︽ᠮᠥᠩᠬᠡ ᠰᠤᠪᠠᠭ︾ APP ᠶᠢ ᠪᠠᠭᠤᠯᠭᠠᠨ ᠠᠪᠴᠤ ᠳᠠᠩᠰᠠᠯᠠᠬᠤ ᠪᠠ ᠬᠡᠷᠡᠭᠯᠡᠵᠦ ᠨᠡᠭᠡᠭᠡᠨ ᠬᠥᠭᠵᠢᠭᠦᠯᠬᠦ ᠠᠵᠢᠯ ᠢ ᠠᠬᠢᠭᠤᠯᠬᠤ ᠲᠤᠬᠠᠶ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ ︵ᠭᠤᠷᠪᠠ︶
ᠨᠡᠶᠢᠲᠡᠯᠡᠭᠰᠡᠨ ᠴᠠᠭ᠄
2022/11/8
   ᠳᠥᠷᠪᠡ᠂ ᠪᠥᠬᠦ ᠬᠤᠲᠠ ᠶᠢᠨ ᠡᠯ᠎ᠡ ᠣᠯᠠᠨ ᠨᠡᠶᠢᠲᠡ ᠶᠢᠨ ᠲᠠᠯᠠᠪᠤᠷ ᠲᠤ ︽ᠮᠥᠩᠬᠡ ᠰᠤᠪᠠᠭ︾ ᠢᠶᠠᠷ ᠡᠷᠡᠭᠦᠯ ᠮᠡᠨᠳᠦ ᠶᠢᠨ ᠺᠣᠳ᠋ ᠭᠠᠷᠭᠠᠬᠤ ᠶᠢ ᠰᠠᠨᠠᠭᠠᠴᠢᠯᠠᠨ᠎ᠠ᠃ ᠡᠯ᠎ᠡ ᠬᠤᠰᠢᠭᠤ ᠬᠤᠲᠠ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠯᠪᠠᠨ ᠠᠰᠠᠷ ᠤᠨ ᠭᠤᠣᠯ ᠤᠷᠤᠴᠠ ᠭᠠᠷᠴᠠ᠂ ᠡᠯ᠎ᠡ ᠱᠠᠲᠤᠨ ᠤ ᠡᠯ᠎ᠡ ᠲᠥᠷᠥᠯ ᠤᠨ ᠦᠢᠯᠡᠴᠢᠯᠡᠭᠡᠨ ᠤ ᠲᠢᠩᠬᠢᠮ᠂ ᠭᠠᠯᠲᠤ ᠲᠡᠷᠭᠡᠨ ᠥᠷᠲᠡᠭᠡ᠂ ᠨᠢᠰᠬᠡᠯ ᠤᠨ ᠪᠠᠭᠤᠳᠠᠯ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠵᠡᠷᠭᠡ ᠬᠥᠮᠦᠰ ᠤᠨ ᠨᠡᠭᠦᠳᠡᠯ ᠨᠢᠭᠳᠠᠷᠠᠭᠰᠠᠨ ᠭᠠᠵᠠᠷ ᠲᠠᠯᠠᠪᠤᠷ ᠵᠢᠴᠢ ᠵᠣᠴᠢᠳ ᠤᠨ ᠪᠠᠭᠤᠳᠠᠯ᠂ ᠬᠤᠭᠤᠯᠠᠨ ᠭᠡᠷ᠂ ᠬᠤᠳᠠᠯᠳᠤᠭᠠᠨ ᠤ ᠲᠠᠯᠠᠪᠤᠷ ᠬᠡᠲᠦ ᠳᠡᠯᠭᠡᠭᠦᠷ ᠵᠡᠷᠭᠡ ᠭᠠᠵᠠᠷ ᠲᠠᠯᠠᠪᠤᠷ ᠲᠤ ︽ᠮᠥᠩᠬᠡ ᠰᠤᠪᠠᠭ︾ ᠡᠷᠡᠭᠦᠯ ᠮᠡᠨᠳᠦ ᠶᠢᠨ ᠺᠣᠳ᠋ ᠬᠡᠷᠡᠭᠯᠡᠬᠦ ᠶᠢ ᠰᠠᠨᠠᠭᠠᠴᠢᠯᠠᠨ᠎ᠠ᠃    ᠲᠠᠪᠤ᠂ ︽ᠮᠥᠩᠬᠡ ᠰᠤᠪᠠᠭ︾ APP      ᠶᠢᠨ ᠥᠨᠳᠥᠷ ᠳᠠᠪᠲᠠᠮᠵᠢᠲᠤ ᠣᠨᠴᠠᠯᠢᠭᠲᠤ ᠬᠡᠷᠡᠭᠯᠡᠭᠡᠨ ᠤ ᠨᠡᠭᠡᠭᠡᠨ ᠬᠥᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠵᠢᠯ ᠤᠨ ᠰᠡᠭᠦᠯᠴᠢ ᠠᠴᠠ ᠡᠮᠦᠨ᠎ᠡ᠂ ᠬᠤᠰᠢᠭᠤ ᠬᠤᠲᠠ ᠲᠣᠭᠤᠷᠢᠭ ᠨᠢᠭᠡᠪᠦᠷᠢ ᠨᠢ ᠥᠨᠳᠥᠷ ᠳᠠᠪᠲᠠᠮᠵᠢᠲᠤ ᠣᠨᠴᠠᠯᠢᠭᠲᠤ ᠬᠡᠷᠡᠭᠯᠡᠭᠡᠨ ᠢ 5        ᠠᠴᠠ ᠳᠤᠲᠠᠭᠤ ᠥᠬᠡᠶ ᠨᠡᠭᠡᠭᠡᠨ ᠬᠥᠭᠵᠢᠭᠦᠯᠬᠦ ᠬᠡᠷᠡᠭᠲᠡᠶ᠃ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ︽ᠮᠥᠩᠬᠡ ᠰᠤᠪᠠᠭ︾ ᠬᠡᠷᠡᠭᠯᠡᠭᠡᠨ ᠤ ᠨᠡᠭᠡᠭᠡᠨ ᠬᠥᠭᠵᠢᠭᠦᠯᠬᠦ ᠠᠵᠢᠯ ᠢ ᠢᠳᠡᠪᠬᠢᠲᠡᠢ ᠴᠢᠩᠭᠠᠳᠬᠠᠵᠤ᠂ ᠰᠤᠷᠭᠠᠭᠤᠯᠢ ᠳᠤ ᠣᠷᠣᠬᠤ᠂ ᠡᠷᠡᠭᠦᠯ ᠮᠡᠨᠳᠦ ᠶᠢᠨ ᠦᠨᠡᠮᠯᠡᠯ᠂ ᠠᠵᠢᠯ ᠣᠯᠭᠤᠯᠲᠠ᠂ ᠴᠡᠷᠢᠭ ᠠᠴᠠ ᠬᠠᠯᠠᠭᠳᠠᠭᠰᠠᠳ᠂ ᠵᠡᠮᠳᠡᠭᠴᠦᠳ ᠤᠨ ᠦᠨᠡᠮᠯᠡᠯ ᠢ ᠭᠦᠢᠴᠡᠳᠬᠡᠬᠦ ᠵᠡᠷᠭᠡ ᠣᠯᠠᠨ ᠲᠦᠮᠡᠨ ᠤ ᠭᠦᠢᠴᠡᠳᠬᠡᠬᠦ ᠳᠤ ᠬᠤᠯᠪᠣᠭᠳᠠᠬᠤ ᠥᠨᠳᠥᠷ ᠳᠠᠪᠲᠠᠮᠵᠢᠲᠤ ᠰᠣᠳᠣᠨ ᠵᠦᠢᠯᠡᠰ ᠤᠨ ᠣᠨᠴᠠᠯᠢᠭᠲᠤ ᠬᠡᠷᠡᠭᠯᠡᠯᠲᠡ ᠶᠢ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠦᠨ᠎ᠡ ︵ᠳᠠᠭᠠᠯᠳᠤᠭᠤᠯᠤᠯ 2        ᠢ ᠦᠵᠡ︶᠃ ᠡᠯ᠎ᠡ ᠬᠤᠰᠢᠭᠤ ᠬᠤᠲᠠ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠰᠢᠨ᠎ᠡ ᠪᠠᠷ ᠨᠡᠭᠡᠭᠡᠨ ᠬᠥᠭᠵᠢᠭᠦᠯᠦᠭᠰᠡᠨ ᠣᠨᠴᠠᠯᠢᠭᠲᠤ ᠬᠡᠷᠡᠭᠯᠡᠯᠲᠡ ᠶᠢ ᠡᠷᠬᠡᠪᠰᠢ ︽ᠮᠥᠩᠬᠡ ᠰᠤᠪᠠᠭ︾ ᠢᠶᠠᠷ ᠳᠠᠮᠵᠢᠨ ᠭᠦᠢᠴᠡᠳᠬᠡᠬᠦ ᠶᠢᠨ ᠬᠠᠮᠲᠤ᠂ ᠰᠦᠯᠵᠢᠶᠡᠨ ᠭᠠᠳᠠᠨ᠎ᠠ ᠭᠦᠢᠴᠡᠳᠬᠡᠬᠦ ᠶᠢ ᠠᠯᠬᠤᠮ ᠠᠯᠬᠤᠮ ᠢᠶᠠᠷ ᠬᠦᠴᠦᠨ ᠥᠬᠡᠶ ᠪᠣᠯᠭᠠᠵᠤ᠂ ︽ᠮᠥᠩᠬᠡ ᠰᠤᠪᠠᠭ · ᠠᠯᠠᠭᠠᠨ ᠳᠡᠭᠡᠷ᠎ᠡ ᠭᠦᠢᠴᠡᠳᠬᠡᠬᠦ︾ ᠶᠢ ᠠᠬᠢᠭᠤᠯᠬᠤ ᠬᠡᠷᠡᠭᠲᠡᠶ︔ ᠨᠢᠭᠡᠨᠲᠡ ᠪᠠᠶᠢᠭ᠎ᠠ ᠪᠤᠰᠤᠳ ᠲᠠᠪᠴᠠᠩ ᠤᠨ ᠬᠡᠷᠡᠭᠯᠡᠯᠲᠡ ᠶᠢ ︽ᠮᠥᠩᠬᠡ ᠰᠤᠪᠠᠭ︾ ᠲᠠᠪᠴᠠᠩ ᠯᠤᠭ᠎ᠠ ᠲᠥᠪᠯᠡᠷᠡᠭᠦᠯᠦᠨ ᠵᠣᠯᠭᠠᠭᠤᠯᠵᠤ᠂ ︽ᠮᠥᠩᠬᠡ ᠰᠤᠪᠠᠭ︾ APP      ᠶᠢᠨ ᠬᠡᠷᠡᠭᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃    ᠵᠢᠷᠭᠤᠭ᠎ᠠ᠂ ︽ᠮᠥᠩᠬᠡ ᠰᠤᠪᠠᠭ︾ ᠢ ᠤᠬᠠᠭᠤᠯᠤᠨ ᠳᠡᠯᠭᠡᠷᠡᠭᠦᠯᠬᠦ ᠪᠠᠨ ᠴᠢᠩᠭᠠᠳᠬᠠᠬᠤ ᠬᠡᠷᠡᠭᠲᠡᠶ᠃ ᠪᠥᠬᠦ ᠬᠤᠲᠠ ᠶᠢᠨ ᠡᠯ᠎ᠡ ᠱᠠᠲᠤᠨ ᠤ ᠰᠣᠨᠢᠨ ᠮᠡᠳᠡᠭᠡᠨ ᠤ ᠵᠠᠭᠤᠴᠢᠯᠠᠭᠤᠷ ᠤᠳ ︽ᠮᠥᠩᠬᠡ ᠰᠤᠪᠠᠭ︾ APP        ᠶᠢ ᠤᠬᠠᠭᠤᠯᠤᠨ ᠳᠡᠯᠭᠡᠷᠡᠭᠦᠯᠬᠦ ᠠᠵᠢᠯ ᠢᠶᠠᠨ ᠴᠢᠩᠭᠠᠳᠬᠠᠵᠤ᠂ ᠲᠤᠰᠬᠠᠶ ᠴᠠᠭ ᠬᠤᠭᠤᠴᠠᠭ᠎ᠠ ᠪᠠ ᠬᠡᠪᠯᠡᠯ ᠤᠨ ᠨᠢᠭᠤᠷ ᠭᠠᠷᠭᠠᠵᠤ ᠪᠠᠶᠢᠭᠠᠳ ︽ᠮᠥᠩᠬᠡ ᠰᠤᠪᠠᠭ︾ APP        ᠶᠢ ᠵᠠᠯᠭᠠᠭᠠᠳ ᠬᠡᠷᠡᠭᠯᠡᠬᠦ ᠶᠢ ᠦᠷᠭᠦᠯᠵᠢᠯᠡᠨ ᠤᠬᠠᠭᠤᠯᠬᠤ ᠬᠡᠷᠡᠭᠲᠡᠶ᠃ ᠪᠥᠬᠦ ᠬᠤᠲᠠ ᠶᠢᠨ ᠡᠯ᠎ᠡ ᠵᠠᠰᠠᠭ ᠤᠨ ᠣᠷᠳᠣᠨ ᠤ ᠰᠦᠯᠵᠢᠶ᠎ᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠨᠡᠶᠢᠲᠡ ᠶᠢᠨ ᠳ᠋ᠤᠭᠠᠷ ᠵᠡᠷᠭᠡ ᠨᠢ ᠲᠦᠷᠦᠭᠦᠦ ᠨᠢᠭᠤᠷ ᠤᠨ ᠢᠯᠡ ᠪᠠᠶᠢᠷᠢᠨ ᠳᠤ᠂ ︽ᠮᠥᠩᠬᠡ ᠰᠤᠪᠠᠭ︾ APP        ᠶᠢᠨ ᠤᠬᠠᠭᠤᠯᠭ᠎ᠠ ᠶᠢᠨ ᠠᠭᠤᠯᠭ᠎ᠠ ᠵᠢᠴᠢ ᠬᠤᠶᠠᠷ ᠬᠡᠮᠵᠢᠯᠳᠦ ᠺᠣᠳ᠋ ᠢ ᠦᠷᠭᠦᠯᠵᠢᠯᠡᠨ ᠳᠡᠯᠭᠡᠨ ᠦᠵᠡᠭᠦᠯᠵᠦ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ︽ᠮᠥᠩᠬᠡ ᠰᠤᠪᠠᠭ︾ ᠤᠨ ᠬᠠᠮᠢᠶ᠎ᠠ ᠪᠥᠬᠦᠶ ᠰᠣᠨᠢᠨ ᠮᠡᠳᠡᠭᠡᠨ ᠤ ᠡᠬᠡ ᠪᠢᠴᠢᠭ ᠢ ᠢᠳᠡᠪᠬᠢᠲᠡᠶ ᠤᠯᠠᠮᠵᠢᠯᠠᠨ ᠲᠠᠷᠬᠠᠭᠠᠵᠤ᠂ ᠡᠬᠡ ᠪᠢᠴᠢᠭ ᠤᠨ ᠲᠠᠶᠢᠯᠤᠮᠵᠢ ᠬᠢᠬᠦ ᠬᠡᠷᠡᠭᠲᠡᠶ᠃ ᠡᠯ᠎ᠡ ᠣᠯᠠᠨ ᠨᠡᠶᠢᠲᠡ ᠶᠢᠨ ᠲᠠᠯᠠᠪᠤᠷ ᠨᠢ ︽ᠮᠥᠩᠬᠡ ᠰᠤᠪᠠᠭ︾ APP ᠶ᠋᠊      ᠵᠨ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠡᠯ᠎ᠡ ᠱᠠᠲᠤᠨ ᠤ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠬᠡᠨ ᠤ ᠲᠢᠩᠬᠢᠮ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ᠂ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ ᠬᠡᠲᠦ ᠳᠡᠯᠭᠡᠭᠦᠷ ᠵᠡᠷᠭᠡ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠲᠤ ᠤᠬᠠᠭᠤᠯᠭ᠎ᠠ ᠶᠢᠨ ᠵᠠᠷᠯᠠᠯ ᠨᠠᠭᠠᠬᠤ᠂ ᠢ ᠯᠡ ᠪᠦᠦ ᠭᠠᠷᠭᠠᠬᠤ᠂ ᠴᠠᠬᠢᠮ ᠳᠡᠯᠭᠡᠴᠡ ᠨᠡᠪᠲᠡᠷᠡᠭᠦᠯᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠵᠤ᠂ ︽ᠮᠥᠩᠬᠡ ᠰᠤᠪᠠᠭ︾ APP        ᠶᠢᠨ ᠮᠡᠳᠡᠴᠡ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ