵᠢᠯ ᠪᠦᠷᠢ ᠳᠤ ᠠᠮᠢ ᠠᠬᠤᠶ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢ 6.32 ᠳ᠋ᠦᠩᠰᠢᠭᠤᠷ ᠲᠥᠭᠦᠷᠢᠭ ᠲᠠᠷᠬᠠᠭᠠᠵᠤ᠂ ᠪᠥᠬᠦ ᠬᠤᠲᠠ ᠶᠢᠨ 10 ᠬᠤᠰᠢᠭᠤ ᠬᠤᠲᠠ ᠲᠣᠭᠤᠷᠢᠭ ᠢ ᠬᠠᠮᠤᠷᠤᠭᠤᠯᠤᠨ᠎ᠠ᠃ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠲᠠᠢ ᠪᠤᠶᠤ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠭᠡᠷ᠎ᠡ ᠲᠣᠭᠲᠠᠭᠰᠠᠨ ᠮᠠᠯᠴᠢᠨ ᠲᠠᠷᠢᠶᠠᠴᠢᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠲᠠᠯᠠᠪᠠᠶ ᠶᠢᠨ ᠠᠵᠢᠯᠲᠠᠨ ᠴᠥᠮ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠤᠨ᠎ᠠ᠃    ︵ᠬᠤᠶᠠᠷ︶ ᠬᠤᠪᠢᠶᠠᠷᠢᠯᠠᠯ    ᠬ᠋᠊‍ᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠣᠷᠣᠨ ᠪᠦᠰᠡ ᠶᠢ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠭᠡᠵᠦ ᠬᠤᠪᠢᠶᠠᠨ᠎ᠠ᠃    1. ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ᠃ ᠥᠪᠡᠷᠲᠡᠭᠡᠨ ᠵᠠᠰᠠᠬᠤ ᠣᠷᠣᠨ ᠤ ︽ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ︾ ᠪᠣᠯᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠢᠨᠠᠨ ᠬᠡᠮᠵᠢᠯᠲᠡ ᠶᠢᠨ ᠪᠣᠳᠠᠲᠠᠶ ᠪᠠᠶᠢᠳᠠᠯ ᠢ ᠦᠨᠳᠦᠰᠦᠯᠡᠨ᠂ ᠳᠣᠤᠷ᠎ᠠ ᠵᠢᠭᠰᠠᠭᠠᠭᠰᠠᠨ ᠨᠤᠲᠤᠭ ᠪᠡᠯᠴᠢᠭᠡᠷ ᠢ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠪᠣᠯᠭᠠᠨ ᠬᠤᠪᠢᠶᠠᠨ᠎ᠠ᠄ ᠬᠦᠨᠳᠦ ᠨᠣᠴᠢᠲᠠᠢ ᠲᠠᠴᠢᠷᠰᠢᠵᠤ᠂ ᠡᠯᠡᠰᠦᠷᠬᠡᠭᠵᠢᠭᠰᠡᠨ ᠨᠤᠲᠤᠭ ᠪᠡᠯᠴᠢᠭᠡᠷ︔ ᠪᠡᠯᠴᠢᠭᠡᠷᠯᠡᠭᠦᠯᠦᠨ ᠠᠰᠢᠭᠯᠠᠬᠤ ᠳᠤ ᠲᠣᠬᠢᠷᠠᠮᠵᠢ ᠦᠭᠡᠢ ᠨᠡᠯᠢᠶᠡᠳ ᠲᠠᠴᠢᠷᠰᠢᠵᠤ᠂ ᠡᠯᠡᠰᠦᠷᠬᠡᠭᠵᠢᠭᠰᠡᠨ ᠨᠤᠲᠤᠭ ᠪᠡᠯᠴᠢᠭᠡᠷ︔ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠴᠢᠬᠤᠯᠠ ᠨᠤᠭᠤ ᠭᠠᠵᠠᠷ ᠤᠨ ᠨᠤᠲᠤᠭ ᠪᠡᠯᠴᠢᠭᠡᠷ︔ ᠪᠤᠰᠤᠳ ᠪᠡᠯᠴᠢᠭᠡᠷᠯᠡᠭᠦᠯᠬᠦ ᠶᠢ ᠵᠣᠭᠰᠤᠭᠠᠬᠤ ᠴᠢᠬᠤᠯᠠᠲᠠᠶ ᠨᠤᠲᠤᠭ ᠪᠡᠯᠴᠢᠭᠡᠷ᠃    2. ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ᠃ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠠᠴᠠ ᠪᠣᠰᠤᠳ ᠨᠤᠲᠤᠭ ᠪᠡᠯᠴᠢᠭᠡᠷ ᠢ ᠳᠠᠭᠠᠭᠠᠴᠠ ᠶᠢ ᠦᠨᠳᠦᠰᠦᠯᠡᠨ ᠲᠣᠬᠢᠷᠠᠮᠵᠢᠲᠠᠢ ᠮᠠᠯ ᠤᠨ ᠲᠤᠭ᠎ᠠ ᠬᠡᠮᠵᠢᠶ᠎ᠡ ᠶᠢ ᠬᠢᠨᠠᠨ ᠲᠣᠭᠲᠠᠭᠠᠵᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠪᠣᠯᠭᠠᠨ ᠬᠤᠪᠢᠶᠠᠷᠢᠯᠠᠨ ᠲᠤᠭᠲᠠᠭᠠᠨ᠎ᠠ᠃ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠢᠶᠠᠷ ᠬᠤᠪᠢᠶᠠᠷᠢᠯᠠᠨ ᠲᠣᠭᠲᠠᠭᠠᠭᠰᠠᠨ ᠨᠤᠲᠤᠭ ᠪᠡᠯᠴᠢᠭᠡᠷ ᠲᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠦᠷᠢᠮ ᠢ ᠴᠢᠩᠭ᠎ᠠ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠪᠡᠯᠴᠢᠭᠡᠷ ᠢ ᠰᠡᠷᠭᠦᠭᠡᠬᠦ ᠲᠦᠷᠢᠮ ᠢ ᠬᠡᠷᠡᠭᠵᠢᠭᠦᠯᠵᠦ᠂ ᠪᠡᠯᠴᠢᠭᠡᠷ ᠬᠤᠪᠢᠶᠠᠨ ᠰᠡᠯᠭᠦᠨ ᠮᠠᠯᠵᠢᠬᠤ ᠲᠦᠷᠢᠮ ᠢ ᠬᠡᠷᠡᠭᠵᠢᠭᠦᠯᠬᠦ ᠶᠢ ᠵᠣᠷᠢᠭᠵᠢᠭᠤᠯᠵᠤ᠂ ᠨᠤᠲᠤᠭ ᠪᠡᠯᠴᠢᠭᠡᠷ ᠢ ᠦᠷᠭᠦᠯᠵᠢᠯᠡᠨ ᠠᠰᠢᠭᠯᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ