︽ᠮᠥᠩᠬᠡ ᠰᠤᠪᠠᠭ︾ APP ᠶᠢ ᠪᠠᠭᠤᠯᠭᠠᠨ ᠠᠪᠴᠤ ᠳᠠᠩᠰᠠᠯᠠᠬᠤ ᠪᠠ ᠬᠡᠷᠡᠭᠯᠡᠵᠦ ᠨᠡᠭᠡᠭᠡᠨ ᠬᠥᠭᠵᠢᠭᠦᠯᠬᠦ ᠠᠵᠢᠯ ᠢ ᠠᠬᠢᠭᠤᠯᠬᠤ ᠲᠤᠬᠠᠶ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ ︵ᠬᠤᠶᠠᠷ︶
ᠨᠡᠶᠢᠲᠡᠯᠡᠭᠰᠡᠨ ᠴᠠᠭ᠄
2022/11/8
    ᠨᠢᠭᠡ᠂ ᠡᠯ᠎ᠡ ᠬᠤᠰᠢᠭᠤ ᠬᠤᠲᠠ ᠲᠣᠭᠤᠷᠢᠭ ᠤᠨ ᠵᠠᠰᠠᠭ ᠤᠨ ᠣᠷᠳᠣᠨ ᠨᠢ ︽ᠮᠥᠩᠬᠡ ᠰᠤᠪᠠᠭ︾ APP        ᠶᠢᠨ ᠳᠠᠩᠰᠠᠯᠠᠭᠤᠯᠬᠤ ᠠᠵᠢᠯ ᠳᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠠᠷᠢᠶ᠎ᠠ ᠣᠷᠣᠨ ᠤ ᠬᠠᠷᠢᠶ᠎ᠠ ᠰᠠᠯᠠᠭ᠎ᠠ ᠮᠥᠴᠢᠷ᠂ ᠨᠢᠭᠡᠴᠢ ᠶᠢᠨ ᠠᠵᠢᠯᠲᠠᠨ ᠠᠵᠢᠯᠴᠢᠨ ᠤ ︽ᠮᠥᠩᠬᠡ ᠰᠤᠪᠠᠭ︾ APP        ᠶᠢ ᠪᠦᠬᠦᠳᠡᠭᠡᠷ ᠳᠠᠩᠰᠠᠯᠠᠬᠤ ᠶᠢ ᠪᠡᠶᠡᠯᠡᠭᠦᠯᠬᠦ ᠬᠡᠷᠡᠭᠲᠡᠶ᠃ ᠰᠢᠶᠠᠩ ᠪᠠᠯᠭᠠᠰᠤ ︵ᠰᠤᠮᠤ︶ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠲᠣᠰᠬᠤᠨ ︵ᠭᠠᠴᠠᠭ᠎ᠠ︶ ᠨᠡᠶᠢᠭᠡᠮ ᠲᠣᠭᠤᠷᠢᠭ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠤᠨ᠂ ᠥᠷᠭᠡᠨ ᠣᠯᠠᠨ ᠲᠦᠮᠡᠨ ᠢ ᠵᠣᠬᠢᠶᠠᠨ ᠪᠠᠶᠢᠭᠤᠯᠤᠨ ︽ᠮᠥᠩᠬᠡ ᠰᠤᠪᠠᠭ︾ APP        ᠶᠢ ᠳᠠᠩᠰᠠᠯᠠᠭᠤᠯᠵᠤ᠂ ᠳᠠᠩᠰᠠᠯᠠᠭᠤᠯᠤᠭᠰᠠᠨ ᠨᠣᠷᠮ᠎ᠠ ᠶᠢᠨ ᠭᠦᠢᠴᠡᠳᠬᠡᠯ ᠲᠤᠭ᠎ᠠ ᠶᠢᠨ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠦᠨ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠠᠩᠰᠠᠯᠠᠭᠤᠯᠤᠭᠰᠠᠨ ᠨᠣᠷᠮ᠎ᠠ ᠶᠢ 50%        ᠠᠴᠠ ᠳᠡᠭᠡᠭᠰᠢ ᠳᠤ ᠬᠦᠷᠦᠭᠦᠯᠵᠦ᠂ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠠᠩᠰᠠᠯᠠᠭᠤᠯᠤᠭᠰᠠᠨ ᠨᠣᠷᠮ᠎ᠠ ᠶᠢ 70%        ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠬᠤ ᠬᠡᠷᠡᠭᠲᠡᠶ᠃    ᠬᠤᠶᠠᠷ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠨᠢ ᠲᠣᠰ ᠨᠢᠭᠡᠴᠢ ᠲᠤᠰ ᠰᠢᠰᠲ᠋ᠧᠮ ᠤᠨ ︽ᠮᠦᠩᠭᠡ ᠰᠤᠪᠠᠭ︾ APP      ᠶᠢ ᠳᠠᠩᠰᠠᠯᠠᠭᠤᠯᠬᠤ ᠠᠵᠢᠯ ᠢ ᠰᠢᠭᠤᠳ ᠬᠠᠷᠢᠭᠤᠴᠠᠵᠤ᠂ 5 ᠰᠠᠷ᠎ᠠ ᠶᠢᠨ 15      ᠠᠴᠠ ᠡᠮᠦᠨ᠎ᠡ ᠠᠵᠢᠯᠯᠠᠵᠤ ᠪᠠᠶᠢᠭ᠎ᠠ ᠠᠵᠢᠯᠳᠠᠳ ᠤᠨ ᠳᠠᠩᠰᠠᠯᠠᠭᠤᠯᠤᠭᠰᠠᠨ ᠨᠤᠷᠮ᠎ᠠ ᠶᠢ 100%      ᠳᠤ ᠬᠦᠷᠭᠡᠨ᠎ᠡ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠪᠡᠶ᠎ᠡ ᠶᠢᠨ ᠠᠵᠢᠯ ᠲᠥᠷᠥᠯ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠦᠢᠯᠡᠴᠢᠯᠡᠬᠦ ᠡᠲᠡᠭᠡᠳ᠂ ᠬᠠᠮᠢᠶᠠᠷᠬᠤ ᠡᠲᠡᠭᠡᠳ ᠤᠨ ︽ᠮᠥᠩᠬᠡ ᠰᠤᠪᠠᠭ︾ APP      ᠶᠢ ᠳᠠᠩᠰᠠᠯᠠᠭᠤᠯᠬᠤ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠶᠢ ᠴᠢᠭᠯᠡᠭᠦᠯᠬᠦ ᠴᠢᠨᠠᠷᠲᠠᠶ ᠪᠠᠷ ᠲᠣᠭᠲᠠᠭᠠᠵᠤ᠂ ᠲᠣᠰ ᠠᠵᠢᠯ ᠲᠥᠷᠥᠯ᠂ ᠲᠣᠰ ᠰᠢᠰᠲ᠋ᠧᠮ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃    ᠭᠤᠷᠪᠠ᠂ ᠠᠵᠤ ᠠᠬᠤᠶᠢᠯᠠᠯ ᠤᠨ ︽ᠮᠥᠩᠬᠡ ᠰᠤᠪᠠᠭ︾ APP      ᠶᠢ ᠪᠠᠭᠤᠯᠭᠠᠵᠤ ᠳᠠᠩᠰᠠᠯᠠᠭᠤᠯᠬᠤ ᠶᠢ ᠰᠠᠨᠠᠭᠠᠴᠢᠯᠠᠨ᠎ᠠ᠃ ᠠᠵᠤ ᠠᠬᠤᠶᠢᠯᠠᠯ ᠤᠳ ᠪᠦᠬᠦ ᠠᠵᠢᠯᠲᠠᠨ ᠠᠵᠢᠯᠴᠢᠨ ᠤ ᠢᠳᠡᠪᠬᠢᠲᠡᠶ ᠪᠠᠷ ᠳᠠᠩᠰᠠᠯᠠᠭᠤᠯᠬᠤ ᠶᠢ ᠰᠠᠨᠠᠭᠠᠴᠢᠯᠠᠭ᠎ᠠ ᠠᠴᠠ ᠪᠠᠨ ᠬᠥᠲᠥᠯᠥᠨ ᠵᠢᠯᠤᠭᠤᠳᠤᠨ᠎ᠠ᠃ ᠬᠤᠲᠠ ᠶᠢᠨ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠵᠥᠪᠯᠡᠯ ᠨᠢ ᠬᠤᠲᠠ ᠶᠢᠨ ᠬᠠᠷᠢᠶ᠎ᠠ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠳᠠᠩᠰᠠᠯᠠᠭᠤᠯᠤᠭᠰᠠᠨ ᠪᠠᠶᠢᠳᠠᠯ ᠢ ᠪᠦᠷᠢᠳᠬᠡᠨ ᠮᠡᠳᠡᠭᠦᠯᠬᠦ ᠶᠢ ᠬᠠᠷᠢᠭᠤᠴᠠᠵᠤ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠬᠤᠲᠠ ᠶᠢᠨ ᠠᠵᠤ ᠦᠢᠯᠡᠳᠪᠦᠷᠢ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠪᠠᠶᠢᠳᠠᠯ ᠢ ᠪᠦᠷᠢᠳᠬᠡᠨ ᠮᠡᠳᠡᠭᠦᠯᠬᠦ ᠶᠢ ᠬᠠᠷᠢᠭᠤᠴᠠᠵᠤ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠨᠢ ᠬᠤᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠦᠷᠢᠯᠳᠦᠬᠦᠨ ᠨᠢᠭᠡᠴᠢ ᠶᠢᠨ ᠳᠠᠩᠰᠠᠯᠠᠭᠤᠯᠤᠭᠰᠠᠨ ᠪᠠᠶᠢᠳᠠᠯ ᠢ ᠪᠦᠷᠢᠳᠬᠡᠨ ᠮᠡᠳᠡᠭᠦᠯᠬᠦ ᠶᠢ ᠬᠠᠷᠢᠭᠤᠴᠠᠵᠤ᠂ ᠬᠤᠲᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ ᠨᠢ ᠡᠯ᠎ᠡ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠪᠠᠶᠢᠳᠠᠯ ᠢ ᠪᠦᠷᠢᠳᠬᠡᠨ ᠮᠡᠳᠡᠭᠦᠯᠬᠦ ᠶᠢ ᠬᠠᠷᠢᠭᠤᠴᠠᠵᠤ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠡᠯ᠎ᠡ ᠪᠠᠷᠢᠯᠭ᠎ᠠ ᠶᠢᠨ ᠠᠵᠤ ᠠᠬᠤᠶᠢᠯᠠᠯ ᠵᠢᠴᠢ ᠠᠳᠠᠯ ᠠᠬᠤᠢ ᠶᠢᠨ ᠺᠣᠮᠫᠠᠨᠢ ᠶᠢᠨ ᠳᠠᠩᠰᠠᠯᠠᠭᠤᠯᠤᠭᠰᠠᠨ ᠪᠠᠶᠢᠳᠠᠯ ᠢ ᠪᠦᠷᠢᠳᠬᠡᠨ ᠮᠡᠳᠡᠭᠦᠯᠬᠦ ᠶᠢ ᠬᠠᠷᠢᠭᠤᠴᠠᠨ᠎ᠠ᠃
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ