ᠬᠥᠯᠥᠨ ᠪᠤᠶᠢᠷ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ ︵ᠵᠢᠷᠭᠤᠭ᠎ᠠ︶
ᠨᠡᠶᠢᠲᠡᠯᠡᠭᠰᠡᠨ ᠴᠠᠭ᠄
2022/11/21
    ᠵᠢᠷᠭᠤᠭ᠎ᠠ᠂ ᠠᠵᠢᠯ ᠤᠨ ᠱᠠᠭᠠᠷᠳᠠᠯᠭ᠎ᠠ    ︵ᠨᠢᠭᠡ︶ ᠠᠯᠬᠤᠮ ᠴᠢᠨᠠᠭᠰᠢᠳᠠ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠬᠡᠷᠡᠭᠵᠢᠭᠦᠯᠬᠦ ᠭᠤᠤᠯ ᠴᠣᠭᠴᠠ ᠶᠢ ᠲᠣᠳᠤᠷᠬᠠᠶᠢᠯᠠᠨ᠎ᠠ    ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠳᠤ ᠪᠠᠯᠠ ᠮᠥᠩᠭᠦ᠂ ᠬᠠᠷᠠᠯᠲᠠ᠂ ᠡᠭᠦᠷᠭᠡ᠂ ᠬᠠᠷᠢᠭᠤᠴᠠᠯᠭ᠎ᠠ᠂ ᠠᠷᠭ᠎ᠠ ᠶᠢᠨ ︽ᠲᠠᠪᠤ ᠶᠢ ᠬᠤᠰᠢᠭᠤ ᠬᠤᠲᠠ ᠲᠣᠭᠤᠷᠢᠭ ᠲᠤ ᠬᠦᠷᠭᠡᠬᠦ︾ ᠵᠠᠷᠴᠢᠮ ᠢ ᠪᠠᠷᠢᠮᠲᠠᠯᠠᠨ᠂ ᠬᠤᠰᠢᠭᠤ ᠬᠤᠲᠠ ᠲᠣᠭᠤᠷᠢᠭ ᠢᠶᠠᠷ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠭᠤᠤᠯ ᠴᠣᠭᠴᠠ ᠪᠠ ᠬᠠᠷᠢᠭᠤᠴᠠᠯᠭ᠎ᠠ ᠶᠢᠨ ᠭᠤᠤᠯ ᠴᠣᠭᠴᠠ ᠪᠣᠯᠭᠠᠨ᠎ᠠ᠃ ᠬᠤᠲᠠ ᠶᠢᠨ ᠲᠣᠰ ᠱᠠᠲᠤᠨ ᠤ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠠᠵᠢᠯ ᠤᠨ ᠤᠳᠤᠷᠢᠳᠬᠤ ᠳᠤᠭᠤᠶᠢᠯᠠᠩ ᠨᠢ ᠬᠤᠰᠢᠭᠤ ᠬᠤᠲᠠ ᠲᠣᠭᠤᠷᠢᠭ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠵᠢᠯᠣᠭᠤᠳᠤᠭᠰᠠᠨ ᠰᠠᠭᠤᠷᠢᠨ ᠳᠡᠭᠡᠷ᠎ᠡ᠂ ᠱᠠᠯᠠᠪᠳᠠᠭᠤᠯᠤᠨ ᠪᠠᠶᠢᠴᠠᠭᠠᠵᠤ ᠬᠠᠮᠢᠶᠠᠷᠬᠤ ᠠᠵᠢᠯ ᠢ ᠪᠤᠳᠠᠲᠠᠢ ᠰᠠᠶᠢᠲᠤᠷ ᠠᠳᠬᠤᠵᠤ᠂ ᠬᠤᠰᠢᠭᠤ ᠬᠤᠲᠠ ᠲᠣᠭᠤᠷᠢᠭ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠠᠲᠤᠯᠠᠵᠤ᠂ ᠮᠠᠯᠴᠢᠳ ᠲᠤ ᠠᠰᠢᠭ ᠬᠦᠷᠲᠡᠭᠡᠬᠦ ᠤᠯᠤᠰ ᠤᠨ ᠲᠥᠷᠥ ᠶᠢᠨ ᠪᠣᠳᠣᠯᠭ᠎ᠠ ᠶᠢ ᠲᠡᠷᠡ ᠬᠡᠪ ᠢᠶᠠᠷ ᠨᠢ ᠮᠠᠯᠴᠢᠨ ᠲᠠᠷᠢᠶᠠᠴᠢᠳ ᠲᠤ ᠲᠤᠰᠢᠶᠠᠨ ᠥᠭᠬᠦ ᠬᠡᠷᠡᠭᠲᠡᠢ᠃ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠦᠷᠢᠶ᠎ᠡ ᠬᠡᠪᠴᠢᠶᠡᠨ ᠳᠠᠬᠢ ᠣᠶ ᠰᠢᠭᠤᠶ ᠪᠠ ᠨᠤᠲᠤᠭ ᠪᠡᠯᠴᠢᠭᠡᠷ ᠳᠠᠪᠬᠤᠴᠠᠭᠰᠠᠨ ᠣᠷᠣᠨ ᠪᠦᠰᠡ ᠶᠢᠨ ᠨᠥᠬᠦᠪᠦᠷᠢ ᠱᠠᠩᠨᠠᠯ ᠤᠨ ᠪᠠᠯᠠ ᠮᠥᠩᠭᠦ ᠶᠢ ᠨᠡᠶᠢᠲᠡ ᠶᠢᠨ ᠠᠰᠠᠷᠠᠮᠵᠢ ᠶᠢᠨ ᠣᠶ ᠶᠢᠨ ᠨᠥᠬᠦᠪᠥᠷᠢ ᠯᠦᠭᠡ ᠳᠠᠪᠬᠤᠷᠳᠠᠭᠤᠯᠤᠨ ᠣᠯᠭᠤᠵᠤ ᠪᠣᠯᠬᠤ ᠥᠬᠡᠶ᠃    ︵ᠬᠤᠶᠠᠷ︶ ᠬᠡᠷᠡᠭᠵᠢᠭᠦᠯᠬᠦ ᠲᠥᠰᠦᠯ ᠲᠣᠭᠲᠠᠭᠠᠵᠤ᠂ ᠲᠦᠷᠢᠮ ᠠᠷᠭ᠎ᠠ ᠬᠡᠮᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠦᠨ᠎ᠡ    ᠡᠯ᠎ᠡ ᠬᠤᠰᠢᠭᠤ ᠬᠤᠲᠠ ᠲᠣᠭᠤᠷᠢᠭ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠳᠠᠷᠤᠮᠠᠯᠯᠠᠨ ᠲᠠᠷᠬᠠᠭᠠᠭᠰᠠᠨ ᠬᠡᠷᠡᠭᠵᠢᠭᠦᠯᠬᠦ ᠲᠥᠰᠦᠯ ᠶᠣᠰᠣᠭᠠᠷ᠂ ᠲᠣᠰ ᠭᠠᠵᠠᠷ ᠣᠷᠣᠨ ᠤ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠬᠡᠷᠡᠭᠵᠢᠭᠦᠯᠬᠦ ᠲᠥᠰᠦᠯ ᠪᠠ ᠠᠵᠢᠯ ᠤᠨ ᠲᠥᠯᠥᠪᠯᠡᠭᠡ ᠲᠣᠭᠲᠠᠭᠠᠵᠤ᠂ ᠡᠯ᠎ᠡ ᠲᠥᠷᠦᠯ ᠤᠨ ᠲᠥᠷᠥ ᠶᠢᠨ ᠪᠣᠳᠣᠯᠭ᠎ᠠ ᠶᠢᠨ ᠲᠦᠷᠢᠮ ᠠᠷᠭ᠎ᠠ ᠬᠡᠮᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠣᠷᠣᠨ ᠪᠦᠰᠡ ᠶᠢᠨ ᠪᠠᠶᠢᠷᠢᠰᠢᠭᠤᠯᠤᠯᠲᠠ᠂ ᠲᠥᠷᠥ ᠶᠢᠨ ᠪᠣᠳᠣᠯᠭ᠎ᠠ ᠲᠣᠭᠲᠠᠭᠠᠬᠤ᠂ ᠬᠢᠨᠠᠯᠲᠠ ᠬᠠᠮᠢᠶᠠᠷᠤᠯᠲᠠ ᠪᠠ ᠪᠠᠯᠠ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢᠨ ᠲᠠᠯ᠎ᠠ ᠪᠠᠷ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠡᠯ᠎ᠡ ᠬᠤᠰᠢᠭᠤ ᠬᠤᠲᠠ ᠲᠣᠭᠤᠷᠢᠭ ᠲᠥᠷᠥ ᠶᠢᠨ ᠪᠣᠳᠣᠯᠭ᠎ᠠ ᠲᠣᠭᠲᠠᠭᠠᠬᠤ ᠳᠠᠭᠠᠨ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠬᠤᠷᠢᠶᠠᠵᠤ᠂ ᠮᠠᠯᠴᠢᠨ ᠲᠠᠷᠢᠶᠠᠴᠢᠨ ᠤ ᠬᠦᠰᠡᠯ ᠰᠠᠨᠠᠭ᠎ᠠ ᠶᠢ ᠬᠦᠨᠳᠦᠳᠬᠡᠨ᠂ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠢ ᠬᠤᠪᠢᠶᠠᠷᠢᠯᠠᠨ ᠲᠣᠭᠲᠠᠭᠠᠭᠰᠠᠨ ᠪᠠᠶᠢᠳᠠᠯ᠂ ᠨᠥᠬᠦᠪᠦᠷᠢ ᠱᠠᠩᠨᠠᠯ ᠤᠨ ᠪᠠᠷᠢᠮᠵᠢᠶ᠎ᠠ᠂ ᠮᠠᠯᠴᠢᠳ ᠤᠨ ᠡᠳ᠋ᠯᠡᠵᠦ ᠪᠥᠬᠦᠶ ᠲᠥᠷᠥ ᠶᠢᠨ ᠪᠣᠳᠣᠯᠭ᠎ᠠ ᠵᠡᠷᠭᠡ ᠦᠨᠳᠦᠰᠦᠨ ᠮᠡᠳᠡᠭᠡ ᠵᠠᠩᠭᠢ ᠶᠢᠨ ᠪᠠᠶᠢᠳᠠᠯ ᠢ ᠲᠣᠰ ᠭᠠᠵᠠᠷ ᠣᠷᠣᠨ ᠳᠤ ᠢᠯᠡ ᠨᠡᠶᠢᠲᠡᠯᠡᠵᠦ᠂ ᠨᠡᠶᠢᠭᠡᠮ ᠨᠡᠶᠢᠲᠡ ᠶᠢᠨ ᠵᠥᠪᠰᠢᠶᠡᠷᠡᠯ ᠢ ᠣᠯᠵᠤ᠂ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠵᠤ᠂ ᠬᠠᠤᠯᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠬᠤᠰᠢᠭᠤ ᠬᠤᠲᠠ ᠲᠣᠭᠤᠷᠢᠭ ᠤᠨ ᠬᠡᠷᠡᠭᠵᠢᠭᠦᠯᠬᠦ ᠲᠥᠰᠦᠯ ᠢ ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠨᠡᠶᠢᠲᠡᠯᠡᠵᠦ ᠬᠡᠷᠡᠭᠵᠢᠭᠦᠯᠦᠨ᠎ᠡ᠃    ︵ᠭᠤᠷᠪᠠ︶ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ    ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠶᠢ ᠵᠢᠷᠤᠮᠵᠢᠭᠤᠯᠤᠨ᠎ᠠ᠃ ︽ᠪᠦᠷᠢᠨ ᠴᠢᠳᠠᠮᠵᠢᠲᠤ ᠺᠠᠷᠲ︾ ᠪᠤᠶᠤ ︽ᠪᠦᠷᠢᠨ ᠴᠢᠳᠠᠮᠵᠢᠲᠤ ᠳᠠᠩᠰᠠ︾ ᠪᠠᠷ ᠳᠠᠮᠵᠢᠭᠤᠯᠤᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢ ᠲᠤᠬᠠᠶ ᠶᠢᠨ ᠵᠢᠯ ᠳᠤ ᠮᠠᠯᠴᠢᠨ ᠲᠠᠷᠢᠶᠠᠴᠢᠳ ᠲᠤ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠬᠤ ᠶᠢᠨ ᠬᠠᠮᠲᠤ᠂ ᠺᠠᠷᠲ ᠪᠣᠯᠤᠨ ᠳᠠᠩᠰᠠᠨ ᠳᠤ ᠲᠥᠷᠥ ᠶᠢᠨ ᠪᠣᠳᠣᠯᠭ᠎ᠠ ᠶᠢᠨ ᠲᠥᠷᠥᠯ ᠵᠦᠢᠯ ᠤᠨ ᠨᠡᠷᠡᠶᠢᠳᠦᠯ ᠢ ᠲᠣᠳᠤᠷᠬᠠᠶᠢᠯᠠᠬᠤ ᠬᠡᠷᠡᠭᠲᠡᠢ᠃ ᠪᠠᠯᠠ ᠮᠥᠩᠭᠦ ᠲᠠᠷᠬᠠᠭᠠᠬᠤ ᠳᠤ ᠭᠠᠴᠠᠭ᠎ᠠ ᠲᠣᠰᠬᠤᠨ ᠤ ᠱᠠᠲᠤᠨ ᠳᠤ ᠢᠯᠡ ᠨᠡᠶᠢᠲᠡᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠣᠯᠠᠨ ᠲᠦᠮᠡᠨ ᠤ ᠬᠢᠨᠠᠯᠲᠠ ᠲᠠᠯᠪᠢᠬᠤ ᠶᠢ ᠬᠦᠯᠢᠶᠡᠨ᠎ᠡ᠃ ᠬᠤᠰᠢᠭᠤ ᠬᠤᠲᠠ ᠲᠣᠭᠤᠷᠢᠭ ᠤᠨ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠬᠢᠨ ᠰᠠᠬᠢᠯᠭ᠎ᠠ ᠪᠠᠲᠤ ᠪᠠᠶᠢᠴᠠᠭᠠᠬᠤ᠂ ᠬᠢᠨᠠᠨ ᠪᠠᠶᠢᠴᠠᠭᠠᠬᠤ ᠪᠠ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠲᠥᠷᠥ ᠶᠢᠨ ᠪᠣᠳᠣᠯᠭ᠎ᠠ ᠶᠢᠨ ᠡᠭᠦᠷᠭᠡ ᠪᠠ ᠪᠠᠯᠠ ᠮᠥᠩᠭᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠷᠠᠭᠤᠯᠬᠤ ᠬᠡᠷᠡᠭᠲᠡᠢ᠃ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠰᠠᠭᠤᠯᠭᠠᠨ ᠠᠪᠬᠤ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠰᠡᠷᠭᠦᠭᠡᠬᠦ ᠲᠦᠷᠢᠮ︾ ᠤᠨ ᠲᠣᠭᠲᠠᠭᠠᠯ ᠢ ᠴᠢᠩᠭ᠎ᠠ ᠵᠢᠷᠤᠮᠯᠠᠨ ᠨᠤᠲᠤᠭ ᠪᠡᠯᠴᠢᠭᠡᠷ ᠤᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠳᠤ ᠬᠡᠷᠡᠭᠯᠡᠨ᠎ᠡ︔ ᠬᠤᠰᠢᠭᠤ ᠬᠤᠲᠠ ᠲᠣᠭᠤᠷᠢᠭ ᠤᠨ ᠨᠥᠬᠦᠪᠦᠷᠢ ᠱᠠᠩᠨᠠᠯ ᠤᠨ ᠪᠠᠯᠠ ᠮᠥᠩᠭᠦ ᠶᠢ ᠣᠯᠭᠤᠬᠤ ᠳᠤ ᠵᠠᠷᠴᠢᠮ ᠳᠡᠭᠡᠷ᠎ᠡ ᠪᠠᠨ ᠦᠯᠡᠳᠡᠪᠦᠷᠢ ᠪᠠᠶᠢᠬᠤ ᠥᠬᠡᠶ᠂ ᠣᠨᠴᠠᠭᠠᠢ ᠪᠠᠶᠢᠳᠠᠯ ᠠᠴᠠ ᠪᠣᠯᠵᠣ ᠪᠣᠶ ᠪᠣᠯᠤᠭᠰᠠᠨ ᠨᠥᠬᠦᠪᠦᠷᠢ ᠱᠠᠩᠨᠠᠯ ᠤᠨ ᠦᠯᠡᠳᠡᠪᠦᠷᠢ ᠪᠠᠯᠠ ᠮᠥᠩᠭᠦ ᠶᠢ ᠴᠠᠭ ᠲᠤᠬᠠᠶ ᠳᠤᠨᠢ ᠱᠠᠲᠤ ᠳᠠᠷᠠᠭᠠᠯᠠᠨ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠲᠤ ᠪᠠᠯᠠ ᠮᠥᠩᠭᠦ ᠶᠢᠨ ᠦᠯᠡᠳᠡᠪᠦᠷᠢ ᠶᠢᠨ ᠪᠠᠶᠢᠳᠠᠯ ᠢᠶᠠᠨ ᠮᠡᠳᠡᠭᠦᠯᠵᠦ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠪᠠ ᠬᠠᠮᠠᠭᠠᠯᠠᠬᠤ ᠶᠢ ᠳᠡᠮᠵᠢᠬᠦ ᠳᠤ ᠦᠷᠭᠦᠯᠵᠢᠯᠡᠨ ᠬᠡᠷᠡᠭᠯᠡᠨ᠎ᠡ᠃ ᠡᠯ᠎ᠡ ᠬᠤᠰᠢᠭᠤ ᠬᠤᠲᠠ ᠲᠣᠭᠤᠷᠢᠭ ᠨᠢ ᠵᠢᠯ ᠪᠦᠷᠢ ᠶᠢᠨ ᠰᠡᠭᠦᠯᠴᠢ ᠠᠴᠠ ᠡᠮᠦᠨ᠎ᠡ ᠬᠥᠯᠥᠨ ᠪᠤᠶᠢᠷ ᠬᠤᠲᠠ ᠶᠢᠨ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠲᠤ ᠲᠣᠰ ᠵᠢᠯ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃    ︵ᠳᠥᠷᠪᠡ︶ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠦᠯᠡᠳᠡᠪᠦᠷᠢ ᠪᠠᠯᠠ ᠮᠥᠩᠭᠦ ᠶᠢ ᠰᠠᠶᠢᠲᠤᠷ ᠠᠰᠢᠭᠯᠠᠨ᠎ᠠ    ︽ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤ ᠬᠤᠲᠠ ᠲᠣᠭᠤᠷᠢᠭ ᠤᠨ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠦᠯᠡᠳᠡᠪᠦᠷᠢ ᠪᠠᠯᠠ ᠮᠥᠩᠭᠦ ᠶᠢᠨ ᠲᠤᠰᠬᠠᠶ ᠪᠠᠯᠠ ᠮᠥᠩᠭᠦ ᠶᠢ ᠲᠤᠰᠬᠠᠶ ᠵᠦᠢᠯ ᠳᠤ ᠬᠡᠷᠡᠭᠯᠡᠵᠦ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠨ ᠵᠠᠰᠠᠬᠤ ᠳᠤ ᠦᠷᠭᠦᠯᠵᠢᠯᠡᠨ ᠬᠡᠷᠡᠭᠯᠡᠨ᠎ᠡ᠃    ︵ᠲᠠᠪᠤ︶ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠪᠣᠯᠤᠨ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠢ ᠰᠢᠨᠵᠢᠯᠡᠬᠦ ᠤᠬᠠᠭᠠᠨᠴᠢ ᠪᠠᠷ ᠴᠢᠩᠭ᠎ᠠ ᠨᠢᠮᠪᠠᠶ ᠬᠤᠪᠢᠶᠠᠷᠢᠯᠠᠨ ᠲᠣᠭᠲᠠᠭᠠᠨ᠎ᠠ    ᠵᠠᠷᠴᠢᠮ ᠳᠡᠭᠡᠷ᠎ᠡ ᠪᠠᠨ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠢ ᠬᠤᠪᠢᠶᠠᠷᠢᠯᠠᠨ ᠲᠣᠭᠲᠠᠭᠠᠬᠤ ᠳᠤ ᠳᠠᠭᠠᠭᠠᠴᠢᠯᠠᠭᠰᠠᠨ ᠬᠡᠰᠡᠭ ᠢᠶᠠᠷ ᠶᠠᠪᠤᠭᠤᠯᠬᠤ ᠬᠡᠷᠡᠭᠲᠡᠢ᠂ ᠲᠥᠪᠯᠡᠷᠡᠨ ᠵᠠᠯᠭᠠᠯᠳᠤᠭᠰᠠᠨ᠂ ᠠᠳᠠᠯᠢ ᠨᠢᠭᠡ ᠡᠷᠬᠡ ᠶᠢᠨ ᠬᠠᠷᠢᠶ᠎ᠠ ᠪᠥᠬᠦᠶ ᠨᠤᠲᠤᠭ ᠪᠡᠯᠴᠢᠭᠡᠷ ᠳᠡᠭᠡᠷ᠎ᠡ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠪᠠᠶᠢᠬᠤ ᠮᠥᠷᠲᠡᠭᠡᠨ ᠪᠠᠰᠠ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠪᠠᠶᠢᠵᠤ ᠪᠣᠯᠬᠤ ᠥᠬᠡᠶ᠂ ᠭᠡᠪᠡᠴᠦ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠤᠤᠯ ᠬᠡᠰᠡᠭ᠂ ᠴᠢᠬᠤᠯᠠ ᠨᠤᠭᠤ ᠭᠠᠵᠠᠷ ᠪᠠ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠵᠤ ᠰᠡᠷᠭᠦᠭᠡᠨ ᠵᠠᠰᠠᠬᠤ ᠢᠨᠵᠧᠨᠧᠷᠢᠩ ᠤᠨ ᠣᠷᠣᠨ ᠡᠭᠦᠨ ᠳᠤ ᠪᠠᠭᠲᠠᠬᠤ ᠥᠬᠡᠶ᠃ ᠣᠶ ᠰᠢᠭᠤᠶ ᠪᠠ ᠨᠤᠲᠤᠭ ᠪᠡᠯᠴᠢᠭᠡᠷ ᠤᠨ ᠳᠠᠪᠬᠤᠴᠠᠭᠰᠠᠨ ᠲᠠᠯᠠᠪᠠᠶ ᠶᠢ ᠲᠤᠬᠠᠶ ᠶᠢᠨ ᠭᠠᠵᠠᠷ ᠤᠨ ᠪᠣᠳᠠᠲᠠᠶ ᠪᠠᠶᠢᠳᠠᠯ ᠢ ᠦᠨᠳᠦᠰᠦᠯᠡᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠵᠤ᠂ ᠨᠢᠭᠡᠨᠲᠡ ᠲᠠᠲᠠᠪᠤᠷᠢᠯᠠᠨ ᠬᠡᠷᠡᠭᠯᠡᠭᠰᠡᠨ ᠨᠤᠲᠤᠭ ᠪᠡᠯᠴᠢᠭᠡᠷ ᠤᠨ ᠲᠠᠯᠠᠪᠠᠶ ᠶᠢ ᠬᠠᠰᠤᠨ᠎ᠠ᠃ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠤ ︽ᠳᠥᠷᠪᠡᠨ ᠵᠠᠬ᠎ᠠ︾ ᠶᠢᠨ ᠵᠠᠭᠠᠭ ᠬᠢᠵᠠᠭᠠᠷ ᠨᠢ ᠲᠣᠳᠣᠷᠬᠠᠶ᠂ ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠨᠢ ᠲᠣᠳᠣᠷᠬᠠᠶ᠂ ᠬᠤᠯᠪᠣᠭᠳᠠᠬᠤ ᠮᠠᠯᠵᠢᠬᠤ ᠲᠠᠷᠢᠶᠠᠯᠠᠬᠤ ᠡᠷᠦᠬᠡ ᠵᠡᠷᠭᠡ ᠶᠢᠨ ᠪᠠᠶᠢᠳᠠᠯ ᠨᠢ ᠨᠠᠷᠢᠨ ᠪᠣᠳᠠᠲᠠᠶ ᠪᠠᠶᠢᠬᠤ ᠬᠡᠷᠡᠭᠲᠡᠶ᠃    ︵ᠵᠢᠷᠭᠤᠭ᠎ᠠ︶ ᠳᠤᠯᠠᠭᠠᠨ ᠤᠯᠠᠷᠢᠯ ᠤᠨ ᠪᠡᠯᠴᠢᠭᠡᠷ ᠤᠨ ᠳᠠᠭᠠᠭᠠᠴᠠ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠨ᠎ᠠ    ᠡᠯ᠎ᠡ ᠬᠤᠰᠢᠭᠤ ᠬᠤᠲᠠ ᠲᠣᠭᠤᠷᠢᠭ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠰᠡᠷᠭᠦᠭᠡᠬᠦ ᠲᠦᠷᠢᠮ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠤᠲᠤᠭ ᠪᠡᠯᠴᠢᠭᠡᠷ ᠤᠨ ᠦᠢᠯᠡᠳᠪᠦᠷᠢᠯᠡᠯ ᠤᠨ ᠴᠢᠳᠠᠪᠤᠷᠢ ᠶᠢ ᠬᠢᠨᠠᠨ ᠬᠡᠮᠵᠢᠭᠰᠡᠨ ᠦᠷ᠎ᠡ ᠳ᠋ᠦᠩ ᠢ ᠦᠨᠳᠦᠰᠦᠯᠡᠨ᠂ ᠬᠠᠮᠢᠶ᠎ᠠ ᠪᠥᠬᠦᠶ ᠠᠵᠢᠯ ᠲᠥᠷᠥᠯ ᠤᠨ ᠪᠠᠷᠢᠮᠵᠢᠶ᠎ᠠ ᠶᠣᠰᠣᠭᠠᠷ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠭᠠᠵᠠᠷ ᠤᠨ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠤ 2021 — 2025 ᠣᠨ ᠤ ᠨᠤᠲᠤᠭ ᠪᠡᠯᠴᠢᠭᠡᠷ ᠤᠨ ᠳᠤᠯᠠᠭᠠᠨ ᠤᠯᠠᠷᠢᠯ ᠤᠨ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠦᠷᠢᠮ ᠢ ᠨᠠᠶᠢᠳᠠᠪᠤᠷᠢᠵᠢᠭᠤᠯᠬᠤ ᠶᠢ ᠬᠢᠨᠠᠨ ᠬᠠᠮᠢᠶᠠᠷᠬᠤ ᠴᠢᠬᠤᠯᠠ ᠦᠨᠳᠦᠰᠦᠯᠡᠯ ᠪᠣᠯᠭᠠᠨ᠎ᠠ᠃ ᠳᠤᠯᠠᠭᠠᠨ ᠤᠯᠠᠷᠢᠯ ᠤᠨ ᠪᠡᠯᠴᠢᠭᠡᠷ ᠤᠨ ᠳᠠᠭᠠᠭᠠᠴᠠ ᠶᠢ ᠬᠢᠨᠠᠨ ᠲᠣᠭᠲᠠᠭᠠᠬᠤ ᠳᠠᠭᠠᠨ᠂ ᠲᠤᠰᠬᠠᠶ ᠮᠡᠷᠭᠡᠵᠢᠯᠲᠡᠨ ᠤ ᠨᠤᠲᠠᠯᠠᠯᠲᠠ ᠪᠠ ᠰᠠᠨᠠᠯ ᠬᠤᠷᠢᠶᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠬᠢᠨᠠᠨ ᠲᠣᠭᠲᠠᠭᠠᠭᠰᠠᠨ ᠦᠷ᠎ᠡ ᠳ᠋ᠦᠩ ᠢ ᠢᠯᠡ ᠨᠡᠶᠢᠲᠡᠯᠡᠬᠦ ᠲᠦᠷᠢᠮ ᠢ ᠬᠡᠷᠡᠭᠵᠢᠭᠦᠯᠵᠦ᠂ ᠮᠠᠯᠴᠢᠨ ᠲᠠᠷᠢᠶᠠᠴᠢᠨ ᠢ ᠨᠠᠩ ᠣᠯᠠᠨ ᠦᠭᠡ ᠬᠡᠯᠡᠬᠦ ᠡᠷᠬᠡ ᠲᠠᠢ ᠪᠣᠯᠭᠠᠨ᠎ᠠ᠃ ᠬᠤᠰᠢᠭᠤ ᠬᠤᠲᠠ ᠲᠣᠭᠤᠷᠢᠭ ᠤᠨ ᠳᠤᠯᠠᠭᠠᠨ ᠤᠯᠠᠷᠢᠯ ᠳᠤ ᠳᠣᠭᠢᠷᠠᠬᠤ ᠪᠡᠯᠴᠢᠭᠡᠷ ᠤᠨ ᠳᠠᠭᠠᠭᠠᠴᠠ ᠶᠢ ᠦᠨᠳᠦᠰᠦᠯᠡᠨ᠂ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠭᠠᠴᠠᠭ᠎ᠠ ᠲᠣᠰᠬᠤᠨ ᠲᠠᠢ ᠬᠠᠮᠲᠤᠷᠠᠨ ᠡᠷᠦᠬᠡ ᠳᠠᠷᠠᠭᠠᠯᠠᠨ ᠳᠤᠯᠠᠭᠠᠨ ᠤᠯᠠᠷᠢᠯ ᠤᠨ ᠪᠤᠳᠠᠳᠤ ᠪᠡᠯᠴᠢᠭᠡᠷ ᠤᠨ ᠳᠠᠭᠠᠭᠠᠴᠠ ᠶᠢ ᠬᠢᠨᠠᠨ ᠲᠤᠭᠲᠠᠭᠠᠬᠤ ᠬᠡᠷᠡᠭᠲᠡᠢ᠃ ᠬᠡᠷᠪᠡ ᠪᠤᠰᠤᠳ ᠰᠠᠨᠠᠯ ᠪᠠᠶᠢᠪᠠᠯ᠂ ᠢᠯᠡ ᠨᠡᠶᠢᠲᠡᠯᠡᠬᠦ ᠬᠤᠭᠤᠴᠠᠭᠠᠨ ᠳᠤ ᠬᠤᠰᠢᠭᠤ ᠬᠤᠲᠠ ᠲᠣᠭᠤᠷᠢᠭ ᠲᠤ ᠳᠠᠬᠢᠨ ᠬᠢᠨᠠᠭᠤᠯᠬᠤ ᠪᠠᠷ ᠭᠤᠶᠤᠴᠢᠯᠠᠵᠤ ᠪᠣᠯᠤᠨ᠎ᠠ᠃     ︵ᠲᠤᠯᠤᠭ᠎ᠠ︶ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠣᠷᠣᠭᠤᠯᠬᠤ ᠪᠠ ᠬᠠᠮᠢᠶᠠᠷᠬᠤ ᠠᠵᠢᠯ ᠢ ᠪᠠᠲᠤᠲᠠᠶ ᠰᠠᠶᠢᠲᠤᠷ ᠬᠢᠨ᠎ᠡ    ᠨᠤᠲᠤᠭ ᠪᠡᠯᠴᠢᠭᠡᠷ ᠤᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠬᠡᠷᠡᠭᠯᠡᠨ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠦᠷᠢ ᠱᠠᠩᠨᠠᠯ ᠢ ᠬᠠᠷᠭᠤᠭᠤᠯᠤᠨ ᠬᠢᠨᠠᠬᠤ ᠬᠡᠷᠡᠭᠲᠡᠶ᠃ ᠡᠯ᠎ᠡ ᠬᠤᠰᠢᠭᠤ ᠬᠤᠲᠠ ᠲᠣᠭᠤᠷᠢᠭ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠬᠤ ᠠᠵᠢᠯ ᠢ ᠲᠡᠭᠦᠯᠳᠡᠷᠵᠢᠭᠦᠯᠦᠨ᠎ᠡ᠃ ᠲᠤᠭ᠎ᠠ ᠪᠠᠷᠢᠮᠲᠠ ᠶᠢ ᠣᠷᠣᠭᠤᠯᠬᠤ ᠪᠠ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠨᠥᠬᠦᠪᠦᠷᠢ ᠱᠠᠩᠨᠠᠯ ᠤᠨ ᠪᠠᠯᠠ ᠮᠥᠩᠭᠦ ᠶᠢ ᠣᠯᠭᠤᠬᠤ ᠴᠠᠭ ᠯᠤᠭ᠎ᠠ ᠬᠠᠷᠠᠭᠠᠯᠵᠠᠵᠤ᠂ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠣᠷᠣᠭᠤᠯᠬᠤ ᠶᠢ ᠦᠨᠡᠨ ᠬᠦ ᠪᠠᠲᠤᠯᠠᠵᠤ᠂ ᠪᠣᠳᠠᠲᠠᠶ ᠣᠯᠭᠤᠬᠤ ᠪᠠᠯᠠ ᠮᠥᠩᠭᠦ ᠯᠦᠭᠡ ᠨᠡᠶᠢᠴᠡᠬᠦ ᠶᠢ ᠦᠨᠡᠨ ᠬᠦ ᠪᠠᠲᠤᠯᠠᠵᠤ᠂ ᠲᠤᠭ᠎ᠠ ᠪᠠᠷᠢᠮᠲᠠ ᠶᠢᠨ ᠵᠥᠪ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃    ︵ᠨᠠᠢᠮᠠ︶ ᠨᠤᠲᠤᠭ ᠪᠡᠯᠴᠢᠭᠡᠷ ᠢ ᠰᠢᠯᠵᠢᠭᠦᠯᠦᠨ ᠡᠷᠭᠢᠯᠳᠦᠭᠦᠯᠬᠦ ᠠᠵᠢᠯᠯᠠᠭ᠎ᠠ ᠶᠢ ᠵᠢᠷᠤᠮᠵᠢᠭᠤᠯᠵᠤ᠂ ᠲᠦᠷᠢᠶᠡᠰᠦᠯᠡᠭᠦᠯᠦᠭᠰᠡᠨ ᠨᠤᠲᠤᠭ ᠪᠡᠯᠴᠢᠭᠡᠷ ᠢ ᠬᠢᠨᠠᠨ ᠬᠠᠮᠢᠶᠠᠷᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠨ᠎ᠡ    ᠰᠢᠯᠵᠢᠭᠦᠯᠦᠨ ᠡᠷᠭᠢᠭᠦᠯᠦᠭᠰᠡᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠪᠡᠯᠡ ᠮᠥᠩᠭᠦ ᠶᠢ ᠤᠤᠯ ᠤᠨ ᠳᠠᠭᠠᠭᠠᠴᠢᠯᠠᠭᠴᠢ ᠨᠢ ᠭᠠᠷᠳᠠᠵᠤ ᠠᠪᠤᠨ᠎ᠠ᠃ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠬᠦᠷᠴᠦ ᠳᠠᠩᠰᠠᠯᠠᠭᠤᠯᠤᠭᠰᠠᠨ ᠦᠭᠡᠢ ᠨᠢᠭᠡᠨᠲᠡ ᠰᠢᠯᠵᠢᠭᠦᠯᠦᠨ ᠡᠷᠭᠢᠭᠦᠯᠦᠭᠰᠡᠨ ᠪᠡᠯᠴᠢᠭᠡᠷ ᠲᠤ ᠲᠤᠬᠠᠶ ᠶᠢᠨ ᠵᠢᠯ ᠤᠨ ᠨᠥᠬᠦᠪᠦᠷᠢ ᠱᠠᠩᠨᠠᠯ ᠤᠨ ᠪᠠᠯᠠ ᠮᠥᠩᠭᠦ ᠣᠯᠭᠤᠬᠤ ᠶᠢ ᠵᠣᠭᠰᠣᠭᠠᠭᠰᠠᠨ ᠢ ᠣᠯᠵᠤ ᠮᠡᠳᠡᠪᠡᠯ᠂ ᠳᠠᠩᠰᠠᠯᠠᠭᠰᠠᠨ ᠤ ᠳᠠᠷᠠᠭ᠎ᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠶᠢᠴᠠᠭᠠᠨ ᠳᠣᠲᠣᠯᠠᠭᠰᠠᠨ ᠤ ᠬᠠᠮᠲᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠱᠠᠭᠠᠷᠳᠠᠯᠭ᠎ᠠ ᠶᠢ ᠪᠡᠶᠡᠯᠡᠭᠦᠯᠦᠭᠰᠡᠨ ᠪᠠᠶᠢᠪᠠᠯ᠂ ᠰᠡᠷᠭᠦᠭᠡᠨ ᠣᠯᠭᠤᠵᠤ ᠪᠣᠯᠤᠨ᠎ᠠ᠃ ᠬᠡᠷᠪᠡ ᠲᠣᠭᠲᠠᠭᠠᠯ ᠠᠴᠠ ᠵᠥᠷᠢᠴᠡᠨ ᠮᠠᠯ ᠮᠠᠯᠯᠠᠭᠰᠠᠨ ᠪᠠ ᠳᠠᠭᠠᠭᠠᠴᠠ ᠠᠴᠠ ᠬᠡᠲᠦᠷᠡᠭᠦᠯᠦᠭᠰᠡᠨ ᠠᠰᠠᠭᠤᠳᠠᠯ ᠪᠠᠶᠢᠬᠤ ᠶᠢ ᠣᠯᠵᠤ ᠮᠡᠳᠡᠪᠡᠯ᠂ ᠲᠤᠬᠠᠶ ᠶᠢᠨ ᠵᠢᠯ ᠤᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠭᠥᠷᠳᠡᠬᠦ ᠬᠢᠷᠢ ᠬᠡᠮ ᠢ ᠬᠦᠴᠦᠨ ᠥᠬᠡᠶ ᠪᠣᠯᠭᠠᠨ᠎ᠠ᠃    ︵ᠶᠢᠰᠦ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠰᠡᠷᠭᠦᠭᠡᠬᠦ ᠲᠥᠷᠢᠮ︾ ᠢ ᠴᠢᠩᠭ᠎ᠠ ᠨᠡᠶᠢᠳᠠᠪᠤᠷᠢᠵᠢᠭᠤᠯᠤᠨ᠎ᠠ    ᠡᠯ᠎ᠡ ᠭᠠᠵᠠᠷ ᠤᠨ ᠬᠢᠨ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠰᠡᠷᠭᠦᠭᠡᠬᠦ ᠲᠦᠷᠢᠮ ᠤᠨ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠬᠤᠳᠠ ᠶᠢᠨ ᠵᠠᠰᠠᠭ ᠤᠨ ᠣᠷᠳᠣᠨ ᠠᠴᠠ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠰᠡᠷᠭᠦᠭᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠬᠤᠰᠢᠭᠤ ᠬᠤᠲᠠ ᠲᠣᠭᠤᠷᠢᠭ ᠤᠨ ᠵᠠᠰᠠᠭ ᠤᠨ ᠣᠷᠳᠣᠨ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠰᠡᠷᠭᠦᠭᠡᠬᠦ ᠠᠵᠢᠯ ᠢ ᠪᠣᠳᠠᠲᠠᠶ ᠬᠠᠷᠢᠭᠤᠴᠠᠨ᠎ᠠ᠃ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠰᠡᠷᠭᠦᠭᠡᠬᠦ ᠠᠵᠢᠯ ᠢ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠠᠷᠪᠠ︶ ᠨᠤᠲᠤᠭ ᠪᠡᠯᠴᠢᠭᠡᠷ ᠤᠨ ᠲᠤᠰᠬᠠᠶ ᠲᠤᠰᠢᠶᠠᠯᠲᠤ ᠬᠠᠮᠢᠶᠠᠷᠤᠨ ᠬᠠᠮᠠᠭᠠᠯᠠᠭᠴᠢ ᠶᠢᠨ ᠲᠦᠷᠢᠮ ᠢ ᠬᠡᠷᠡᠭᠵᠢᠭᠦᠯᠵᠦ᠂ ᠲᠣᠣᠷᠵᠢᠭᠤᠯᠤᠭᠰᠠᠨ ᠨᠠᠶᠢᠳᠠᠪᠤᠷᠢᠵᠢᠭᠤᠯᠤᠯᠲᠠ ᠶᠢ ᠪᠡᠶᠡᠯᠡᠭᠦᠯᠦᠨ᠎ᠡ    ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤᠰᠬᠠᠶ ᠲᠤᠰᠢᠶᠠᠯ ᠤᠨ ᠪᠤᠶᠤ ᠲᠤᠰᠢᠶᠠᠯ ᠬᠠᠪᠰᠤᠷᠭᠠᠭᠰᠠᠨ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢ ᠳᠣᠭᠢᠷᠠᠭᠤᠯᠵᠤ᠂ ᠬᠤᠰᠢᠭᠤ ᠬᠤᠲᠠ ᠲᠣᠭᠤᠷᠢᠭ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ᠭᠤᠷᠪᠠᠨ ᠱᠠᠲᠤᠨ ᠤ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠬᠤ ᠲᠣᠤᠷ ᠰᠦᠯᠵᠢᠶ᠎ᠡ ᠶᠢ ᠪᠠᠶᠢᠭᠤᠯᠤᠨ ᠪᠦᠷᠢᠨᠰᠢᠬᠦᠯᠵᠦ᠂ ᠨᠤᠲᠤᠭ ᠪᠡᠯᠴᠢᠭᠡᠷ ᠤᠨ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠰᠡᠷᠭᠦᠭᠡᠬᠦ ᠰᠡᠯᠭᠦᠨ ᠮᠠᠯᠵᠢᠬᠤ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃    ︵ᠠᠷᠪᠠᠨ ᠨᠢᠭᠡ︶ ᠱᠠᠩᠨᠠᠯ ᠪᠠ ᠲᠤᠷᠭᠠᠭᠤᠯᠢ ᠶᠢᠨ ᠬᠤᠯᠪᠤᠯᠳᠤᠭᠰᠠᠨ ᠲᠥᠷᠢᠮ ᠢ ᠪᠠᠶᠢᠭᠤᠯᠤᠨ᠎ᠠ    ᠮᠠᠯ ᠠᠵᠤ ᠠᠬᠤᠶ ᠶᠢᠨ ᠣᠨ ᠤ ᠮᠠᠯ ᠤᠨ ᠲᠤᠭ᠎ᠠ ᠪᠦᠷᠢᠳᠬᠡᠯ ᠤᠨ ᠦᠷ᠎ᠡ ᠳ᠋ᠦᠩ ᠢ ᠦᠨᠳᠦᠰᠦᠯᠡᠨ᠂ ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ᠣᠨ ᠤ ᠪᠠᠯᠠ ᠮᠥᠩᠭᠦ ᠲᠠᠷᠬᠠᠭᠠᠬᠤ ᠰᠠᠨᠠᠯ ᠳᠤᠷᠠᠳᠬᠤ ᠶᠢᠨ ᠬᠠᠮᠲᠤ ᠭᠠᠴᠠᠭ᠎ᠠ ᠲᠣᠰᠬᠤᠨ ᠤ ᠬᠡᠪᠴᠢᠶᠡᠨ ᠳᠤ ᠢᠯᠡ ᠨᠡᠶᠢᠲᠡᠯᠡᠵᠦ᠂ ᠪᠡᠯᠴᠢᠭᠡᠷᠯᠡᠭᠦᠯᠬᠦ ᠶᠢ ᠵᠣᠭᠰᠤᠭᠠᠬᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠦᠭᠰᠡᠨ ᠪᠠᠶᠢᠪᠠᠯ᠂ ᠵᠢᠯ ᠪᠦᠷᠢ ᠶᠢᠨ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠠᠯᠠ ᠮᠥᠩᠭᠦ ᠶᠢ ᠤᠯᠭᠤᠨ᠎ᠠ᠃ ᠪᠡᠯᠴᠢᠭᠡᠷᠯᠡᠭᠦᠯᠬᠦ ᠶᠢ ᠵᠣᠭᠰᠤᠭᠠᠬᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠱᠠᠭᠠᠷᠳᠠᠯᠭ᠎ᠠ ᠠᠴᠠ ᠵᠥᠷᠢᠴᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠰᠢᠢᠳᠬᠡᠨ ᠲᠣᠷᠭᠠᠬᠤ ᠠᠴᠠ ᠭᠠᠳᠠᠨ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠰᠡᠷᠭᠦᠭᠡᠬᠦ ᠲᠦᠷᠢᠮ︾ ᠤᠨ ᠶᠣᠰᠣᠭᠠᠷ ᠵᠣᠬᠢᠬᠤ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠰᠠᠭᠤᠯᠭᠠᠨ ᠠᠪᠤᠨ᠎ᠠ᠃ ᠰᠠᠭᠤᠯᠭᠠᠨ ᠠᠪᠴᠤ ᠲᠣᠷᠭᠠᠭᠰᠠᠨ ᠦᠷ᠎ᠡ ᠳ᠋ᠦᠩ ᠢ ᠬᠠᠮᠢᠶ᠎ᠠ ᠪᠥᠬᠦᠶ ᠬᠠᠷᠢᠭᠤᠴᠠᠯᠭᠠᠲᠠᠨ ᠳᠤ ᠴᠠᠭ ᠲᠤᠬᠠᠶ ᠳᠤᠨᠢ ᠮᠡᠳᠡᠭᠳᠡᠬᠦ ᠶᠢᠨ ᠬᠠᠮᠲᠤ ᠭᠠᠴᠠᠭ᠎ᠠ ᠲᠣᠰᠬᠤᠨ ᠤ ᠬᠡᠪᠴᠢᠶᠡᠨ ᠳᠤ ᠢᠯᠡ ᠨᠡᠶᠢᠲᠡᠯᠡᠨ᠎ᠡ᠃ ᠡᠯ᠎ᠡ ᠭᠠᠵᠠᠷ ᠤᠨ ᠬᠢᠨ ᠦᠨᠡᠨ ᠬᠦ ᠶᠠᠪᠤᠭᠳᠠᠭᠤᠰᠢᠲᠠᠶ ᠱᠠᠩᠨᠠᠯ ᠪᠠ ᠲᠤᠷᠭᠠᠭᠤᠯᠢ ᠶᠢᠨ ᠬᠤᠯᠪᠤᠯᠳᠤᠭᠰᠠᠨ ᠲᠥᠷᠢᠮ ᠢ ᠪᠠᠶᠢᠭᠤᠯᠤᠨ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠲᠥᠷᠢᠮ ᠢ ᠲᠡᠭᠦᠯᠳᠡᠷᠵᠢᠭᠦᠯᠦᠨ᠂ ᠮᠠᠯᠴᠢᠨ ᠲᠠᠷᠢᠶᠠᠴᠢᠨ ᠤ ᠥᠪᠡᠷᠰᠡᠳ ᠢ ᠪᠠᠨ ᠬᠢᠨᠠᠵᠤ ᠥᠪᠡᠷᠰᠡᠳ ᠢ ᠪᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ᠎ᠠ᠃ ᠰᠠᠭᠤᠯᠭᠠᠨ ᠠᠪᠤᠭᠰᠠᠨ ᠪᠠᠯᠠ ᠮᠥᠩᠭᠦ ᠶᠢ ᠬᠤᠰᠢᠭᠤ ᠬᠤᠲᠠ ᠲᠣᠭᠤᠷᠢᠭ ᠤᠨ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠲᠤᠰᠬᠠᠶ ᠬᠡᠷᠡᠭᠯᠡᠨ᠎ᠡ᠂ ᠪᠣᠳᠠᠲᠠᠶ ᠠᠷᠭ᠎ᠠ ᠬᠢᠭᠡᠳ ᠱᠠᠩᠨᠠᠯ ᠲᠤᠷᠭᠠᠭᠤᠯᠢ ᠶᠢᠨ ᠪᠠᠷᠢᠮᠵᠢᠶ᠎ᠠ ᠶᠢ ᠡᠯ᠎ᠡ ᠬᠤᠰᠢᠭᠤ ᠬᠤᠲᠠ ᠲᠣᠭᠤᠷᠢᠭ ᠠᠴᠠ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ ᠲᠣᠭᠲᠠᠭᠠᠨ᠎ᠠ᠃    ︵ᠠᠷᠪᠠᠨ ᠬᠤᠶᠠᠷ︶ ᠤᠯᠤᠰ ᠤᠨ ᠠᠯᠪᠠᠨ ᠲᠤᠰᠢᠶᠠᠯᠲᠠᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠤᠳᠤᠯᠭ᠎ᠠ ᠶᠢ ᠬᠠᠤᠯᠢ ᠪᠤᠰᠤ ᠪᠠᠷ ᠬᠥᠷᠳᠡᠬᠦ ᠶᠢ ᠴᠢᠩᠭ᠎ᠠ ᠬᠤᠷᠢᠭᠯᠠᠨ᠎ᠠ    ᠤᠯᠤᠰ ᠤᠨ ᠠᠯᠪᠠᠨ ᠲᠤᠰᠢᠶᠠᠯᠲᠠᠨ ᠤ ᠡᠷᠬᠡ ᠲᠤᠰᠢᠶᠠᠯ ᠢᠶᠠᠨ ᠠᠰᠢᠭᠯᠠᠨ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠪᠠ ᠶᠠᠮᠠᠷᠪᠠ ᠬᠡᠯᠪᠡᠷᠢ ᠪᠠᠷ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ᠂ ᠮᠠᠯᠴᠢᠨ ᠲᠠᠷᠢᠶᠠᠴᠢᠨ ᠤ ᠠᠰᠢᠭ ᠲᠤᠰᠠ ᠶᠢ ᠡᠵᠡᠯᠡᠬᠦ ᠶᠢ ᠬᠤᠷᠢᠭᠯᠠᠨ᠎ᠠ᠃    ︵ᠠᠷᠪᠠᠨ ᠭᠤᠷᠪᠠ︶ ᠲᠠᠴᠢᠷᠰᠢᠭᠰᠠᠨ ᠨᠤᠲᠤᠭ ᠪᠡᠯᠴᠢᠭᠡᠷ ᠢ ᠰᠡᠷᠭᠦᠭᠡᠨ ᠵᠠᠰᠠᠬᠤ ᠶᠢ ᠴᠢᠩᠭᠠᠳᠬᠠᠨ᠎ᠠ    ᠲᠠᠴᠢᠷᠰᠢᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠲᠥᠷᠥᠯ ᠵᠦᠢᠯ ᠢ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠳᠠᠰᠢ ᠲᠥᠪᠯᠡᠷᠡᠭᠦᠯᠦᠨ ᠬᠡᠯᠪᠠᠶᠢᠯᠭᠡᠵᠦ᠂ ᠬᠦᠨᠳᠦ ᠨᠣᠴᠢᠲᠠᠶ ᠲᠠᠴᠢᠷᠰᠢᠭᠰᠠᠨ᠂ ᠡᠯᠡᠰᠦᠷᠬᠡᠭᠵᠢᠭᠰᠡᠨ ᠨᠤᠲᠤᠭ ᠪᠡᠯᠴᠢᠭᠡᠷ ᠢ ᠭᠤᠤᠯᠳᠠᠯᠭ᠎ᠠ ᠲᠠᠢ ᠰᠡᠷᠭᠦᠭᠡᠨ ᠵᠠᠰᠠᠨ᠎ᠠ᠃ 2020 ᠣᠨ ᠤ ᠲᠠᠴᠢᠷᠰᠢᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠷᠭᠦᠭᠡᠨ ᠵᠠᠰᠠᠬᠤ ᠣᠷᠣᠨ ᠢ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠪᠣᠯᠭᠠᠨ ᠬᠤᠪᠢᠷᠠᠭᠤᠯᠵᠤ᠂ ᠨᠢᠭᠡᠨᠲᠡ ᠡᠬᠢᠯᠡᠨ ᠬᠡᠷᠡᠭᠵᠢᠭᠦᠯᠦᠭᠰᠡᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢᠨ ᠲᠣᠭᠲᠠᠭᠤᠨ ᠴᠢᠨᠠᠷ ᠪᠠ ᠦᠷᠭᠦᠯᠵᠢᠯᠡᠬᠦ ᠴᠢᠨᠠᠷ ᠢ ᠠᠯᠬᠤᠮ ᠴᠢᠨᠠᠭᠰᠢᠳᠠ ᠪᠠᠲᠤᠯᠠᠬᠤ ᠶᠢᠨ ᠲᠥᠯᠥᠭᠡ᠂ ᠠᠰᠢᠭ ᠭᠥᠷᠳᠡᠬᠦ ᠭᠤᠤᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠭᠦᠢᠴᠡᠳ ᠪᠠᠲᠤᠯᠠᠵᠤ᠂ ᠨᠢᠭᠡᠨᠲᠡ ᠴᠤᠬᠤᠯᠠᠪᠤᠷᠢᠯᠠᠨ ᠬᠡᠷᠡᠭᠵᠢᠭᠦᠯᠦᠭᠰᠡᠨ 2019 ᠣᠨ ᠤ ᠲᠠᠴᠢᠷᠰᠢᠭᠰᠠᠨ ᠨᠤᠲᠤᠭ ᠪᠡᠯᠴᠢᠭᠡᠷ ᠲᠤ ᠬᠥᠮᠦᠨ ᠤ ᠬᠦᠴᠦ ᠪᠠᠷ ᠡᠪᠡᠰᠦ ᠳᠠᠷᠢᠵᠤ ᠠᠮᠢ ᠠᠬᠤᠶ ᠶᠢ ᠰᠡᠷᠭᠦᠭᠡᠨ ᠵᠠᠰᠠᠬᠤ ᠤᠯᠤᠰ ᠤᠨ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠬᠤᠪᠢᠷᠠᠭᠤᠯᠬᠤ ᠥᠬᠡᠶ ᠪᠠᠶᠢᠬᠤ ᠶᠢ ᠪᠠᠲᠤᠯᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠬᠤᠭᠤᠴᠠᠭᠠᠨ ᠳᠤ ᠣᠲᠣ ᠶᠢᠨ ᠬᠡᠷᠡᠭᠵᠢᠭᠦᠯᠵᠦ ᠪᠠᠶᠢᠭ᠎ᠠ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠲᠤᠰᠬᠠᠶ ᠲᠥᠷᠥᠯ ᠵᠦᠢᠯ ᠤᠨ ᠠᠮᠢ ᠠᠬᠤᠶ ᠶᠢᠨ ᠨᠥᠬᠦᠪᠥᠷᠢ᠂ ᠬᠠᠮᠢᠶᠠᠷᠴᠤ ᠬᠠᠮᠠᠭᠠᠯᠠᠬᠤ ᠪᠠᠯᠠ ᠮᠥᠩᠭᠦ ᠶᠢᠨ ᠪᠠᠷᠢᠮᠵᠢᠶ᠎ᠠ ᠶᠢ ᠬᠤᠪᠢᠷᠠᠭᠤᠯᠬᠤ ᠥᠬᠡᠶ᠃ ᠲᠥᠷᠥᠯ ᠵᠦᠢᠯ ᠤᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠲᠤᠬᠠᠶ ᠶᠢᠨ ᠭᠠᠵᠠᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠡᠯᠴᠢᠭᠡᠷᠯᠡᠭᠦᠯᠬᠦ ᠶᠢ ᠵᠣᠭᠰᠤᠭᠠᠬᠤ ᠪᠠᠷᠢᠮᠵᠢᠶ᠎ᠠ ᠶᠣᠰᠣᠭᠠᠷ ᠦᠷᠭᠦᠯᠵᠢᠯᠡᠨ ᠬᠡᠷᠡᠭᠵᠢᠭᠦᠯᠦᠨ᠎ᠡ᠃ ᠦᠨᠡᠨ ᠬᠦ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠪᠣᠯᠭᠠᠨ ᠬᠤᠪᠢᠷᠠᠭᠤᠯᠬᠤ ᠴᠢᠬᠤᠯᠠ ᠲᠠᠢ ᠪᠣᠯ᠂ ᠲᠣᠰ ᠭᠠᠵᠠᠷ ᠣᠷᠣᠨ ᠤ ᠵᠠᠰᠠᠭ ᠤᠨ ᠣᠷᠳᠣᠨ ᠠᠴᠠ ᠲᠥᠷᠥᠯ ᠵᠦᠢᠯ ᠤᠨ ᠣᠷᠣᠨ ᠤ ᠦᠨᠡᠯᠡᠨ ᠵᠢᠱᠢᠵᠦ ᠨᠤᠲᠠᠯᠠᠬᠤ ᠶᠢ ᠥᠷᠨᠢᠭᠦᠯᠵᠦ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠪᠣᠯᠭᠠᠨ ᠬᠤᠪᠢᠷᠠᠭᠤᠯᠬᠤ ᠨᠥᠬᠦᠴᠡᠯ ᠢ ᠪᠦᠷᠢᠳᠦᠭᠦᠯᠦᠭᠰᠡᠨ ᠪᠠᠶᠢᠪᠠᠯ᠂ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ 2021 ᠣᠨ ᠤ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠲᠥᠷᠥᠯ ᠵᠦᠢᠯ ᠤᠨ ᠭᠠᠵᠠᠷ ᠰᠢᠷᠣᠶ ᠶᠢ ᠪᠦᠬᠦᠨ ᠢ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠳᠤ ᠬᠤᠪᠢᠶᠠᠷᠢᠯᠠᠨ ᠣᠷᠣᠭᠤᠯᠵᠤ᠂ ᠭᠤᠷᠪᠠᠳᠤᠭᠠᠷ ᠡᠭᠡᠯᠵᠢ ᠶᠢᠨ ᠪᠡᠯᠴᠢᠭᠡᠷᠯᠡᠭᠦᠯᠬᠦ ᠶᠢ ᠵᠣᠭᠰᠤᠭᠠᠬᠤ ᠲᠥᠷᠥ ᠶᠢᠨ ᠪᠣᠳᠣᠯᠭ᠎ᠠ ᠶᠢ ᠰᠢᠭᠤᠳ ᠬᠦᠷᠲᠡᠭᠡᠵᠦ᠂ ᠭᠤᠷᠪᠠᠳᠤᠭᠠᠷ ᠡᠭᠡᠯᠵᠢ ᠶᠢᠨ ᠬᠠᠮᠢᠶᠠᠷᠤᠨ ᠬᠠᠮᠠᠭᠠᠯᠠᠬᠤ ᠲᠦᠷᠢᠮ ᠢ ᠨᠠᠶᠢᠳᠠᠪᠤᠷᠢᠵᠢᠭᠤᠯᠤᠨ᠎ᠠ᠃ ᠬᠤᠶᠢᠰᠢᠳᠠ ᠣᠨ ᠤ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠲᠥᠷᠥᠯ ᠵᠦᠢᠯ ᠢ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠲᠡᠰᠢ ᠭᠤᠣᠯᠳᠠᠯᠭ᠎ᠠ ᠲᠠᠢ ᠬᠡᠯᠪᠠᠶᠢᠯᠭᠡᠨ᠎ᠡ᠃    ︵ᠠᠷᠪᠠᠨ ᠳᠥᠷᠪᠡ︶ ᠡᠯ᠎ᠡ ᠬᠤᠰᠢᠭᠤ ᠬᠤᠲᠠ ᠲᠣᠭᠤᠷᠢᠭ ᠪᠤᠳᠠᠳᠤ ᠪᠠᠶᠢᠳᠠᠯ ᠢᠶᠠᠨ ᠦᠨᠳᠦᠰᠦᠯᠡᠨ᠂ ᠰᠢᠨ᠎ᠡ ᠶᠢ ᠡᠭᠦᠳᠬᠦ ᠠᠵᠢᠯ ᠤᠨ ᠠᠷᠭ᠎ᠠ ᠬᠡᠮᠵᠢᠶ᠎ᠡ ᠲᠣᠭᠲᠠᠭᠠᠬᠤ ᠶᠢ ᠵᠣᠷᠢᠭᠵᠢᠭᠤᠯᠤᠨ᠎ᠠ    ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠥᠯᠥᠨ ᠪᠤᠶᠢᠷ ᠬᠤᠲᠠ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠣᠨᠣᠪᠴᠢᠲᠠᠶ᠂ ᠪᠦᠷᠢᠨ ᠭᠦᠢᠴᠡᠳ ᠡᠵᠡᠮᠰᠢᠭᠰᠡᠨ ᠰᠠᠭᠤᠷᠢᠨ ᠳᠡᠭᠡᠷ᠎ᠡ᠂ ᠡᠯ᠎ᠡ ᠭᠠᠵᠠᠷ ᠤᠨ ᠬᠢᠨ ᠤ ᠪᠠᠯᠠ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠬᠦ᠂ ᠪᠠᠯᠠ ᠮᠥᠩᠭᠦ ᠣᠯᠭᠤᠬᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠪᠦᠰᠡ ᠶᠢ ᠬᠤᠪᠢᠶᠠᠷᠢᠯᠠᠨ ᠲᠣᠭᠲᠠᠭᠠᠬᠤ᠂ ᠨᠥᠬᠦᠪᠦᠷᠢ ᠱᠠᠩᠨᠠᠯ ᠤᠨ ᠪᠠᠷᠢᠮᠵᠢᠶ᠎ᠠ ᠵᠡᠷᠭᠡ ᠲᠠᠯ᠎ᠠ ᠪᠠᠷ᠂ ᠲᠣᠰ ᠭᠠᠵᠠᠷ ᠤᠨ ᠪᠣᠳᠠᠲᠤ ᠪᠠᠶᠢᠳᠠᠯ ᠳᠤ ᠨᠡᠶᠢᠴᠡᠬᠦ ᠵᠠᠭᠪᠤᠷ ᠢ ᠰᠦᠪᠡᠭᠴᠢᠯᠡᠬᠦ ᠶᠢ ᠵᠣᠷᠢᠭᠵᠢᠭᠤᠯᠤᠨ᠎ᠠ᠃
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ