ᠨᠢᠭᠡ᠂ ᠡᠯ᠎ᠡ ᠬᠤᠰᠢᠭᠤ ᠬᠤᠲᠠ ᠲᠣᠭᠤᠷᠢᠭ ᠤᠨ ᠵᠠᠰᠠᠭ ᠤᠨ ᠣᠷᠳᠣᠨ ᠨᠢ ︽ᠮᠥᠩᠬᠡ ᠰᠤᠪᠠᠭ︾ APP | ᠶᠢᠨ ᠳᠠᠩᠰᠠᠯᠠᠭᠤᠯᠬᠤ ᠠᠵᠢᠯ ᠳᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠲᠦᠮᠵᠢᠲᠡᠶ | ᠠᠷᠭ᠎ᠠ ᠬᠡᠮᠵᠢᠶ᠎ᠡ ᠠᠪᠴᠤ᠂ ᠬᠠᠷᠢᠶ᠎ᠠ ᠣᠷᠣᠨ ᠤ ᠬᠠᠷᠢᠶ᠎ᠠ ᠰᠠᠯᠠᠭ᠎ᠠ ᠮᠥᠴᠢᠷ᠂ ᠨᠢᠭᠡᠴᠢ ᠶᠢᠨ ᠠᠵᠢᠯᠲᠠᠨ ᠠᠵᠢᠯᠴᠢᠨ ᠤ | ︽ᠮᠥᠩᠬᠡ ᠰᠤᠪᠠᠭ︾ APP ᠶᠢ ᠪᠦᠬᠦᠳᠡᠭᠡᠷ ᠳᠠᠩᠰᠠᠯᠠᠬᠤ ᠶᠢ ᠪᠡᠶᠡᠯᠡᠭᠦᠯᠬᠦ ᠬᠡᠷᠡᠭᠲᠡᠶ᠃ ᠰᠢᠶᠠᠩ ᠪᠠᠯᠭᠠᠰᠤ | ︵ᠰᠤᠮᠤ︶ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠲᠣᠰᠬᠤᠨ ︵ᠭᠠᠴᠠᠭ᠎ᠠ︶ ᠨᠡᠶᠢᠭᠡᠮ | ᠲᠣᠭᠤᠷᠢᠭ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠤᠨ᠂ ᠥᠷᠭᠡᠨ ᠣᠯᠠᠨ ᠲᠦᠮᠡᠨ ᠢ ᠵᠣᠬᠢᠶᠠᠨ | ᠪᠠᠶᠢᠭᠤᠯᠤᠨ ︽ᠮᠥᠩᠬᠡ ᠰᠤᠪᠠᠭ︾ APP ᠶᠢ ᠳᠠᠩᠰᠠᠯᠠᠭᠤᠯᠵᠤ᠂ ᠳᠠᠩᠰᠠᠯᠠᠭᠤᠯᠤᠭᠰᠠᠨ ᠨᠣᠷᠮ᠎ᠠ ᠶᠢᠨ | ᠭᠦᠢᠴᠡᠳᠬᠡᠯ ᠲᠤᠭ᠎ᠠ ᠶᠢᠨ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠦᠨ᠂ 6 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠳᠠᠩᠰᠠᠯᠠᠭᠤᠯᠤᠭᠰᠠᠨ ᠨᠣᠷᠮ᠎ᠠ ᠶᠢ 50% ᠠᠴᠠ ᠳᠡᠭᠡᠭᠰᠢ ᠳᠤ ᠬᠦᠷᠦᠭᠦᠯᠵᠦ᠂ 12 | ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠠᠩᠰᠠᠯᠠᠭᠤᠯᠤᠭᠰᠠᠨ ᠨᠣᠷᠮ᠎ᠠ ᠶᠢ 70% ᠠᠴᠠ ᠳᠡᠭᠡᠭᠰᠢ ᠳᠤ | ᠬᠦᠷᠦᠭᠦᠯᠬᠦ ᠪᠠᠷ ᠴᠢᠷᠮᠠᠶᠢᠬᠤ ᠬᠡᠷᠡᠭᠲᠡᠶ᠃ | | ᠬᠤᠶᠠᠷ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠨᠢ ᠲᠣᠰ ᠨᠢᠭᠡᠴᠢ ᠲᠤᠰ ᠰᠢᠰᠲ᠋ᠧᠮ ᠤᠨ ︽ | ᠮᠦᠩᠭᠡ ᠰᠤᠪᠠᠭ︾ APP ᠶᠢ ᠳᠠᠩᠰᠠᠯᠠᠭᠤᠯᠬᠤ ᠠᠵᠢᠯ ᠢ ᠰᠢᠭᠤᠳ ᠬᠠᠷᠢᠭᠤᠴᠠᠵᠤ᠂ 5 ᠰᠠᠷ᠎ᠠ ᠶᠢᠨ 15 | ᠠᠴᠠ ᠡᠮᠦᠨ᠎ᠡ ᠠᠵᠢᠯᠯᠠᠵᠤ ᠪᠠᠶᠢᠭ᠎ᠠ ᠠᠵᠢᠯᠳᠠᠳ ᠤᠨ ᠳᠠᠩᠰᠠᠯᠠᠭᠤᠯᠤᠭᠰᠠᠨ ᠨᠤᠷᠮ᠎ᠠ ᠶᠢ 100% ᠳᠤ | ᠬᠦᠷᠭᠡᠨ᠎ᠡ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠪᠡᠶ᠎ᠡ ᠶᠢᠨ ᠠᠵᠢᠯ | ᠲᠥᠷᠥᠯ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠦᠢᠯᠡᠴᠢᠯᠡᠬᠦ ᠡᠲᠡᠭᠡᠳ᠂ ᠬᠠᠮᠢᠶᠠᠷᠬᠤ ᠡᠲᠡᠭᠡᠳ ᠤᠨ ︽ | ᠮᠥᠩᠬᠡ ᠰᠤᠪᠠᠭ︾ APP ᠶᠢ ᠳᠠᠩᠰᠠᠯᠠᠭᠤᠯᠬᠤ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠶᠢ ᠴᠢᠭᠯᠡᠭᠦᠯᠬᠦ | ᠴᠢᠨᠠᠷᠲᠠᠶ ᠪᠠᠷ ᠲᠣᠭᠲᠠᠭᠠᠵᠤ᠂ ᠲᠣᠰ ᠠᠵᠢᠯ ᠲᠥᠷᠥᠯ᠂ ᠲᠣᠰ ᠰᠢᠰᠲ᠋ᠧᠮ ᠢ ᠠᠬᠢᠭᠤᠯᠬᠤ ᠡᠷᠴᠢᠮ ᠢᠶᠠᠨ | ᠴᠢᠩᠭᠠᠷᠠᠭᠤᠯᠬᠤ ᠬᠡᠷᠡᠭᠲᠡᠶ᠃ | | ᠭᠤᠷᠪᠠ᠂ ᠠᠵᠤ ᠠᠬᠤᠶᠢᠯᠠᠯ ᠤᠨ ︽ᠮᠥᠩᠬᠡ ᠰᠤᠪᠠᠭ︾ APP ᠶᠢ ᠪᠠᠭᠤᠯᠭᠠᠵᠤ ᠳᠠᠩᠰᠠᠯᠠᠭᠤᠯᠬᠤ ᠶᠢ | ᠰᠠᠨᠠᠭᠠᠴᠢᠯᠠᠨ᠎ᠠ᠃ ᠠᠵᠤ ᠠᠬᠤᠶᠢᠯᠠᠯ ᠤᠳ ᠪᠦᠬᠦ ᠠᠵᠢᠯᠲᠠᠨ ᠠᠵᠢᠯᠴᠢᠨ ᠤ ᠢᠳᠡᠪᠬᠢᠲᠡᠶ ᠪᠠᠷ ᠳᠠᠩᠰᠠᠯᠠᠭᠤᠯᠬᠤ ᠶᠢ | ᠰᠠᠨᠠᠭᠠᠴᠢᠯᠠᠭ᠎ᠠ ᠠᠴᠠ ᠪᠠᠨ ᠬᠥᠲᠥᠯᠥᠨ ᠵᠢᠯᠤᠭᠤᠳᠤᠨ᠎ᠠ᠃ ᠬᠤᠲᠠ ᠶᠢᠨ ᠤᠯᠤᠰ ᠤᠨ ᠦᠮᠴᠢᠯᠡᠯᠳᠦ ᠡᠳ᠋ | ᠬᠥᠷᠥᠩᠭᠡ ᠶᠢᠨ ᠵᠥᠪᠯᠡᠯ ᠨᠢ ᠬᠤᠲᠠ ᠶᠢᠨ ᠬᠠᠷᠢᠶ᠎ᠠ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠳᠠᠩᠰᠠᠯᠠᠭᠤᠯᠤᠭᠰᠠᠨ ᠪᠠᠶᠢᠳᠠᠯ ᠢ ᠪᠦᠷᠢᠳᠬᠡᠨ ᠮᠡᠳᠡᠭᠦᠯᠬᠦ ᠶᠢ ᠬᠠᠷᠢᠭᠤᠴᠠᠵᠤ᠂ ᠬᠤᠲᠠ ᠶᠢᠨ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠬᠤᠲᠠ ᠶᠢᠨ ᠠᠵᠤ ᠦᠢᠯᠡᠳᠪᠦᠷᠢ ᠠᠵᠤ | ᠠᠬᠤᠶᠢᠯᠠᠯ ᠤᠨ ᠳᠠᠩᠰᠠᠯᠠᠭᠤᠯᠤᠭᠰᠠᠨ ᠪᠠᠶᠢᠳᠠᠯ ᠢ ᠪᠦᠷᠢᠳᠬᠡᠨ ᠮᠡᠳᠡᠭᠦᠯᠬᠦ ᠶᠢ ᠬᠠᠷᠢᠭᠤᠴᠠᠵᠤ᠂ ᠬᠤᠲᠠ ᠶᠢᠨ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠨᠢ ᠬᠤᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠪᠦᠷᠢᠯᠳᠦᠬᠦᠨ ᠨᠢᠭᠡᠴᠢ ᠶᠢᠨ ᠳᠠᠩᠰᠠᠯᠠᠭᠤᠯᠤᠭᠰᠠᠨ ᠪᠠᠶᠢᠳᠠᠯ ᠢ ᠪᠦᠷᠢᠳᠬᠡᠨ ᠮᠡᠳᠡᠭᠦᠯᠬᠦ ᠶᠢ ᠬᠠᠷᠢᠭᠤᠴᠠᠵᠤ᠂ | ᠬᠤᠲᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ ᠨᠢ ᠡᠯ᠎ᠡ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ | ᠳᠠᠩᠰᠠᠯᠠᠭᠤᠯᠤᠭᠰᠠᠨ ᠪᠠᠶᠢᠳᠠᠯ ᠢ ᠪᠦᠷᠢᠳᠬᠡᠨ ᠮᠡᠳᠡᠭᠦᠯᠬᠦ ᠶᠢ ᠬᠠᠷᠢᠭᠤᠴᠠᠵᠤ᠂ ᠬᠤᠲᠠ ᠶᠢᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠡᠯ᠎ᠡ ᠪᠠᠷᠢᠯᠭ᠎ᠠ ᠶᠢᠨ ᠠᠵᠤ ᠠᠬᠤᠶᠢᠯᠠᠯ ᠵᠢᠴᠢ | ᠠᠳᠠᠯ ᠠᠬᠤᠢ ᠶᠢᠨ ᠺᠣᠮᠫᠠᠨᠢ ᠶᠢᠨ ᠳᠠᠩᠰᠠᠯᠠᠭᠤᠯᠤᠭᠰᠠᠨ ᠪᠠᠶᠢᠳᠠᠯ ᠢ ᠪᠦᠷᠢᠳᠬᠡᠨ ᠮᠡᠳᠡᠭᠦᠯᠬᠦ ᠶᠢ ᠬᠠᠷᠢᠭᠤᠴᠠᠨ᠎ᠠ᠃ |