ᠡᠯ᠎ᠡ ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ | ᠡᠯ᠎ᠡ ᠰᠠᠯᠠᠭ᠎ᠠ ᠮᠥᠴᠢᠷ᠂ ᠬᠥᠯᠥᠨ ᠪᠤᠶᠢᠷ ᠬᠤᠲᠠ ᠳᠤ ᠰᠠᠭᠤᠭ᠎ᠠ ᠡᠯ᠎ᠡ ᠨᠢᠭᠡᠴᠢ ᠳᠤ᠄ | | ︽ᠮᠥᠩᠬᠡ ᠰᠤᠪᠠᠭ︾ APP ᠪᠣᠯ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠲᠠᠪᠴᠠᠩ ᠤᠨ ᠨᠢᠭᠡᠳᠦᠯᠲᠡᠶ ᠰᠢᠯᠵᠢᠮᠡᠯ ᠦᠵᠦᠭᠦᠷ ᠤᠨ ᠦᠢᠯᠡᠴᠢᠯᠡᠬᠡᠨ ᠤ ᠴᠣᠩᠬᠤᠪᠴᠢ ᠪᠠᠶᠢᠵᠤ᠂ | ᠠᠵᠤ ᠠᠬᠤᠶᠢᠯᠠᠯ᠂ ᠣᠯᠠᠨ ᠲᠦᠮᠡᠨ ᠤ ︽ᠠᠯᠠᠭᠠᠨ ᠳᠡᠭᠡᠷ᠎ᠡ ᠭᠦᠢᠴᠡᠳᠬᠡᠬᠦ᠂ ᠬᠤᠷᠤᠭᠤᠨ ᠦᠵᠦᠭᠦᠷ ᠢᠶᠠᠷ | ᠭᠦᠢᠴᠡᠳᠬᠡᠬᠦ︾ ᠶᠢ ᠪᠡᠶᠡᠯᠡᠭᠦᠯᠬᠦ ᠳᠤ ᠳᠥᠭᠦᠮ ᠬᠠᠩᠭᠠᠨ᠎ᠠ᠃ ᠥᠪᠡᠷᠲᠡᠭᠡᠨ ᠵᠠᠰᠠᠬᠤ ᠣᠷᠣᠨ ᠡᠨᠡᠬᠦ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠠᠶᠢᠮᠠᠭ ᠬᠤᠲᠠ ᠶᠢᠨ ᠳᠠᠩᠰᠠᠯᠠᠭᠤᠯᠤᠭᠰᠠᠨ ᠨᠣᠷᠮ᠎ᠠ ᠶᠢᠨ ᠪᠠᠶᠢᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠪᠡ᠃ ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ | ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠶᠢᠰᠦᠳᠦᠭᠡᠷ ᠤᠳᠠᠭᠠᠨ ᠤ ᠬᠤᠷᠠᠯ ᠠᠴᠠ ᠲᠣᠳᠣᠷᠬᠠᠶ ᠱᠠᠭᠠᠷᠳᠠᠭᠰᠠᠨ ᠨᠢ᠄ | ᠡᠨᠡ ᠵᠢᠯ ᠤᠨ 6 ᠰᠠᠷ᠎ᠠ ᠶᠢᠨ ᠰᠡᠭᠦᠯᠴᠢ ᠪᠠᠷ ᠮᠠᠨ ᠤ ᠬᠤᠲᠠ ᠶᠢᠨ ︽ᠮᠥᠩᠬᠡ ᠰᠤᠪᠠᠭ︾ APP ᠶᠢᠨ | ᠳᠠᠩᠰᠠᠯᠠᠭᠤᠯᠤᠭᠰᠠᠨ ᠨᠣᠷᠮ᠎ᠠ ᠶᠢ ᠪᠥᠬᠦ ᠣᠷᠣᠨ ᠤ ᠳᠤᠮᠳᠠᠴᠢ ᠬᠢᠷᠢ ᠲᠦᠪᠰᠢᠨ ᠳᠤ ᠬᠦᠷᠭᠡᠬᠦ ᠬᠡᠷᠡᠭᠲᠡᠶ᠃ | ᠬᠤᠲᠠ ᠶᠢᠨ ᠵᠠᠰᠠᠭ ᠤᠨ ᠣᠷᠳᠣᠨ ᠤ 2022 ᠣᠨ ᠤ 11 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠠᠴᠠ᠄ | ᠡᠯ᠎ᠡ ᠬᠤᠰᠢᠭᠤ ᠬᠤᠲᠠ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠶᠢᠨ ᠳᠠᠩᠰᠠᠯᠠᠭᠤᠯᠤᠭᠰᠠᠨ ᠪᠠᠶᠢᠳᠠᠯ ᠢ ᠮᠡᠳᠡᠭᠳᠡᠬᠦ ᠬᠡᠷᠡᠭᠲᠡᠶ᠃ ᠣᠳᠣᠬᠠᠨ ᠳᠤ᠂ ᠮᠠᠨ ᠤ ᠬᠤᠲᠠ ᠶᠢᠨ ︽ | ᠮᠥᠩᠬᠡ ᠰᠤᠪᠠᠭ︾ APP ᠶᠢᠨ ᠬᠡᠷᠡᠭᠯᠡᠭᠴᠢ ᠶᠢᠨ ᠳᠠᠩᠰᠠᠯᠠᠭᠤᠯᠤᠭᠰᠠᠨ ᠨᠣᠷᠮ᠎ᠠ ᠨᠢ 31.8% ᠪᠠᠶᠢᠵᠤ᠂ | ᠪᠥᠬᠦ ᠣᠷᠣᠨ ᠤ ᠠᠶᠢᠮᠠᠭ ᠬᠤᠲᠠ ᠶᠢᠨ ᠳᠣᠲᠣᠷ᠎ᠠ ᠬᠤᠶᠢᠨ᠎ᠠ ᠠᠴᠠ ᠨᠢ ᠨᠢᠭᠡᠳᠦᠭᠡᠷ ᠲᠤ ᠵᠢᠭᠰᠠᠭᠠᠭᠳᠠᠵᠤ᠂ ᠨᠡᠷᠡᠰ ᠤᠨ | ᠵᠢᠭᠰᠠᠭᠠᠯᠲᠠ ᠶᠢᠨ ᠨᠢᠭᠡᠳᠦᠭᠡᠷ ᠳᠠᠩᠰᠠᠯᠠᠭᠰᠠᠨ ᠨᠣᠷᠮ᠎ᠠ ︵58%︶ ᠯᠤᠭ᠎ᠠ ᠶᠢᠨ ᠵᠥᠷᠢᠶ᠎ᠡ ᠨᠢ ᠮᠠᠰᠢ ᠶᠡᠭᠡ | ᠮᠥᠷᠲᠡᠭᠡᠨ ︽ᠮᠥᠩᠬᠡ ᠰᠤᠪᠠᠭ︾ APP ᠶᠢᠨ ᠭᠦᠢᠴᠡᠳᠬᠡᠵᠦ ᠪᠣᠯᠬᠤ ᠲᠥᠷᠥᠯ ᠤᠨ ᠬᠡᠷᠡᠭᠯᠡᠭᠡᠨ ᠤ | ᠨᠡᠭᠡᠭᠡᠯᠲᠡ ᠶᠢᠨ ᠲᠤᠭ᠎ᠠ ᠬᠡᠮᠵᠢᠶ᠎ᠡ ᠨᠢ ᠨᠡᠯᠢᠶᠡᠳ ᠪᠠᠭ᠎ᠠ ᠪᠠᠶᠢᠨ᠎ᠠ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ | ᠵᠠᠰᠠᠭ ᠤᠨ ᠣᠷᠳᠣᠨ ᠤ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ︽ᠮᠥᠩᠬᠡ | ᠰᠤᠪᠠᠭ︾ APP ᠶᠢᠨ ᠳᠡᠩᠰᠡᠯᠡᠨ ᠲᠡᠮᠳᠡᠭᠯᠡᠬᠦ ᠨᠣᠷᠮ᠎ᠠ ᠶᠢ ᠳᠡᠭᠡᠭᠰᠢᠯᠡᠭᠦᠯᠵᠦ᠂ ᠰᠢᠯᠵᠢᠮᠡᠯ ᠦᠵᠦᠭᠦᠷ ᠤᠨ | ᠬᠡᠷᠡᠭᠯᠡᠯᠲᠡ ᠶᠢᠨ ᠨᠡᠭᠡᠭᠡᠨ ᠬᠥᠭᠵᠢᠭᠦᠯᠦᠯᠲᠡ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠪᠥᠬᠦ ᠬᠤᠲᠠ ᠶᠢᠨ | ᠡᠯ᠎ᠡ ᠱᠠᠲᠤᠨ ᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠨᠢᠭᠡᠴᠢ ᠨᠢ ᠪᠣᠳᠠᠲᠠᠶ ᠶᠢ ᠡᠷᠬᠢᠮᠯᠡᠭᠰᠡᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ︽ᠮᠥᠩᠬᠡ ᠰᠤᠪᠠᠭ︾ APP | ᠶᠢᠨ ᠳᠡᠩᠰᠡᠯᠡᠨ ᠲᠡᠮᠳᠡᠭᠯᠡᠬᠦ ᠪᠠ ᠬᠡᠷᠡᠭᠯᠡᠯᠲᠡ ᠶᠢᠨ ᠨᠡᠭᠡᠭᠡᠨ ᠬᠥᠭᠵᠢᠭᠦᠯᠬᠦ ᠠᠵᠢᠯ ᠢ ᠠᠬᠢᠭᠤᠯᠬᠤ ᠬᠡᠷᠡᠭᠲᠡᠶ | ᠭᠡᠵᠦ ᠱᠠᠭᠠᠷᠳᠠᠵᠠᠢ᠃ |