︽ᠮᠥᠩᠬᠡ ᠰᠤᠪᠠᠭ︾ APP ᠶᠢ ᠪᠠᠭᠤᠯᠭᠠᠨ ᠠᠪᠴᠤ ᠳᠠᠩᠰᠠᠯᠠᠬᠤ ᠪᠠ ᠬᠡᠷᠡᠭᠯᠡᠵᠦ ᠨᠡᠭᠡᠭᠡᠨ ᠬᠥᠭᠵᠢᠭᠦᠯᠬᠦ ᠠᠵᠢᠯ ᠢ ᠠᠬᠢᠭᠤᠯᠬᠤ ᠲᠤᠬᠠᠶ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ ︵ᠨᠢᠭᠡ︶
ᠨᠡᠶᠢᠲᠡᠯᠡᠭᠰᠡᠨ ᠴᠠᠭ᠄
2022/11/8
   ᠡᠯ᠎ᠡ ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠥᠯᠥᠨ ᠪᠤᠶᠢᠷ ᠬᠤᠲᠠ ᠳᠤ ᠰᠠᠭᠤᠭ᠎ᠠ ᠡᠯ᠎ᠡ ᠨᠢᠭᠡᠴᠢ ᠳᠤ᠄    ︽ᠮᠥᠩᠬᠡ ᠰᠤᠪᠠᠭ︾ APP ᠪᠣᠯ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠤᠨ ᠨᠢᠭᠡᠳᠦᠯᠲᠡᠶ ᠰᠢᠯᠵᠢᠮᠡᠯ ᠦᠵᠦᠭᠦᠷ ᠤᠨ ᠦᠢᠯᠡᠴᠢᠯᠡᠬᠡᠨ ᠤ ᠴᠣᠩᠬᠤᠪᠴᠢ ᠪᠠᠶᠢᠵᠤ᠂ ᠠᠵᠤ ᠠᠬᠤᠶᠢᠯᠠᠯ᠂ ᠣᠯᠠᠨ ᠲᠦᠮᠡᠨ ᠤ ︽ᠠᠯᠠᠭᠠᠨ ᠳᠡᠭᠡᠷ᠎ᠡ ᠭᠦᠢᠴᠡᠳᠬᠡᠬᠦ᠂ ᠬᠤᠷᠤᠭᠤᠨ ᠦᠵᠦᠭᠦᠷ ᠢᠶᠠᠷ ᠭᠦᠢᠴᠡᠳᠬᠡᠬᠦ︾ ᠶᠢ ᠪᠡᠶᠡᠯᠡᠭᠦᠯᠬᠦ ᠳᠤ ᠳᠥᠭᠦᠮ ᠬᠠᠩᠭᠠᠨ᠎ᠠ᠃ ᠥᠪᠡᠷᠲᠡᠭᠡᠨ ᠵᠠᠰᠠᠬᠤ ᠣᠷᠣᠨ ᠡᠨᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠠᠶᠢᠮᠠᠭ ᠬᠤᠲᠠ ᠶᠢᠨ ᠳᠠᠩᠰᠠᠯᠠᠭᠤᠯᠤᠭᠰᠠᠨ ᠨᠣᠷᠮ᠎ᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠪᠡ᠃ ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠶᠢᠰᠦᠳᠦᠭᠡᠷ ᠤᠳᠠᠭᠠᠨ ᠤ ᠬᠤᠷᠠᠯ ᠠᠴᠠ ᠲᠣᠳᠣᠷᠬᠠᠶ ᠱᠠᠭᠠᠷᠳᠠᠭᠰᠠᠨ ᠨᠢ᠄ ᠡᠨᠡ ᠵᠢᠯ ᠤᠨ 6 ᠰᠠᠷ᠎ᠠ ᠶᠢᠨ ᠰᠡᠭᠦᠯᠴᠢ ᠪᠠᠷ ᠮᠠᠨ ᠤ ᠬᠤᠲᠠ ᠶᠢᠨ ︽ᠮᠥᠩᠬᠡ ᠰᠤᠪᠠᠭ︾ APP        ᠶᠢᠨ ᠳᠠᠩᠰᠠᠯᠠᠭᠤᠯᠤᠭᠰᠠᠨ ᠨᠣᠷᠮ᠎ᠠ ᠶᠢ ᠪᠥᠬᠦ ᠣᠷᠣᠨ ᠤ ᠳᠤᠮᠳᠠᠴᠢ ᠬᠢᠷᠢ ᠲᠦᠪᠰᠢᠨ ᠳᠤ ᠬᠦᠷᠭᠡᠬᠦ ᠬᠡᠷᠡᠭᠲᠡᠶ᠃ ᠬᠤᠲᠠ ᠶᠢᠨ ᠵᠠᠰᠠᠭ ᠤᠨ ᠣᠷᠳᠣᠨ ᠤ 2022 ᠣᠨ ᠤ 11 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠠᠴᠠ᠄ ᠡᠯ᠎ᠡ ᠬᠤᠰᠢᠭᠤ ᠬᠤᠲᠠ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠳᠠᠩᠰᠠᠯᠠᠭᠤᠯᠤᠭᠰᠠᠨ ᠪᠠᠶᠢᠳᠠᠯ ᠢ ᠮᠡᠳᠡᠭᠳᠡᠬᠦ ᠬᠡᠷᠡᠭᠲᠡᠶ᠃ ᠣᠳᠣᠬᠠᠨ ᠳᠤ᠂ ᠮᠠᠨ ᠤ ᠬᠤᠲᠠ ᠶᠢᠨ ︽ᠮᠥᠩᠬᠡ ᠰᠤᠪᠠᠭ︾ APP        ᠶᠢᠨ ᠬᠡᠷᠡᠭᠯᠡᠭᠴᠢ ᠶᠢᠨ ᠳᠠᠩᠰᠠᠯᠠᠭᠤᠯᠤᠭᠰᠠᠨ ᠨᠣᠷᠮ᠎ᠠ ᠨᠢ 31.8% ᠪᠠᠶᠢᠵᠤ᠂ ᠪᠥᠬᠦ ᠣᠷᠣᠨ ᠤ ᠠᠶᠢᠮᠠᠭ ᠬᠤᠲᠠ ᠶᠢᠨ ᠳᠣᠲᠣᠷ᠎ᠠ ᠬᠤᠶᠢᠨ᠎ᠠ ᠠᠴᠠ ᠨᠢ ᠨᠢᠭᠡᠳᠦᠭᠡᠷ ᠲᠤ ᠵᠢᠭᠰᠠᠭᠠᠭᠳᠠᠵᠤ᠂ ᠨᠡᠷᠡᠰ ᠤᠨ ᠵᠢᠭᠰᠠᠭᠠᠯᠲᠠ ᠶᠢᠨ ᠨᠢᠭᠡᠳᠦᠭᠡᠷ ᠳᠠᠩᠰᠠᠯᠠᠭᠰᠠᠨ ᠨᠣᠷᠮ᠎ᠠ ︵58%︶  ᠯᠤᠭ᠎ᠠ ᠶᠢᠨ ᠵᠥᠷᠢᠶ᠎ᠡ ᠨᠢ ᠮᠠᠰᠢ ᠶᠡᠭᠡ ᠮᠥᠷᠲᠡᠭᠡᠨ ︽ᠮᠥᠩᠬᠡ ᠰᠤᠪᠠᠭ︾ APP        ᠶᠢᠨ ᠭᠦᠢᠴᠡᠳᠬᠡᠵᠦ ᠪᠣᠯᠬᠤ ᠲᠥᠷᠥᠯ ᠤᠨ ᠬᠡᠷᠡᠭᠯᠡᠭᠡᠨ ᠤ ᠨᠡᠭᠡᠭᠡᠯᠲᠡ ᠶᠢᠨ ᠲᠤᠭ᠎ᠠ ᠬᠡᠮᠵᠢᠶ᠎ᠡ ᠨᠢ ᠨᠡᠯᠢᠶᠡᠳ ᠪᠠᠭ᠎ᠠ ᠪᠠᠶᠢᠨ᠎ᠠ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ︽ᠮᠥᠩᠬᠡ ᠰᠤᠪᠠᠭ︾ APP        ᠶᠢᠨ ᠳᠡᠩᠰᠡᠯᠡᠨ ᠲᠡᠮᠳᠡᠭᠯᠡᠬᠦ ᠨᠣᠷᠮ᠎ᠠ ᠶᠢ ᠳᠡᠭᠡᠭᠰᠢᠯᠡᠭᠦᠯᠵᠦ᠂ ᠰᠢᠯᠵᠢᠮᠡᠯ ᠦᠵᠦᠭᠦᠷ ᠤᠨ ᠬᠡᠷᠡᠭᠯᠡᠯᠲᠡ ᠶᠢᠨ ᠨᠡᠭᠡᠭᠡᠨ ᠬᠥᠭᠵᠢᠭᠦᠯᠦᠯᠲᠡ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠪᠥᠬᠦ ᠬᠤᠲᠠ ᠶᠢᠨ ᠡᠯ᠎ᠡ ᠱᠠᠲᠤᠨ ᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠢᠭᠡᠴᠢ ᠨᠢ ᠪᠣᠳᠠᠲᠠᠶ ᠶᠢ ᠡᠷᠬᠢᠮᠯᠡᠭᠰᠡᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ︽ᠮᠥᠩᠬᠡ ᠰᠤᠪᠠᠭ︾ APP       ᠶᠢᠨ ᠳᠡᠩᠰᠡᠯᠡᠨ ᠲᠡᠮᠳᠡᠭᠯᠡᠬᠦ ᠪᠠ ᠬᠡᠷᠡᠭᠯᠡᠯᠲᠡ ᠶᠢᠨ ᠨᠡᠭᠡᠭᠡᠨ ᠬᠥᠭᠵᠢᠭᠦᠯᠬᠦ ᠠᠵᠢᠯ ᠢ ᠠᠬᠢᠭᠤᠯᠬᠤ ᠬᠡᠷᠡᠭᠲᠡᠶ ᠭᠡᠵᠦ ᠱᠠᠭᠠᠷᠳᠠᠵᠠᠢ᠃
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ