10 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠵᠠᠯᠠᠨ ᠠᠶᠢᠯ ᠬᠤᠲᠠ ᠶᠢᠨ ᠤᠰᠤᠨ | ᠠᠰᠢᠭᠯᠠᠯᠲᠠ ᠶᠢᠨ ᠲᠣᠪᠴᠢᠶ᠎ᠠ ᠪᠥᠬᠦ ᠲᠠᠯ᠎ᠠ ᠶᠢᠨ ᠠᠵᠢᠯᠲᠠᠨ ᠠᠵᠢᠯᠴᠢᠨ ᠤ ᠶᠡᠭᠡ ᠬᠤᠷᠠᠯ ᠬᠤᠷᠠᠯᠳᠤᠭᠤᠯᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠬᠥᠯᠥᠨ ᠪᠤᠶᠢᠷ ᠬᠤᠲᠠ ᠶᠢᠨ ᠺᠠᠳ᠋ᠷᠴᠤᠳ ᠤᠨ ᠶᠡᠭᠡ | ᠬᠤᠷᠠᠯ᠂ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠶᠢᠨ 45 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠪᠠ ᠵᠠᠯᠠᠨ ᠠᠶᠢᠯ | ᠬᠤᠲᠠ ᠶᠢᠨ ᠵᠠᠰᠠᠭ ᠤᠨ ᠣᠷᠳᠣᠨ ᠤ 17 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ︵ | ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠶᠢᠨ ᠰᠢᠶᠤᠤ ᠬᠤᠶ ᠬᠤᠷᠠᠯ ᠢ ᠡᠷᠭᠢᠯᠡᠵᠦ᠂ ᠪᠥᠬᠦ ᠺᠠᠳ᠋ᠷ | ᠠᠵᠢᠯᠲᠠᠨ ᠠᠵᠢᠯᠴᠢᠨ ᠣᠷᠣᠯᠴᠠᠵᠠᠶ᠃ | | ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠪᠣᠯ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ | ᠤᠷᠤᠭᠰᠢᠯᠠᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠴᠠᠭ ᠦᠶ᠎ᠡ ᠶᠢ | ᠵᠠᠭᠠᠭᠯᠠᠭᠰᠠᠨ ᠦᠪᠡᠳᠡᠭᠰᠢ ᠬᠤᠷᠠᠯ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤ ᠬᠢᠭᠰᠡᠨ ᠢᠯᠡᠳᠬᠡᠯ ᠨᠢ | ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠲᠤᠭ ᠢ ᠡᠷᠭᠦᠨ ᠴᠢᠭᠯᠡᠯ ᠢ ᠲᠣᠭᠲᠠᠭᠠᠵᠤ᠂ ᠮᠠᠨ ᠤ ᠨᠠᠮ ᠤᠨ ᠰᠢᠨ᠎ᠡ | ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ᠂ ᠰᠢᠨ᠎ᠡ | ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠤᠯᠤᠰ ᠲᠦᠷᠦ ᠶᠢᠨ ᠲᠤᠩᠬᠠᠭ ᠪᠠ ᠠᠵᠢᠯᠯᠠᠭᠠᠨ ᠤ ᠵᠦᠭᠯᠡᠭᠦᠷ ᠪᠣᠯᠤᠨ᠎ᠠ᠃ | ᠪᠦᠬᠦ ᠺᠠᠳ᠋ᠷ ᠠᠵᠢᠯᠳᠠᠨ ᠠᠵᠢᠯᠴᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ | ᠡᠭᠦᠷᠭᠡ ᠪᠣᠯᠭᠠᠵᠤ᠂ ᠤᠭ ᠵᠣᠬᠢᠶᠠᠯ ᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠬᠦ᠂ ᠰᠢᠨ᠎ᠡ ᠪᠠᠶᠢᠳᠠᠯ ᠢ ᠨᠡᠭᠡᠭᠡᠬᠦ ᠶᠢ ᠪᠠᠷᠢᠮᠲᠠᠯᠠᠵᠤ᠂ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠬᠦ | ᠬᠡᠷᠡᠭᠲᠡᠢ᠃ | | ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠤᠱᠯᠠᠭᠤᠯᠬᠤ ᠶᠢ ᠳᠤᠪᠤᠶᠢᠮ᠎ᠠ ᠪᠠᠶᠢᠷᠢᠨ ᠳᠤ ᠲᠠᠯᠪᠢᠵᠤ᠂ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ᠂ ᠰᠤᠷᠲᠠᠯ᠂ | ᠰᠠᠬᠢᠯᠭ᠎ᠠ ᠪᠠᠲᠤ ᠪᠣᠯᠤᠨ ᠳᠦᠷᠢᠮ ᠲᠣᠭᠲᠠᠭᠠᠯ ᠵᠡᠷᠭᠡ ᠲᠠᠯ᠎ᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ | ᠴᠢᠩᠭᠠᠳᠬᠠᠵᠤ᠂ ᠦᠨᠡᠨᠬᠦ ᠰᠤᠷᠲᠠᠯ ᠢᠶᠠᠨ ᠬᠤᠪᠢᠷᠠᠭᠤᠯᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠤᠰᠢᠭᠤᠴᠢ | ᠪᠣᠯᠬᠤ ᠬᠡᠷᠡᠭᠲᠡᠢ᠃ ᠦᠨᠡᠨᠬᠦ ᠠᠳᠬᠤᠨ ᠪᠣᠳᠠᠲᠠᠢ ᠠᠵᠢᠯᠯᠠᠵᠤ᠂ ᠰᠢᠨ᠎ᠡ ᠴᠠᠭ ᠦᠶ᠎ᠡ ᠶᠢᠨ ᠨᠠᠮ ᠤᠨ | ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠤᠰᠤᠨ ᠠᠰᠢᠭᠯᠠᠯᠲᠠ ᠶᠢᠨ ᠠᠵᠢᠯ ᠤᠨ ᠪᠣᠳᠠᠲᠠᠢ ᠲᠠᠢ ᠤᠶᠠᠯᠳᠤᠭᠤᠯᠵᠤ᠂ ᠤᠰᠤᠨ | ᠠᠰᠢᠭᠯᠠᠯᠲᠠ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠶᠠᠰᠤ ᠴᠢᠨᠠᠷ ᠲᠤᠭ᠎ᠠ | ᠬᠡᠮᠵᠢᠶ᠎ᠡ ᠶᠢ ᠪᠠᠲᠤᠯᠠᠨ ᠪᠦᠬᠦ ᠬᠦᠴᠦᠨ ᠢᠶᠠᠷ ᠢᠶᠠᠨ ᠠᠬᠢᠭᠤᠯᠵᠤ᠂ ᠭᠤᠣᠯ ᠮᠥᠷᠡᠨ ᠤ ᠳᠠᠷᠤᠭ᠎ᠠ ᠶᠢᠨ ᠲᠦᠷᠢᠮ ᠤᠨ | ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠪᠣᠯᠤᠨ ᠬᠥᠷᠥᠰᠥ | ᠰᠢᠷᠣᠢ ᠶᠢ ᠬᠠᠮᠠᠭᠠᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠯᠠᠨ ᠲᠦᠮᠡᠨ ᠤ ᠪᠠᠴᠢᠮ ᠬᠦᠴᠢᠷᠲᠡᠢ | ᠵᠣᠪᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠃ ᠲᠤᠤᠱᠯᠠᠭᠤᠯᠬᠤ ᠶᠢ ᠪᠦᠬᠦ ᠬᠦᠴᠦᠨ ᠢᠶᠠᠷ | ᠰᠠᠶᠢᠲᠤᠷ ᠠᠳᠬᠤᠵᠤ᠂ ᠲᠡᠷᠡ ᠳᠠᠷᠤᠢ ᠳᠤᠨᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠯᠥᠨ | ᠪᠤᠶᠢᠷ ᠬᠤᠳᠠ ᠶᠢᠨ ᠤᠰᠤᠨ ᠠᠰᠢᠭᠯᠠᠯᠲᠠ ᠶᠢᠨ ᠲᠦᠷᠦᠯ ᠵᠦᠢᠯ ᠤᠨ ᠠᠵᠢᠯ ᠳᠤ ᠬᠢᠭᠰᠡᠨ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠷᠢᠳᠴᠢᠯᠠᠨ ᠡᠮᠬᠢᠯᠡᠵᠦ᠂ ᠨᠠᠷᠢᠨ ᠨᠢᠮᠪᠠᠢ ᠲᠥᠯᠥᠪᠵᠢᠭᠦᠯᠵᠦ᠂ | ᠪᠦᠬᠦᠯᠢ ᠴᠣᠭᠴᠠ ᠪᠠᠷ ᠨᠢ ᠠᠬᠢᠭᠤᠯᠵᠤ᠂ ᠵᠢᠯ ᠤᠨ ᠡᠴᠦᠰ ᠤᠨ ᠡᠯ᠎ᠡ ᠵᠦᠢᠯ ᠤᠨ ᠬᠢᠨᠠᠨ ᠰᠢᠯᠭᠠᠬᠤ ᠠᠵᠢᠯ ᠢ | ᠰᠠᠶᠢᠲᠤᠷ ᠠᠳᠬᠤᠵᠤ᠂ 2023 ᠣᠨ ᠤ ᠭᠤᠣᠯᠳᠠᠯᠭ᠎ᠠ ᠲᠠᠢ ᠠᠵᠢᠯ ᠢ ᠰᠠᠶᠢᠲᠤᠷ ᠲᠥᠯᠥᠪᠵᠢᠭᠦᠯᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠠᠶᠤᠯᠭᠦᠢ | ᠦᠢᠯᠡᠳᠪᠦᠷᠢᠯᠡᠯ ᠵᠡᠷᠭᠡ ᠠᠵᠢᠯ ᠢ ᠰᠠᠶᠢᠲᠤᠷ ᠬᠢᠵᠦ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ |