ᠳᠣᠯᠤᠭ᠎ᠠ᠂ ᠡᠨᠡᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠬᠤ | ᠬᠡᠷᠡᠭᠲᠡᠶ᠃ ᠨᠢᠭᠡ ᠳᠤ᠂ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠪᠤᠳᠠᠳᠠᠶᠢᠵᠢᠭᠤᠯᠤᠨ᠎ᠠ᠃ ᠡᠯ᠎ᠡ | ᠬᠤᠰᠢᠭᠤ ᠬᠤᠲᠠ ᠲᠣᠭᠤᠷᠢᠭ᠂ ᠡᠯ᠎ᠡ ᠰᠠᠯᠠᠭ᠎ᠠ ᠮᠥᠴᠢᠷ ᠤᠳ ︽ᠠᠷᠠᠳ ᠲᠦᠮᠡᠨ ᠢᠶᠠᠷ ᠭᠤᠤᠯ ᠪᠣᠯᠭᠠᠬᠤ︾ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠮᠥᠩᠬᠡ ᠰᠤᠪᠠᠭ︾ APP ᠶᠢᠨ ᠬᠡᠷᠡᠭᠯᠡᠭᠴᠢ ᠶᠢ | ᠳᠠᠩᠰᠠᠯᠠᠬᠤ ᠪᠠ ᠬᠡᠷᠡᠭᠯᠡᠵᠦ ᠨᠡᠭᠡᠭᠡᠨ ᠬᠥᠭᠵᠢᠭᠦᠯᠬᠦ ᠠᠵᠢᠯ ᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ᠂ ᠣᠯᠠᠨ | ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ | ᠪᠣᠯᠭᠠᠨ ᠠᠬᠢᠭᠤᠯᠬᠤ ᠬᠡᠷᠡᠭᠲᠡᠶ᠃ ᠬᠤᠶᠠᠷ ᠲᠤ ᠰᠢᠮᠳᠠᠭᠤᠯᠤᠨ ᠪᠠᠶᠢᠴᠠᠭᠠᠬᠤ ᠶᠢ ᠴᠢᠩᠭᠠᠷᠠᠭᠤᠯᠤᠨ᠂ ᠲᠣᠭᠲᠠᠮᠠᠯ | ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠬᠦ ᠬᠡᠷᠡᠭᠲᠡᠶ᠃ ᠲᠣᠰ ᠠᠵᠢᠯ ᠢ ᠨᠢᠭᠡᠨᠲᠡ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤᠵᠢᠭᠰᠠᠨ ᠶᠡᠭᠡ ᠱᠠᠯᠠᠪᠳᠠᠭᠤᠯᠤᠨ ᠪᠠᠶᠢᠴᠠᠭᠠᠬᠤ ᠡᠭᠦᠷᠭᠡ ᠶᠢᠨ ᠨᠠᠷᠢᠨ ᠳᠠᠩᠰᠠ ᠳᠤ ᠣᠷᠣᠭᠤᠯᠵᠤ᠂ ᠲᠣᠭᠲᠠᠮᠠᠯ | ᠪᠤᠰᠤ ᠬᠤᠭᠤᠴᠠᠭ᠎ᠠ ᠲᠠᠢ ᠪᠠᠷ ᠬᠤᠰᠢᠭᠤ ᠬᠤᠲᠠ ᠲᠣᠭᠤᠷᠢᠭ ᠪᠠ ᠰᠠᠯᠠᠭ᠎ᠠ ᠮᠥᠴᠢᠷ ᠲᠤ ᠲᠤᠰᠬᠠᠶ ᠰᠢᠮᠳᠠᠭᠤᠯᠤᠨ | ᠪᠠᠶᠢᠴᠠᠭᠠᠬᠤ ᠪᠠᠶᠢᠴᠠᠭᠠᠯᠲᠠ ᠬᠢᠨ᠎ᠠ᠃ | | ᠬᠤᠲᠠ ᠶᠢᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠭᠡᠷ ᠬᠠᠭᠠᠰ ᠰᠠᠷ᠎ᠠ ᠶᠢᠨ ᠵᠠᠷᠯᠠᠨ ᠮᠡᠳᠡᠭᠳᠡᠬᠦ | ᠲᠦᠷᠢᠮ ᠢ ᠪᠠᠶᠢᠭᠤᠯᠵᠤ᠂ ᠬᠠᠭᠠᠰ ᠰᠠᠷ᠎ᠠ ᠪᠦᠷᠢ ᠡᠯ᠎ᠡ ᠬᠤᠰᠢᠭᠤ ᠬᠤᠲᠠ ᠲᠣᠭᠤᠷᠢᠭ᠂ ᠡᠯ᠎ᠡ ᠰᠠᠯᠠᠭ᠎ᠠ ᠮᠥᠴᠢᠷ ᠤᠨ | ᠠᠵᠢᠯ ᠤᠨ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠬᠦ ᠶᠢᠨ ᠬᠠᠮᠲᠤ ᠵᠠᠷᠯᠠᠨ ᠮᠡᠳᠡᠭᠳᠡᠭᠰᠡᠨ ᠦᠷ᠎ᠡ ᠳ᠋ᠦᠩ ᠢᠶᠠᠨ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠳᠤ ᠮᠡᠳᠡᠭᠦᠯᠦᠨ ᠬᠦᠷᠭᠡᠵᠦ᠂ | ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠬᠠᠭᠤᠯᠤᠨ ᠬᠦᠷᠭᠡᠨ᠎ᠡ᠃ ᠭᠤᠷᠪᠠ ᠳᠤ ᠰᠢᠯᠭᠠᠨ ᠬᠢᠨᠠᠬᠤ ᠳᠤ | ᠣᠷᠣᠭᠤᠯᠵᠤ᠂ ᠬᠡᠷᠡᠭᠯᠡᠯᠳᠡ ᠶᠢ ᠴᠢᠩᠭᠠᠷᠠᠭᠤᠯᠤᠨ᠎ᠠ᠃ ︽ᠮᠥᠩᠬᠡ ᠰᠤᠪᠠᠭ︾ APP ᠶᠢᠨ ᠳᠠᠩᠰᠠᠯᠠᠭᠤᠯᠬᠤ | ᠠᠵᠢᠯ ᠤᠨ ᠪᠠᠶᠢᠳᠠᠯ ᠢ ᠬᠤᠰᠢᠭᠤ ᠬᠤᠲᠠ ᠲᠣᠭᠤᠷᠢᠭ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ | ᠲᠥᠷᠥᠯ ᠤᠨ ᠠᠵᠢᠯ ᠤᠨ ᠰᠠᠯᠠᠭ᠎ᠠ ᠮᠥᠴᠢᠷ ︵ᠨᠢᠭᠡᠴᠢ︶ ᠤᠨ ᠤᠳᠤᠷᠢᠳᠬᠤ ᠪᠠᠭ ᠤᠨ ᠣᠨ ᠤ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ᠂ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠰᠢᠯᠢᠳᠡᠭᠵᠢᠭᠦᠯᠬᠦ ᠶᠢ ᠰᠢᠯᠭᠠᠨ ᠪᠠᠶᠢᠴᠠᠭᠠᠬᠤ ᠨᠢᠭᠡ ᠵᠦᠢᠯ ᠤᠨ ᠴᠢᠬᠤᠯᠠ ᠭᠦᠢᠴᠡᠳᠬᠡᠯ ᠲᠤᠭ᠎ᠠ | ᠪᠣᠯᠭᠠᠨ᠎ᠠ᠃ ᠤᠳᠤᠷᠢᠳᠤᠯᠭ᠎ᠠ ᠴᠢᠬᠤᠯᠠᠴᠢᠯᠠᠬᠤ ᠦᠭᠡᠶ᠂ ᠠᠵᠢᠯ ᠢᠶᠠᠨ ᠪᠣᠳᠠᠲᠠᠶᠢᠵᠢᠭᠤᠯᠤᠭᠰᠠᠨ ᠦᠭᠡᠶ᠂ | ᠱᠠᠭᠠᠷᠳᠠᠯᠭ᠎ᠠ ᠶᠣᠰᠣᠭᠠᠷ ᠪᠡᠶᠡᠯᠡᠭᠦᠯᠦᠭᠰᠡᠨ ᠦᠭᠡᠶ ᠬᠤᠰᠢᠭᠤ ᠬᠤᠲᠠ ᠲᠣᠭᠤᠷᠢᠭ ᠪᠣᠯᠤᠨ ᠬᠤᠲᠠ ᠶᠢᠨ ᠰᠢᠭᠤᠳ | ᠬᠠᠷᠢᠶ᠎ᠠ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠵᠠᠷᠯᠠᠨ ᠰᠢᠭᠦᠮᠵᠢᠯᠡᠬᠦ ᠶᠢᠨ ᠬᠠᠮᠲᠤ | ᠭᠤᠣᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠨ᠎ᠠ᠃ | | ᠳᠠᠭᠠᠯᠳᠤᠭᠤᠯᠤᠯ᠄ | | 1. ︽ᠮᠥᠩᠬᠡ ᠰᠤᠪᠠᠭ︾ APP ᠢ ᠪᠠᠭᠤᠯᠭᠠᠵᠤ ᠳᠠᠩᠰᠠᠯᠠᠬᠤ ᠠᠷᠭ᠎ᠠ᠃ | | 2. 2022 ᠣᠨ ᠤ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ︽ᠮᠥᠩᠬᠡ ᠰᠤᠪᠠᠭ︾ | APP ᠶᠢᠨ ᠬᠡᠷᠡᠭᠯᠡᠭᠡᠨ ᠤ ᠨᠡᠭᠡᠭᠡᠨ ᠬᠥᠭᠵᠢᠭᠦᠯᠬᠦ ᠡᠭᠦᠷᠭᠡ ᠶᠢᠨ ᠨᠠᠷᠢᠨ ᠳᠠᠩᠰᠠ᠃ | | 2022 ᠣᠨ ᠤ 5 ᠰᠠᠷ᠎ᠠ ᠶᠢᠨ 13 ᠤ ᠡᠳᠦᠷ᠃ | | ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ |