| | | | | | | 10 ᠰᠠᠷ᠎ᠠ ᠶᠢᠨ 31 ᠤ ᠡᠳᠦᠷ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠲᠠ ᠶᠢᠨ ᠳᠠᠷᠤᠭ᠎ᠠ ᠸᠠᠩ ᠪᠥᠸᠧ ᠬᠥᠬᠡᠬᠤᠲᠠ ᠶᠢᠨ ᠨᠤᠲᠤᠭ ᠲᠠᠭᠠᠨ ᠪᠤᠴᠠᠭᠰᠠᠨ ᠰᠤᠷᠤᠭᠴᠢᠳ ᠤᠨ ᠬᠡᠰᠡᠭ | ᠲᠤᠰᠠᠭᠠᠷᠯᠠᠬᠤ ᠭᠠᠵᠠᠷ ᠪᠠ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠤᠨ | ᠪᠠᠷᠢᠯᠭ᠎ᠠ ᠶᠢᠨ ᠭᠠᠵᠠᠷ ᠲᠤ ᠭᠦᠨᠵᠡᠭᠡᠶᠢᠷᠡᠨ᠂ ᠨᠤᠲᠤᠭ ᠲᠠᠭᠠᠨ ᠪᠤᠴᠠᠭᠰᠠᠨ ᠰᠤᠷᠤᠭᠴᠢᠳ ᠢ ᠲᠤᠰᠠᠭᠠᠷᠯᠠᠵᠤ | ᠬᠠᠮᠢᠶᠠᠷᠤᠨ ᠡᠵᠡᠮᠳᠡᠬᠦ ᠪᠠ ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠲᠤᠬᠠᠶ ᠶᠢᠨ | ᠲᠠᠯᠠᠪᠤᠷ ᠲᠤ ᠠᠵᠢᠯᠯᠠᠪᠠ᠃ ᠬᠤᠲᠠ ᠶᠢᠨ ᠤᠳᠤᠷᠢᠳᠤᠯᠭ᠎ᠠ ᠯᠢᠦ ᠬᠤᠩ ᡁᠢ᠂ ᠶᠠᠨ ᡁᠢ ᠭᠠᠩ᠂ ᠬᠠᠨ ᡁᠢ ᠯᠢ | ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠲᠣᠰ ᠲᠣᠰ ᠲᠤᠬᠠᠶ ᠶᠢᠨ | ᠲᠠᠯᠠᠪᠤᠷ ᠲᠤ ᠠᠵᠢᠯᠯᠠᠬᠤ ᠳᠤ ᠣᠷᠣᠯᠴᠠᠪᠠ᠃ | | ᠴᠢᠩᠭᠢᠰ ᠬᠠᠭᠠᠨ ᠵᠣᠴᠢᠳ ᠤᠨ ᠪᠠᠭᠤᠳᠠᠯ ᠪᠣᠯᠤᠨ ᠢᠦ᠋ᠢᠳᠦ᠋ ᠬᠤᠳᠠᠯᠳᠤᠭᠠᠨ ᠤ ᠶᠠᠪᠤᠳᠠᠯ ᠤᠨ ᠵᠣᠴᠢᠳ ᠤᠨ | ᠪᠠᠭᠤᠳᠠᠯ ᠳᠤ᠂ ᠸᠠᠩ ᠪᠥᠸᠧ ᠨᠤᠲᠤᠭ ᠲᠠᠭᠠᠨ ᠪᠤᠴᠠᠭᠰᠠᠨ ᠰᠤᠷᠤᠭᠴᠢᠳ ᠢ ᠲᠤᠰᠠᠭᠠᠷᠯᠠᠵᠤ ᠬᠠᠮᠢᠶᠠᠷᠤᠨ | ᠡᠵᠡᠮᠳᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠲᠤᠰᠠᠭᠠᠷᠯᠠᠭᠰᠠᠨ | ᠥᠷᠥᠭᠡᠨ ᠤ ᠲᠥᠬᠦᠭᠡᠷᠦᠮᠵᠢ ᠢᠵᠢ ᠪᠦᠷᠢᠳᠦᠭᠰᠡᠨ ᠡᠰᠡᠬᠦ᠂ ᠡᠳ᠋ ᠪᠣᠳᠠᠰ ᠤᠨ ᠬᠠᠩᠭᠠᠯᠭ᠎ᠠ ᠭᠦᠢᠴᠡᠳ ᠡᠰᠡᠬᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠡᠰᠡᠬᠦ | ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠢᠨ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠲᠤᠰᠠᠭᠠᠷᠯᠠᠵᠤ ᠬᠠᠮᠢᠶᠠᠷᠤᠨ ᠡᠵᠡᠮᠳᠡᠬᠦ ᠡᠯ᠎ᠡ | ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠲᠡᠷᠡ | ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ | ᠤᠬᠠᠮᠰᠠᠷ ᠢ ᠪᠠᠲᠤ ᠪᠤᠢ ᠪᠣᠯᠭᠠᠵᠤ᠂ ᠠᠵᠢᠯᠳᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠳᠤᠬᠢᠷᠠᠭᠤᠯᠵᠤ᠂ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠠᠵᠢᠯ ᠤᠨ ᠶᠠᠪᠤᠴᠠ ᠶᠢ | ᠵᠢᠷᠤᠮᠵᠢᠭᠤᠯᠵᠤ᠂ ᠡᠯ᠎ᠡ ᠵᠦᠢᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠬᠤ ᠬᠡᠷᠡᠭᠲᠡᠢ ᠃ ᠡᠭᠦᠨ ᠤ ᠬᠠᠮᠲᠤ᠂ ᠰᠤᠷᠤᠭᠴᠢᠳ ᠤᠨ ᠬᠦᠰᠡᠯ ᠱᠠᠭᠠᠷᠳᠠᠯᠭ᠎ᠠ ᠶᠢ ᠭᠦᠢᠴᠡᠳ | ᠣᠶᠢᠯᠠᠭᠠᠵᠤ᠂ ᠰᠣᠶᠣᠯ ᠢᠷᠭᠡᠨᠰᠢᠯ ᠤᠨ ᠬᠠᠯᠠᠮᠵᠢᠯᠠᠯ ᠪᠠ ᠰᠣᠯᠢᠯᠴᠠᠭ᠎ᠠ ᠶᠢ ᠴᠢᠩᠭᠠᠳᠬᠠᠵᠤ᠂ ᠨᠤᠲᠤᠭ ᠲᠠᠭᠠᠨ | ᠪᠤᠴᠠᠭᠰᠠᠨ ᠰᠤᠷᠤᠭᠴᠢᠳ ᠤᠨ ᠰᠡᠳᠬᠢᠯ ᠢ ᠳᠤᠯᠠᠭᠠᠴᠠᠭᠤᠯᠬᠤ᠂ ᠭᠡᠷ ᠤᠨ ᠠᠬᠠᠮᠠᠳ ᠢ ᠰᠠᠨᠠᠭ᠎ᠠ ᠠᠮᠤᠷ ᠪᠠᠶᠢᠯᠭᠠᠬᠤ᠂ | ᠨᠡᠶᠢᠭᠡᠮ ᠢ ᠰᠠᠨᠠᠭ᠎ᠠ ᠠᠮᠤᠷ ᠪᠠᠶᠢᠯᠭᠠᠬᠤ ᠬᠡᠷᠡᠭᠲᠡᠢ ᠭᠡᠵᠡᠢ᠃ | | ᠵᠠᠯᠠᠨ ᠠᠶᠢᠯ ᠬᠤᠳᠠ ᠶᠢᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠤᠨ | ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠸᠠᠩ ᠪᠥᠸᠧ ᠪᠠᠷᠢᠯᠭ᠎ᠠ ᠶᠢᠨ ᠠᠬᠢᠴᠠ ᠶᠢᠨ ᠪᠠᠶᠢᠳᠠᠯ ᠢ ᠨᠠᠷᠢᠨ | ᠣᠶᠢᠯᠠᠭᠠᠪᠠ᠃ ᠲᠡᠷᠡ᠂ ᠴᠥᠮ᠎ᠡ ᠶᠢᠨ ᠬᠦᠴᠢᠯ ᠢ ᠪᠠᠶᠢᠴᠠᠭᠠᠨ ᠰᠢᠯᠭᠠᠬᠤ ᠴᠢᠳᠠᠪᠤᠷᠢ ᠪᠣᠯ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠭᠤᠣᠯ ᠴᠢᠳᠠᠪᠤᠷᠢ ᠪᠣᠯᠤᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠠᠯᠠᠨ | ᠠᠶᠢᠯ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠦᠴᠢᠷᠳᠡᠯ ᠢ ᠢᠯᠠᠨ ᠳᠠᠪᠠᠵᠤ᠂ ᠠᠵᠢᠯ ᠤᠨ ᠡᠷᠴᠢᠮ ᠢᠶᠠᠨ | ᠴᠢᠩᠭᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ ᠪᠠᠷᠢᠯᠭ᠎ᠠ ᠪᠠᠷᠢᠵᠤ᠂ ᠥᠨᠳᠥᠷ | ᠪᠦᠲᠦᠮᠵᠢᠲᠡᠢ ᠪᠠᠷ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ᠂ ᠴᠢᠨᠠᠷ ᠢ | ᠪᠠᠲᠤᠯᠠᠨ ᠪᠡᠶᠡᠯᠡᠭᠦᠯᠬᠦ ᠶᠢ ᠪᠠᠲᠤᠯᠠᠵᠤ᠂ ᠪᠦᠬᠦ ᠬᠤᠳᠠ ᠶᠢᠨ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠤ ᠶᠢᠨ | ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ |