︽ᠮᠥᠩᠬᠡ ᠰᠤᠪᠠᠭ︾ APP ᠶᠢ ᠪᠠᠭᠤᠯᠭᠠᠨ ᠠᠪᠴᠤ ᠳᠠᠩᠰᠠᠯᠠᠬᠤ ᠪᠠ ᠬᠡᠷᠡᠭᠯᠡᠵᠦ ᠨᠡᠭᠡᠭᠡᠨ ᠬᠥᠭᠵᠢᠭᠦᠯᠬᠦ ᠠᠵᠢᠯ ᠢ ᠠᠬᠢᠭᠤᠯᠬᠤ ᠲᠤᠬᠠᠶ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ ︵ᠳᠦᠷᠪᠡ︶
ᠨᠡᠶᠢᠲᠡᠯᠡᠭᠰᠡᠨ ᠴᠠᠭ᠄
2022/11/8
   ᠳᠣᠯᠤᠭ᠎ᠠ᠂ ᠡᠨᠡᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠬᠤ ᠬᠡᠷᠡᠭᠲᠡᠶ᠃ ᠨᠢᠭᠡ ᠳᠤ᠂ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠪᠤᠳᠠᠳᠠᠶᠢᠵᠢᠭᠤᠯᠤᠨ᠎ᠠ᠃ ᠡᠯ᠎ᠡ ᠬᠤᠰᠢᠭᠤ ᠬᠤᠲᠠ ᠲᠣᠭᠤᠷᠢᠭ᠂ ᠡᠯ᠎ᠡ ᠰᠠᠯᠠᠭ᠎ᠠ ᠮᠥᠴᠢᠷ ᠤᠳ ︽ᠠᠷᠠᠳ ᠲᠦᠮᠡᠨ ᠢᠶᠠᠷ ᠭᠤᠤᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠮᠥᠩᠬᠡ ᠰᠤᠪᠠᠭ︾ APP      ᠶᠢᠨ ᠬᠡᠷᠡᠭᠯᠡᠭᠴᠢ ᠶᠢ ᠳᠠᠩᠰᠠᠯᠠᠬᠤ ᠪᠠ ᠬᠡᠷᠡᠭᠯᠡᠵᠦ ᠨᠡᠭᠡᠭᠡᠨ ᠬᠥᠭᠵᠢᠭᠦᠯᠬᠦ ᠠᠵᠢᠯ ᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠨ ᠠᠬᠢᠭᠤᠯᠬᠤ ᠬᠡᠷᠡᠭᠲᠡᠶ᠃ ᠬᠤᠶᠠᠷ ᠲᠤ ᠰᠢᠮᠳᠠᠭᠤᠯᠤᠨ ᠪᠠᠶᠢᠴᠠᠭᠠᠬᠤ ᠶᠢ ᠴᠢᠩᠭᠠᠷᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠬᠦ ᠬᠡᠷᠡᠭᠲᠡᠶ᠃ ᠲᠣᠰ ᠠᠵᠢᠯ ᠢ ᠨᠢᠭᠡᠨᠲᠡ ᠬᠤᠲᠠ ᠶᠢᠨ ᠨᠠᠮ ᠤᠨ ᠬᠤᠷᠢᠶᠠᠨ ᠤ ᠪᠠᠶᠢᠩᠭᠤᠵᠢᠭᠰᠠᠨ ᠶᠡᠭᠡ ᠱᠠᠯᠠᠪᠳᠠᠭᠤᠯᠤᠨ ᠪᠠᠶᠢᠴᠠᠭᠠᠬᠤ ᠡᠭᠦᠷᠭᠡ ᠶᠢᠨ ᠨᠠᠷᠢᠨ ᠳᠠᠩᠰᠠ ᠳᠤ ᠣᠷᠣᠭᠤᠯᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠰᠢᠭᠤ ᠬᠤᠲᠠ ᠲᠣᠭᠤᠷᠢᠭ ᠪᠠ ᠰᠠᠯᠠᠭ᠎ᠠ ᠮᠥᠴᠢᠷ ᠲᠤ ᠲᠤᠰᠬᠠᠶ ᠰᠢᠮᠳᠠᠭᠤᠯᠤᠨ ᠪᠠᠶᠢᠴᠠᠭᠠᠬᠤ ᠪᠠᠶᠢᠴᠠᠭᠠᠯᠲᠠ ᠬᠢᠨ᠎ᠠ᠃    ᠬᠤᠲᠠ ᠶᠢᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠭᠡᠷ ᠬᠠᠭᠠᠰ ᠰᠠᠷ᠎ᠠ ᠶᠢᠨ ᠵᠠᠷᠯᠠᠨ ᠮᠡᠳᠡᠭᠳᠡᠬᠦ ᠲᠦᠷᠢᠮ ᠢ ᠪᠠᠶᠢᠭᠤᠯᠵᠤ᠂ ᠬᠠᠭᠠᠰ ᠰᠠᠷ᠎ᠠ ᠪᠦᠷᠢ ᠡᠯ᠎ᠡ ᠬᠤᠰᠢᠭᠤ ᠬᠤᠲᠠ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠠᠵᠢᠯ ᠤᠨ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠬᠦ ᠶᠢᠨ ᠬᠠᠮᠲᠤ ᠵᠠᠷᠯᠠᠨ ᠮᠡᠳᠡᠭᠳᠡᠭᠰᠡᠨ ᠦᠷ᠎ᠡ ᠳ᠋ᠦᠩ ᠢᠶᠠᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠳᠤ ᠮᠡᠳᠡᠭᠦᠯᠦᠨ ᠬᠦᠷᠭᠡᠵᠦ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠬᠠᠭᠤᠯᠤᠨ ᠬᠦᠷᠭᠡᠨ᠎ᠡ᠃ ᠭᠤᠷᠪᠠ ᠳᠤ ᠰᠢᠯᠭᠠᠨ ᠬᠢᠨᠠᠬᠤ ᠳᠤ ᠣᠷᠣᠭᠤᠯᠵᠤ᠂ ᠬᠡᠷᠡᠭᠯᠡᠯᠳᠡ ᠶᠢ ᠴᠢᠩᠭᠠᠷᠠᠭᠤᠯᠤᠨ᠎ᠠ᠃ ︽ᠮᠥᠩᠬᠡ ᠰᠤᠪᠠᠭ︾ APP      ᠶᠢᠨ ᠳᠠᠩᠰᠠᠯᠠᠭᠤᠯᠬᠤ ᠠᠵᠢᠯ ᠤᠨ ᠪᠠᠶᠢᠳᠠᠯ ᠢ ᠬᠤᠰᠢᠭᠤ ᠬᠤᠲᠠ ᠲᠣᠭᠤᠷᠢᠭ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠲᠥᠷᠥᠯ ᠤᠨ ᠠᠵᠢᠯ ᠤᠨ ᠰᠠᠯᠠᠭ᠎ᠠ ᠮᠥᠴᠢᠷ ︵ᠨᠢᠭᠡᠴᠢ︶ ᠤᠨ ᠤᠳᠤᠷᠢᠳᠬᠤ ᠪᠠᠭ ᠤᠨ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠰᠢᠯᠭᠠᠨ ᠪᠠᠶᠢᠴᠠᠭᠠᠬᠤ ᠨᠢᠭᠡ ᠵᠦᠢᠯ ᠤᠨ ᠴᠢᠬᠤᠯᠠ ᠭᠦᠢᠴᠡᠳᠬᠡᠯ ᠲᠤᠭ᠎ᠠ ᠪᠣᠯᠭᠠᠨ᠎ᠠ᠃ ᠤᠳᠤᠷᠢᠳᠤᠯᠭ᠎ᠠ ᠴᠢᠬᠤᠯᠠᠴᠢᠯᠠᠬᠤ ᠦᠭᠡᠶ᠂ ᠠᠵᠢᠯ ᠢᠶᠠᠨ ᠪᠣᠳᠠᠲᠠᠶᠢᠵᠢᠭᠤᠯᠤᠭᠰᠠᠨ ᠦᠭᠡᠶ᠂ ᠱᠠᠭᠠᠷᠳᠠᠯᠭ᠎ᠠ ᠶᠣᠰᠣᠭᠠᠷ ᠪᠡᠶᠡᠯᠡᠭᠦᠯᠦᠭᠰᠡᠨ ᠦᠭᠡᠶ ᠬᠤᠰᠢᠭᠤ ᠬᠤᠲᠠ ᠲᠣᠭᠤᠷᠢᠭ ᠪᠣᠯᠤᠨ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠵᠠᠷᠯᠠᠨ ᠰᠢᠭᠦᠮᠵᠢᠯᠡᠬᠦ ᠶᠢᠨ ᠬᠠᠮᠲᠤ ᠭᠤᠣᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠨ᠎ᠠ᠃     ᠳᠠᠭᠠᠯᠳᠤᠭᠤᠯᠤᠯ᠄    1. ︽ᠮᠥᠩᠬᠡ ᠰᠤᠪᠠᠭ︾ APP      ᠢ ᠪᠠᠭᠤᠯᠭᠠᠵᠤ ᠳᠠᠩᠰᠠᠯᠠᠬᠤ ᠠᠷᠭ᠎ᠠ᠃    2. 2022 ᠣᠨ ᠤ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ︽ᠮᠥᠩᠬᠡ ᠰᠤᠪᠠᠭ︾ APP ᠶᠢᠨ ᠬᠡᠷᠡᠭᠯᠡᠭᠡᠨ ᠤ ᠨᠡᠭᠡᠭᠡᠨ ᠬᠥᠭᠵᠢᠭᠦᠯᠬᠦ ᠡᠭᠦᠷᠭᠡ ᠶᠢᠨ ᠨᠠᠷᠢᠨ ᠳᠠᠩᠰᠠ᠃                  2022 ᠣᠨ ᠤ 5 ᠰᠠᠷ᠎ᠠ      ᠶᠢᠨ 13      ᠤ ᠡᠳᠦᠷ᠃ ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ