2022 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠳᠦᠷᠪᠡᠳᠦᠭᠡᠷ  ᠬᠤᠭᠤᠴᠠᠭ᠎ᠠ︶
ᠨᠡᠶᠢᠲᠡᠯᠡᠭᠰᠡᠨ ᠴᠠᠭ᠄
2022/11/7
ᠳᠥᠷᠪᠡ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ  ᠲᠥᠯᠥᠭᠡᠯᠡᠭᠴᠢᠳ ᠡ᠂ ᠬᠦᠨᠳᠦ ᠡᠭᠦᠷᠭᠡ ᠶᠢ ᠡᠭᠦᠷᠭᠡᠯᠡᠬᠦ ᠬᠡᠷᠡᠭᠲᠡᠶ᠃ ᠪᠢᠳᠡ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠦᠵᠡᠯᠲᠡ ᠪᠠᠨ ᠬᠤᠪᠢᠷᠠᠭᠤᠯᠬᠤ᠂ ᠰᠤᠷᠲᠠᠯ ᠢᠶᠠᠨ ᠴᠢᠩᠭᠠᠳᠬᠠᠬᠤ᠂ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠪᠦᠬᠦ ᠬᠦᠴᠦᠨ ᠢᠶᠠᠷ ᠢᠶᠠᠨ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃  ︵ᠨᠢᠭᠡ︶ ᠲᠤᠭ ᠲᠡᠮᠳᠡᠭ ᠲᠣᠳᠣᠷᠬᠠᠶ ᠪᠠᠷ ᠤᠯᠤᠰ ᠲᠦᠷᠦ ᠶᠢ ᠡᠷᠬᠢᠮᠯᠡᠨ᠎ᠡ᠃ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠢᠲᠡᠭᠡᠯ ᠪᠢᠰᠢᠷᠡᠯ ᠢᠶᠠᠨ ᠪᠠᠲᠤ ᠰᠠᠬᠢᠵᠤ᠂ ᠤᠯᠤᠰ ᠲᠦᠷᠦ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠲᠤᠤᠱᠯᠠᠭᠤᠯᠵᠤ᠂ ᠵᠠᠰᠠᠭ ᠤᠨ ᠣᠷᠳᠣᠨ ᠤ ᠠᠵᠢᠯ ᠤᠨ ᠢᠮᠠᠭᠲᠠ ᠵᠥᠪ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠦᠨ᠎ᠡ᠃  ︵ᠬᠤᠶᠠᠷ︶ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ ᠶᠣᠰᠣ ᠲᠦᠷᠢᠮ ᠢ ᠰᠠᠬᠢᠬᠤ ᠬᠡᠷᠡᠭᠲᠡᠶ᠃ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠨᠠᠢᠮᠠᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ᠂ ᠠᠷᠠᠳ ᠨᠡᠶᠢᠲᠡ ᠪᠠᠷ ᠢᠶᠠᠨ ᠬᠠᠤᠯᠢ ᠶᠢ ᠰᠠᠬᠢᠬᠤ ᠶᠢ ᠠᠬᠢᠭᠤᠯᠤᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ  ᠰᠢᠢᠳᠪᠦᠷᠢᠳᠤ ᠪᠣᠳᠣᠯᠭ᠎ᠠ ᠲᠣᠭᠲᠠᠭᠠᠬᠤ ᠳᠤ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠨ ᠲᠣᠭᠲᠠᠭᠠᠬᠤ ᠲᠦᠷᠢᠮ ᠢ ᠡᠷᠡᠰ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠢᠳᠪᠦᠷᠢᠳᠤ ᠪᠣᠳᠣᠯᠭ᠎ᠠ ᠶᠢᠨ ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯᠲᠠ᠂ ᠬᠠᠤᠯᠢᠵᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠨᠡᠩ ᠢᠯᠡ ᠲᠣᠳᠣ᠂ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠲᠦᠷᠦ ᠪᠠᠷᠢᠬᠤ ᠠᠷᠭ᠎ᠠ ᠮᠠᠶ᠋ᠢᠭ ᠢᠶᠠᠷ ᠠᠷᠠᠳ ᠤᠨ ᠢᠲᠡᠭᠡᠯ ᠢ ᠣᠯᠵᠤ᠂ ᠠᠷᠠᠳ ᠲᠤ ᠠᠰᠢᠭ ᠬᠦᠷᠲᠡᠭᠡᠨ᠎ᠡ᠃    ︵ᠭᠤᠷᠪᠠ︶ ᠪᠣᠳᠠᠲᠠᠶ ᠠᠵᠢᠯᠯᠠᠵᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠪᠥᠬᠦ ᠬᠤᠲᠠ ᠶᠢᠨ ᠬᠥᠭᠵᠢᠯᠲᠡ ᠶᠢᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠦᠨᠡᠨ ᠬᠦ ᠠᠷᠠᠳ ᠲᠦᠮᠡᠨ ᠳᠤ ᠦᠢᠯᠡᠴᠢᠯᠡᠬᠦ ᠳᠤ ︽ᠦᠨᠡᠨ ᠰᠡᠳᠬᠢᠯᠭᠡ ᠪᠠᠷ ᠦᠢᠯᠡᠴᠢᠯᠡᠬᠦ︾ ᠶᠢ ᠪᠡᠶᠡᠯᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠬᠠᠷᠢᠭᠤᠴᠠᠯᠭ᠎ᠠ ᠶᠢ ᠨᠢᠭᠡᠳ ᠨᠢᠭᠡ ᠪᠠᠷ ᠲᠣᠳᠣᠷᠬᠠᠶᠢᠯᠠᠵᠤ᠂ ᠡᠬᠡ ᠳᠠᠩᠰᠠ ᠪᠠᠶᠢᠭᠤᠯᠵᠤ᠂ ᠤᠯᠠᠨ ᠲᠦᠮᠡᠨ ᠤ ︽ᠪᠠᠴᠢᠮᠳᠠᠬᠤ  ᠬᠦᠴᠢᠷᠳᠡᠬᠦ ᠵᠣᠪᠠᠨᠢᠬᠤ︾ ᠠᠰᠠᠭᠤᠳᠠᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠰᠢᠢᠳᠪᠦᠷᠢᠯᠡᠬᠦ ᠬᠡᠷᠡᠭᠲᠡᠢ᠃ ᠲᠦᠷᠦᠯ ᠵᠦᠢᠯ ᠤᠨ ︽ᠪᠣᠳᠠᠲᠠᠢ ᠬᠦᠴᠦ ᠣᠷᠣᠭᠤᠯᠬᠤ︾ ᠶᠢ ᠠᠬᠢᠭᠤᠯᠵᠤ᠂ ᠴᠢᠬᠤᠯᠠ ᠶᠡᠭᠡ ᠲᠦᠷᠦᠯ ᠵᠦᠢᠯ ᠢ ᠨᠢᠭᠡᠳ ᠨᠢᠭᠡ ᠪᠠᠷ ᠮᠥᠷᠳᠡᠨ ᠠᠳᠬᠤᠵᠤ᠂ ᠵᠢᠷᠤᠭ ᠡᠯᠭᠦᠨ ᠪᠠᠶᠢᠯᠳᠤᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠵᠠᠮ ᠨᠡᠭᠡᠭᠡᠨ ᠠᠶᠠᠯᠠᠯ ᠬᠠᠮᠠᠭᠠᠯᠠᠬᠤ ᠬᠡᠷᠡᠭᠲᠡᠢ  ᠃ ᠬᠥᠭᠵᠢᠯᠲᠡ ᠳᠤ ᠦᠢᠯᠡᠴᠢᠯᠡᠬᠦ ︽ᠡᠷᠴᠢ ᠵᠣᠷᠢᠭ ᠲᠠᠢ︾ ᠪᠠᠶᠢᠬᠤ ᠶᠢ ᠪᠡᠶᠡᠯᠡᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠬᠦᠴᠦᠯᠡᠨ ᠵᠠᠯᠠᠷᠠᠭᠤᠯᠵᠤ᠂ ᠨᠡᠩ ᠤᠯᠠᠨ ᠤᠶᠤᠨ ᠴᠢᠳᠠᠯ ᠢᠶᠠᠨ ᠭᠠᠷᠭᠠᠵᠤ ᠪᠠᠶᠢᠭᠠᠳ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠬᠠᠮᠲᠤᠪᠠᠷ ᠨᠢᠭᠲᠠᠷᠠᠭᠤᠯᠬᠤ ᠬᠡᠷᠡᠭᠲᠡᠢ᠃   ︵ᠳᠥᠷᠪᠡ︶ ᠠᠷᠢᠭᠤᠨ ᠴᠢᠬᠡᠴᠢ ᠪᠠᠷ ᠥᠯᠢᠭᠡᠷ ᠳᠠᠭᠤᠷᠢᠶᠠᠯ ᠪᠣᠯᠬᠤ ᠬᠡᠷᠡᠭᠲᠡᠶ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠤᠨ ᠪᠠᠶᠢᠷᠢ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ᠂ ᠥᠮᠴᠢᠯᠡᠬᠦ ᠡᠷᠬᠡ ᠶᠢ ᠠᠷᠠᠯᠵᠢᠶᠠᠯᠠᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠠᠵᠢᠯᠯᠠᠭ᠎ᠠ ᠶᠢ ᠵᠢᠷᠤᠮᠵᠢᠭᠤᠯᠵᠤ᠂ ᠡᠷᠬᠡ ᠶᠢᠨ ᠬᠢᠵᠠᠭᠠᠷ ᠪᠠ ᠡᠷᠬᠡ ᠶᠢ ᠪᠠᠭᠠᠰᠬᠠᠬᠤ᠂ ᠬᠢᠨᠠᠯᠲᠠ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠵᠡᠷᠭᠡ ᠠᠷᠭ᠎ᠠ ᠬᠡᠮᠵᠢᠶ᠎ᠡ ᠪᠠᠷ ᠠᠰᠢᠭ ᠲᠤᠰᠠ ᠶᠢᠨ ᠬᠤᠪᠢ ᠶᠢᠨ ᠠᠰᠢᠭ ᠬᠥᠭᠡᠭᠡᠴᠡᠯᠳᠦᠬᠦ ᠣᠷᠣᠨ ᠵᠠᠶ ᠶᠢ ᠪᠠᠭᠠᠰᠬᠠᠨ᠎ᠠ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠴᠡᠭᠴᠡᠯᠡᠨ ᠵᠠᠰᠠᠪᠠ᠃ ︽ᠭᠠᠮᠨᠠᠨ ᠠᠮᠢᠳᠤᠷᠠᠬᠤ︾ ᠦᠵᠡᠯ ᠰᠠᠨᠠᠭ᠎ᠠ ᠶᠢ ᠪᠠᠷᠢᠮᠲᠠᠯᠠᠨ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠴᠢᠩᠭ᠎ᠠ ᠬᠢᠵᠠᠭᠠᠷᠯᠠᠵᠤ᠂ ᠡᠳ᠋ ᠤᠨ ᠬᠦᠴᠦᠨ ᠢ ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠵᠦ᠂ ᠵᠠᠰᠠᠭ ᠤᠨ ᠣᠷᠳᠣᠨ ᠤ ︽ᠭᠠᠮᠨᠠᠨ ᠠᠮᠢᠳᠤᠷᠠᠬᠤ︾ ᠪᠠᠷ ᠠᠷᠠᠳ ᠤᠯᠠᠨ ᠤ ︽ᠰᠠᠶᠢᠨ ᠠᠮᠢᠳᠤᠷᠠᠯ︾ ᠢ ᠰᠣᠯᠢᠵᠤ ᠠᠪᠴᠢᠷᠠᠨ᠎ᠠ᠃   ᠲᠥᠯᠥᠭᠡᠯᠡᠭᠴᠢᠳ ᠡ︕ ᠰᠠᠯᠬᠢᠨ ᠤ ᠬᠦᠴᠦᠲᠦ ᠳᠠᠷᠪᠠᠭᠤᠯ ᠳᠦᠭᠦᠷᠴᠦ᠂ ᠳᠠᠪᠠᠯᠭᠠᠨ ᠢ ᠵᠦᠰᠦᠨ ᠤᠷᠤᠭᠰᠢᠯᠠᠬᠤᠶ᠎ᠠ᠂ ᠠᠶᠠᠨ ᠵᠠᠮ ᠤᠨ ᠠᠶᠠᠨ ᠳᠤ ᠨᠡᠩ ᠴᠤ ᠬᠤᠷᠳᠤᠨ ᠮᠣᠷᠢᠨ ᠳᠤ ᠲᠠᠰᠢᠭᠤᠷ ᠨᠡᠮᠡᠬᠦ ᠴᠢᠬᠤᠯᠠ ᠲᠠᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠯᠬᠡᠭᠯᠡᠨ ᠲᠡᠮᠡᠴᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠰᠢᠨ᠎ᠡ ᠴᠠᠭ ᠦᠶ᠎ᠡ ᠶᠢᠨ ᠵᠠᠯᠠᠨ ᠠᠶᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠠᠭᠠᠶ᠎ᠠ︕  
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ