11 ᠳ᠋ᠦ᠋ᠭᠡᠷ ᠰᠠᠷ᠎ᠠ ᠶᠢᠨ 4 ᠤ ᠡᠳᠦᠷ ᠠᠴᠠ 6 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ | ᠣᠷᠣᠨ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠶᠢ ᠰᠤᠷᠤᠯᠴᠠᠨ ᠲᠤᠭᠤᠰᠢᠯᠠᠭᠤᠯᠬᠤ | ᠤᠨᠤᠯ ᠤᠨ ᠤᠬᠠᠭᠤᠯᠤᠨ ᠲᠠᠶᠢᠯᠪᠤᠷᠢᠯᠠᠬᠤ ᠨᠢᠷᠤᠭᠤᠪᠴᠢ ᠬᠦᠴᠦᠨ ᠳᠤ ᠪᠣᠯᠪᠠᠰᠤᠷᠠᠯ ᠳᠠᠶᠢᠴᠢᠯᠠᠯᠲᠠ ᠬᠢᠪᠡ᠃ | | 4 ᠤ ᠡᠳᠦᠷ ᠠᠴᠠ 5 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠣᠨᠣᠯ ᠤᠨ ᠤᠬᠠᠭᠤᠯᠤᠨ ᠲᠠᠶᠢᠯᠪᠤᠷᠢᠯᠠᠬᠤ ᠨᠢᠷᠤᠭᠤᠪᠴᠢ ᠬᠦᠴᠦᠨ ᠤ | ᠪᠣᠯᠪᠠᠰᠤᠷᠠᠯ ᠤᠨ ᠠᠩᠭᠢ ᠶᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ ᠪᠣᠯᠣᠨ ᠬᠤᠰᠢᠭᠤ | ᠰᠢᠶᠠᠨ ︵ᠬᠤᠳᠠ᠂ ᠲᠣᠭᠤᠷᠢᠭ︶᠂ ᠠᠵᠢᠯ ᠲᠦᠷᠦᠯ ᠤᠨ ᠰᠢᠰᠲ᠋ᠧᠮ ᠤᠨ ᠤᠬᠠᠭᠤᠯᠤᠨ ᠲᠠᠶᠢᠯᠪᠤᠷᠢᠯᠠᠬᠤ | ᠪᠦᠯᠬᠦᠮ ᠤᠨ ᠪᠦᠷᠢᠯᠳᠦᠭᠦᠨ ᠳᠤ ᠬᠠᠪᠰᠤᠷᠤᠨ ᠵᠢᠯᠤᠭᠤᠳᠬᠤ ᠪᠣᠯᠪᠠᠰᠤᠷᠠᠯ ᠬᠢᠵᠦ᠂ 20 ᠲᠦᠮᠡ ᠰᠢᠬᠠᠮ ᠬᠥᠮᠥᠨ | ᠰᠦᠯᠵᠢᠶᠡᠨ ᠳᠡᠭᠡᠷ᠎ᠡ ᠪᠣᠯᠪᠠᠰᠤᠷᠠᠯ ᠳᠤ ᠣᠷᠣᠯᠴᠠᠪᠠ᠃ 6 ᠤ ᠡᠳᠦᠷ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ | ᠲᠠᠶᠢᠯᠪᠤᠷᠢᠯᠠᠬᠤ ᠪᠦᠯᠬᠦᠮ ᠤᠨ ᠳᠠᠶᠢᠴᠢᠯᠠᠯᠲᠠ ᠶᠢᠨ ᠬᠤᠷᠠᠯ ᠢ ᠬᠤᠷᠠᠯᠳᠤᠭᠤᠯᠪᠠ᠃ ᠬᠤᠷᠠᠯ ᠠᠴᠠ | ᠴᠢᠬᠤᠯᠠᠴᠢᠯᠠᠬᠤ ᠳᠤ ᠪᠠᠨ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ | ᠡᠭᠦᠷᠭᠡᠲᠦ ᠰᠡᠳᠬᠢᠯᠭᠡ ᠪᠠᠷ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ | ᠥᠷᠨᠢᠭᠦᠯᠬᠦ ᠬᠡᠷᠡᠭᠲᠡᠢ᠃ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠱᠠᠲᠤ ᠱᠠᠲᠤ ᠪᠠᠷ ᠵᠣᠬᠢᠶᠠᠨ ᠪᠠᠶᠢᠭᠤᠯᠵᠤ᠂ | ᠬᠤᠳᠠ ᠬᠥᠳᠡᠭᠡ ᠶᠢᠨ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠣᠷᠤᠯᠴᠠᠬᠤ ᠡᠲᠡᠭᠡᠳ ᠢᠶᠠᠷ ᠭᠤᠣᠯᠯᠠᠭᠤᠯᠬᠤ | ᠂ ᠤᠯᠠᠨ ᠤᠯᠠᠨ ᠲᠦᠮᠡᠨ ᠳᠤ ᠴᠢᠭᠯᠡᠭᠦᠯᠬᠦ᠂ ᠬᠠᠷᠢᠯᠴᠠᠨ ᠦᠢᠯᠡᠳᠦᠯᠴᠡᠭᠦᠯᠬᠦ ᠤᠬᠠᠭᠤᠯᠭ᠎ᠠ ᠲᠠᠶᠢᠯᠤᠮᠵᠢ ᠶᠢ | ᠥᠷᠭᠡᠨ ᠢᠶᠠᠷ ᠥᠷᠨᠢᠭᠦᠯᠵᠦ᠂ ᠬᠥᠮᠥᠰ ᠤᠨ ᠰᠣᠨᠣᠰᠴᠤ ᠣᠶᠢᠯᠠᠭᠠᠬᠤ᠂ ᠰᠣᠨᠣᠰᠬᠤ ᠳᠤᠷᠠᠲᠠᠢ᠂ ᠣᠶᠢᠯᠠᠭᠠᠵᠤ | ᠳᠡᠶᠢᠯᠬᠦ ᠦᠭᠡ ᠶᠠᠷᠢᠶ᠎ᠠ ᠪᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠣᠨᠣᠪᠴᠢᠲᠠᠢ ᠪᠥᠭᠡᠳ ᠲᠤᠭᠤᠰᠢᠲᠠᠢ ᠶᠠᠷᠢᠬᠤ | ᠪᠠ ᠠᠮᠢᠳᠤᠯᠢᠭ ᠢᠶᠠᠷ ᠶᠠᠷᠢᠵᠤ᠂ ᠤᠬᠠᠭᠤᠯᠤᠨ ᠲᠠᠶᠢᠯᠪᠤᠷᠢᠯᠠᠬᠤ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ | ᠣᠯᠬᠤ ᠶᠢ ᠪᠠᠲᠤᠯᠠᠬᠤ ᠬᠡᠷᠡᠭᠲᠡᠢ ᠭᠡᠵᠡᠢ᠃ | | ᠣᠶᠢᠯᠠᠭᠠᠭᠰᠠᠨ ᠢᠶᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠨᠢ ᠤᠯᠤᠰ | ᠲᠦᠷᠦ ᠶᠢᠨ ᠬᠡᠪ ᠴᠢᠨᠠᠷ ᠢᠶᠠᠷ ᠰᠠᠶᠢᠨ᠂ ᠤᠨᠤᠯ ᠤᠨ ᠬᠢᠷᠢ ᠲᠦᠪᠰᠢᠨ ᠢᠶᠠᠷ ᠥᠨᠳᠥᠷ᠂ ᠤᠬᠠᠭᠤᠯᠤᠨ ᠲᠠᠶᠢᠯᠪᠤᠷᠢᠯᠠᠬᠤ | ᠴᠢᠳᠠᠪᠤᠷᠢ ᠪᠠᠷ ᠴᠢᠩᠭ᠎ᠠ 48 ᠨᠡᠷᠡᠰ ᠰᠢᠯᠢᠳᠡᠭ ᠬᠦᠴᠦᠨ ᠢᠶᠠᠷ ᠪᠦᠷᠢᠯᠳᠦᠵᠦ᠂ 11 ᠰᠠᠷ᠎ᠠ ᠶᠢᠨ ᠳᠤᠮᠳᠠᠴᠢ ᠠᠴᠠ | 12 ᠰᠠᠷ᠎ᠠ ᠶᠢᠨ ᠡᠬᠢ ᠪᠣᠯᠲᠠᠯ᠎ᠠ᠂ ᠡᠯ᠎ᠡ ᠠᠶᠢᠮᠠᠭ ᠬᠤᠳᠠ ᠶᠢᠨ ᠡᠯ᠎ᠡ ᠪᠠᠶᠢᠭᠤᠯᠭ᠎ᠠ ᠨᠢᠭᠡᠴᠢ ᠳᠤ ᠬᠦᠷᠴᠦ | ᠤᠬᠠᠭᠤᠯᠤᠨ ᠲᠠᠶᠢᠯᠪᠤᠷᠢᠯᠠᠬᠤ ᠪᠠᠷ ᠪᠤᠢ᠃ |