ᠮᠠᠨ ᠤ ᠣᠷᠣᠨ ︽ᠨᠡᠮᠡᠬᠦ︾ ︽ᠬᠠᠰᠤᠬᠤ︾ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2022/11/9
   ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠶᠢᠨ ᠬᠠᠮᠤᠭ ᠤᠨ ᠰᠢᠨ᠎ᠡ ᠮᠡᠳᠡᠭᠡ᠄ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠲᠡᠷᠭᠡ ᠬᠦᠰᠡᠭᠡ ᠶᠢᠨ ᠲᠡᠭᠡᠭᠡᠪᠦᠷᠢ ᠶᠢᠨ ᠥᠪᠡᠷ ᠤᠨ ᠥᠷᠲᠡᠭ ᠢ ᠦᠨᠡᠨ ᠬᠦ ᠪᠠᠭᠤᠷᠠᠭᠤᠯᠬᠤ ᠶᠢᠨ ᠲᠤᠯᠠᠳᠠ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠶᠢᠨ ︽ᠨᠡᠮᠡᠬᠦ︾ ︽ᠬᠠᠰᠤᠬᠤ︾ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠵᠤ ᠪᠠᠶᠢᠨ᠎ᠠ᠃    ︽ᠨᠡᠮᠡᠬᠦ︾ ᠭᠡᠳᠡᠭ ᠨᠢ ᠳᠠᠷᠤᠢ ᠦᠢᠯᠡᠴᠢᠯᠡᠭᠡ ᠶᠢ ︽ᠨᠡᠮᠠᠨ ᠰᠠᠶᠢᠵᠢᠷᠡᠭᠤᠯᠬᠤ︾ — ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠶᠢᠨ ᠬᠢᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠡᠳᠦᠷ ᠪᠦᠷᠢ ᠶᠢᠨ ᠪᠥᠬᠦ ᠣᠷᠣᠨ ᠤ ᠥᠨᠳᠥᠷ ᠬᠤᠷᠳᠤᠴᠠᠲᠤ ᠵᠠᠰᠠᠮᠠᠯ ᠵᠠᠮ ᠤᠨ ᠰᠦᠢᠳᠬᠡᠯ ᠬᠤᠷᠢᠶᠠᠬᠤ ᠥᠷᠲᠡᠭᠡᠨ ᠤ ᠲᠦᠭᠵᠢᠷᠡᠨ ᠤᠳᠠᠭᠠᠰᠢᠷᠠᠵᠤ ᠪᠠᠶᠢᠭ᠎ᠠ ᠪᠠᠶᠢᠳᠠᠯ ᠢ ᠬᠢᠨᠠᠨ ᠰᠢᠨᠵᠢᠯᠡᠵᠦ᠂ ᠭᠤᠣᠯᠳᠠᠯᠭ᠎ᠠ ᠲᠠᠢ ᠡᠳ᠋ ᠪᠠᠷᠠᠭᠠᠨ ᠤ ᠲᠡᠭᠡᠭᠡᠪᠦᠷᠢ ᠶᠢᠨ ᠲᠡᠷᠭᠡ ᠳᠤ 12 ᠲᠦᠮᠡᠨ ᠨᠡᠪᠲᠡᠷᠡᠬᠦ ᠦᠨᠡᠮᠯᠡᠯ ᠣᠯᠭᠤᠭᠰᠠᠨ ᠪᠠᠶᠢᠨ᠎ᠠ︔ ᠠᠵᠢᠯᠲᠠᠨ ᠢᠶᠠᠨ ᠰᠤᠩᠭᠤᠨ ᠲᠣᠬᠢᠷᠠᠭᠤᠯᠵᠤ 24 ᠴᠠᠭ ᠤᠨ ᠲᠤᠷᠰᠢ 12328᠂ 95022᠂ 12122 ᠦᠢᠯᠡᠴᠢᠯᠡᠭᠡᠨ ᠤ ᠬᠠᠯᠠᠮᠰᠢᠯ ᠤᠲᠠᠰᠤᠨ ᠤ ᠳᠡᠷᠭᠡᠳᠡ ᠵᠢᠵᠢᠭᠦᠷᠯᠡᠨ ᠠᠵᠢᠯᠯᠠᠭᠤᠯᠵᠤ᠂ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠲᠠᠶᠢᠯᠤᠮᠵᠢ ᠪᠠ ᠵᠠᠭᠠᠯᠳᠤᠯᠭ᠎ᠠ ᠶᠢ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠵᠦ᠂ ᠡᠳ᠋ ᠪᠠᠷᠠᠭᠠᠨ ᠤ ᠰᠠᠭᠠᠳ ᠦᠭᠡᠢ ᠨᠡᠪᠲᠡᠷᠡᠬᠦ ᠶᠢ ᠤᠯᠠᠮ ᠨᠢᠭᠡ ᠠᠯᠬᠤᠮ ᠪᠠᠲᠤᠯᠠᠭᠰᠠᠨ ᠪᠠᠶᠢᠨ᠎ᠠ᠃    ︽ᠬᠠᠰᠤᠬᠤ︾ ᠭᠡᠳᠡᠭ ᠨᠢ ᠳᠠᠷᠤᠢ ᠵᠠᠮ ᠤᠨ ᠰᠦᠢᠳᠬᠡᠯ ᠢ ᠬᠠᠰᠤᠵᠤ ᠬᠡᠯᠲᠦᠷᠢᠭᠦᠯᠬᠦ — 2022 ᠣᠨ ᠤ 10 ᠳ᠋ᠤᠭᠠᠷ ᠰᠠᠷ᠎ᠠ ᠶᠢᠨ 1        ᠤ ᠡᠳᠦᠷ ᠤᠨ 0 ᠴᠠᠭ ᠠᠴᠠ 12 ᠳ᠋ᠤᠭᠠᠷ ᠰᠠᠷ᠎ᠠ ᠶᠢᠨ 31        ᠤ ᠡᠳᠦᠷ ᠤᠨ 24 ᠴᠠᠭ ᠪᠣᠯᠲᠠᠯ᠎ᠠ᠂ ᠤᠤᠯ ᠤᠨ ᠵᠠᠮ ᠤᠨ ᠰᠦᠢᠳᠬᠡᠯ ᠢ ᠬᠠᠰᠤᠵᠤ ᠬᠡᠯᠲᠦᠷᠢᠭᠦᠯᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠪᠥᠬᠦ ᠣᠷᠣᠨ ᠤ ᠰᠦᠢᠳᠬᠡᠯ ᠬᠤᠷᠢᠶᠠᠬᠤ ᠵᠠᠰᠠᠮᠠᠯ ᠵᠠᠮ ᠤᠨ ᠪᠠᠷᠠᠭᠠᠨ ᠤ ᠲᠡᠷᠭᠡ ᠠᠴᠠ ᠬᠤᠷᠢᠶᠠᠬᠤ ᠵᠠᠮ ᠤᠨ ᠰᠦᠢᠳᠬᠡᠯ ᠢ ᠳᠠᠬᠢᠨ 10%        ᠪᠠᠷ ᠬᠠᠰᠤᠵᠤ ᠬᠡᠯᠲᠦᠷᠢᠭᠦᠯᠦᠨ᠎ᠡ᠃ 10 ᠳ᠋ᠤᠭᠠᠷ ᠰᠠᠷ᠎ᠠ ᠶᠢᠨ 1      ᠤ ᠡᠳᠦᠷ ᠠᠴᠠ 10 ᠳ᠋ᠤᠭᠠᠷ ᠰᠠᠷ᠎ᠠ ᠶᠢᠨ 26        ᠤ ᠡᠳᠦᠷ ᠪᠣᠯᠲᠠᠯ᠎ᠠ᠂ ᠳᠡᠭᠡᠷ᠎ᠡ ᠳᠤᠷᠠᠳᠤᠭᠰᠠᠨ ᠳᠠᠭᠢᠵᠤ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠨᠢᠭᠡᠨᠲᠡ ᠪᠣᠳᠠᠲᠠᠢ ᠳᠤ ᠨᠠᠶᠢᠳᠠᠪᠤᠷᠢᠵᠢᠭᠤᠯᠵᠤ᠂ ᠨᠡᠶᠢᠲᠡ 7217 ᠲᠦᠮᠡᠨ ᠲᠥᠭᠦᠷᠢᠭ ᠤᠨ ᠵᠠᠮ ᠤᠨ ᠰᠦᠢᠳᠬᠡᠯ ᠢ ᠬᠠᠰᠤᠵᠤ ᠬᠡᠯᠲᠦᠷᠢᠭᠦᠯᠪᠡ᠃ ᠡᠭᠦᠨ ᠤ ᠬᠠᠮᠲᠤ᠂ 10 ᠳ᠋ᠤᠭᠠᠷ ᠰᠠᠷ᠎ᠠ ᠶᠢᠨ 25        ᠤ ᠡᠳᠦᠷ ᠪᠣᠯᠲᠠᠯ᠎ᠠ᠂ ᠣᠷᠣᠨ ᠠᠯᠤᠰᠯᠠᠨ ᠠᠵᠢᠯᠯᠠᠬᠤ 2800 ᠦᠨᠡᠮᠯᠡᠯ ᠢ ᠲᠠᠷᠬᠠᠭᠠᠵᠤ ᠬᠠᠳᠤᠵᠤ ᠬᠤᠷᠢᠶᠠᠬᠤ ᠮᠠᠰᠢᠨ ᠤ ᠰᠦᠢᠳᠬᠡᠯ ᠲᠤᠰᠢᠶᠠᠬᠤ ᠦᠭᠡᠢ ᠪᠠᠷ ᠨᠡᠪᠲᠡᠷᠡᠬᠦ ᠶᠢ ᠪᠠᠲᠤᠯᠠᠵᠤ᠂ ᠵᠥᠪᠬᠡᠨ ᠡᠨᠡ ᠨᠢᠭᠡ ᠯᠡ ᠵᠦᠢᠯ ᠳᠤ ᠪᠥᠬᠦ ᠣᠷᠣᠨ ᠤ ᠥᠨᠳᠥᠷ ᠬᠤᠷᠳᠤᠴᠠᠲᠤ ᠵᠠᠰᠠᠮᠠᠯ ᠵᠠᠮ ᠤᠨ 1099 ᠲᠦᠮᠡᠨ ᠲᠥᠭᠦᠷᠢᠭ ᠤᠨ ᠬᠤᠯᠪᠣᠭᠳᠠᠯ ᠪᠦᠬᠦᠢ ᠰᠦᠢᠳᠬᠡᠯ ᠢ ᠬᠡᠯᠲᠦᠷᠢᠭᠦᠯᠦᠭᠰᠡᠨ ᠪᠠᠶᠢᠨ᠎ᠠ᠃
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号