︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠢᠭᠡᠴᠢ ᠶᠢᠨ ᠲᠤᠰᠢᠶᠠᠬᠤ ᠰᠦᠢᠳᠬᠡᠯ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠬᠦ ᠲᠥᠷᠥ ᠶᠢᠨ ᠪᠣᠳᠣᠯᠭ᠎ᠠ︾
ᠨᠡᠶᠢᠲᠡᠯᠡᠭᠰᠡᠨ ᠴᠠᠭ᠄
2022/11/9
    ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ᠂ ᠦᠨᠳᠦᠰᠦᠨ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠣᠶᠢᠷ᠎ᠠ ᠳᠤ ︽ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠢᠭᠡᠴᠢ ᠶᠢᠨ ᠲᠤᠰᠢᠶᠠᠬᠤ ᠰᠦᠢᠳᠬᠡᠯ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ ᠲᠤᠬᠠᠢ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠡᠳ᠋ ᠤᠨ ᠵᠠᠰᠠᠭ ᠤᠨ ᠶᠠᠮᠤᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠮᠡᠳᠡᠭᠳᠡᠯ ᠢ ᠤᠯᠠᠮᠵᠢᠯᠠᠨ ᠶᠠᠪᠤᠭᠤᠯᠬᠤ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ 7 ᠳ᠋ᠤᠭᠠᠷ ᠰᠠᠷ᠎ᠠ ᠠᠴᠠ ᠡᠬᠢᠯᠡᠨ᠂ ᠳᠤᠮᠳᠠ ᠵᠢᠵᠢᠭ ᠪᠢᠴᠢᠯ ᠵᠡᠷᠭᠡ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠢᠭᠡᠴᠢ ᠶᠢᠨ ᠲᠤᠰᠢᠶᠠᠬᠤ ᠰᠦᠢᠳᠬᠡᠯ ᠢ 3 ᠰᠠᠷ᠎ᠠ ᠬᠤᠶᠢᠰᠢᠯᠠᠭᠤᠯᠤᠨ ᠲᠤᠰᠢᠶᠠᠬᠤ ᠪᠣᠯᠭᠠᠵᠠᠢ᠂ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠳᠠᠭᠠᠳᠬᠠᠯ ᠳᠤ ᠣᠷᠣᠯᠴᠠᠭᠰᠠᠳ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠬᠠᠷᠠᠭᠠᠯᠵᠠᠯ ᠨᠥᠯᠥᠭᠡᠯᠡᠭᠳᠡᠬᠦ ᠦᠭᠡᠢ ᠪᠣᠯᠭᠠᠪᠠ᠃ ① ᠬᠤᠶᠢᠰᠢᠯᠠᠭᠤᠯᠤᠨ ᠲᠤᠰᠢᠶᠠᠬᠤ ᠬᠦᠷᠢᠶ᠎ᠡ ᠬᠡᠪᠴᠢᠶ᠎ᠡ ᠪᠠ ᠬᠤᠭᠤᠴᠠᠭ᠎ᠠ ᠶᠢ ᠲᠣᠳᠣᠷᠬᠠᠶᠢᠯᠠᠵᠠᠢ    ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ︵ᠬᠥᠩᠭᠡᠵᠢᠯ ᠤᠨ ᠳᠠᠭᠠᠳᠬᠠᠯ ᠪᠠᠭᠲᠠᠨ᠎ᠠ︶    ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠶᠢᠨ ᠨᠡᠶᠢᠲᠡ ᠦᠯᠡᠳᠡᠪᠦᠷᠢ ᠨᠢ 6 ᠰᠠᠷ᠎ᠠ ᠠᠴᠠ ᠳᠡᠭᠡᠭᠰᠢᠬᠢ ᠥᠭᠴᠦ ᠳᠡᠶᠢᠯᠬᠦ ᠨᠢᠭᠡᠳᠦᠯᠲᠡᠢ ᠲᠥᠯᠥᠪᠯᠡᠬᠦ ᠭᠠᠵᠠᠷ ᠣᠷᠣᠨ᠂ 2022 ᠣᠨ ᠤ 7 ᠳ᠋ᠤᠭᠠᠷ ᠰᠠᠷ᠎ᠠ ᠠᠴᠠ ᠡᠬᠢᠯᠡᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠨᠢᠭᠡᠴᠢ ᠶᠢᠨ ᠠᠷᠭ᠎ᠠ ᠮᠠᠶ᠋ᠢᠭ ᠢᠶᠠᠷ ᠳᠠᠭᠠᠳᠬᠠᠯ ᠳᠤ ᠣᠷᠣᠯᠴᠠᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ︵ᠬᠥᠩᠭᠡᠵᠢᠯ ᠤᠨ ᠳᠠᠭᠠᠳᠬᠠᠯ ᠪᠠᠭᠲᠠᠨ᠎ᠠ︶ ᠤᠨ ᠨᠢᠭᠡᠴᠢ ᠶᠢᠨ ᠲᠤᠰᠢᠶᠠᠬᠤ ᠰᠦᠢᠳᠬᠡᠯ ᠢ 3 ᠰᠠᠷ᠎ᠠ ᠬᠤᠶᠢᠰᠢᠯᠠᠭᠤᠯᠤᠨ ᠲᠤᠰᠢᠶᠠᠵᠤ ᠪᠣᠯᠤᠨ᠎ᠠ᠂ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠶᠢ ᠬᠡᠯᠲᠦᠷᠢᠭᠦᠯᠦᠨ᠎ᠡ᠃ ᠨᠡᠶᠢᠭᠡᠮ ᠤᠨ ᠪᠦᠯᠬᠦᠮ ᠰᠠᠭᠤᠷᠢ ᠮᠥᠩᠭᠦᠨ ᠤ ᠨᠡᠶᠢᠭᠡᠮᠯᠢᠭ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠨᠢᠭᠲᠠᠯᠠᠨ ᠪᠣᠳᠣᠭᠴᠢ ᠶᠢᠨ ᠬᠡᠷᠡᠭ ᠡᠷᠬᠢᠯᠡᠬᠦ ᠭᠠᠵᠠᠷ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ② ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠳᠠᠭᠠᠳᠬᠠᠯ ᠳᠤ ᠣᠷᠣᠯᠴᠠᠭᠰᠠᠳ ᠤᠨ ᠬᠠᠷᠠᠭᠠᠯᠵᠠᠯ ᠢ ᠪᠠᠭᠤᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ    ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠳᠠᠭᠠᠳᠬᠠᠯ ᠳᠤ ᠣᠷᠣᠯᠴᠠᠭᠰᠠᠳ ᠤᠨ ᠬᠠᠷᠠᠭᠠᠯᠵᠠᠯ ᠢ ᠬᠥᠷᠲᠡᠬᠦ ᠶᠣᠰᠣᠲᠠᠢ ᠶᠢ ᠨᠢ ᠴᠥᠮ ᠬᠥᠷᠲᠡᠬᠦ ᠶᠢ ᠦᠨᠡᠨ ᠬᠦ ᠪᠠᠲᠤᠯᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠨᠢᠭᠡᠴᠢ ᠶᠢᠨ ᠲᠤᠰᠢᠶᠠᠬᠤ ᠵᠠᠷᠤᠳᠠᠯ ᠢ ᠬᠤᠶᠢᠰᠢᠯᠠᠭᠤᠯᠤᠨ ᠲᠤᠰᠢᠶᠠᠬᠤ ᠳᠤ ᠲᠣᠰ ᠠᠵᠤ ᠠᠬᠤᠶᠢᠯᠠᠯ ᠤᠨ ᠳᠠᠭᠠᠳᠬᠠᠯ ᠳᠤ ᠣᠷᠣᠯᠴᠠᠭᠰᠠᠳ ᠤᠨ ᠡᠪᠡᠳᠴᠢᠨ ᠦᠵᠡᠭᠦᠯᠦᠭᠰᠡᠨ ᠡᠮᠴᠢᠯᠡᠭᠡᠨ ᠤ ᠵᠠᠷᠤᠳᠠᠯ ᠤᠨ ᠬᠡᠪ ᠢᠶᠠᠷ ᠲᠠᠩᠰᠠ ᠲᠠᠶᠢᠯᠬᠤ ᠶᠢ ᠨᠥᠯᠥᠭᠡᠯᠡᠬᠦ ᠦᠭᠡᠢ ᠪᠠᠶᠢᠯᠭᠠᠵᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠬᠢᠷᠢ ᠲᠦᠪᠰᠢᠨ ᠤ ᠲᠣᠭᠲᠠᠭᠤᠨ ᠪᠥᠭᠡᠳ ᠪᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠬᠠᠮᠢᠶ᠎ᠠ ᠪᠦᠬᠦᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠪᠠᠲᠤᠯᠠᠬᠤ ᠬᠡᠷᠡᠭᠲᠡᠢ᠃ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠳᠤᠮᠳᠠ ᠵᠢᠵᠢᠭ ᠪᠢᠴᠢᠯ ᠠᠵᠤ ᠠᠬᠤᠶᠢᠯᠠᠯ ᠠᠵᠢᠯᠲᠠᠨ ᠠᠵᠢᠯᠴᠢᠨ ᠤ ᠬᠤᠪᠢ ᠬᠦᠮᠦᠨ ᠤ ᠲᠤᠰᠢᠶᠠᠬᠤ ᠰᠦᠢᠳᠬᠡᠯ ᠢ ᠣᠷᠣᠯᠠᠨ ᠰᠠᠭᠤᠯᠭᠠᠨ ᠣᠷᠣᠯᠠᠨ ᠲᠤᠰᠢᠶᠠᠬᠤ ᠡᠭᠦᠷᠭᠡ ᠶᠢ ᠬᠠᠤᠯᠢ ᠶᠣᠰᠤᠭᠠᠷ ᠭᠦᠢᠴᠡᠳᠬᠡᠵᠦ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢ ᠬᠡᠪ ᠤᠨ ᠪᠠᠶᠢᠳᠠᠯ ᠢᠶᠠᠷ ᠮᠡᠳᠡᠭᠦᠯᠵᠦ᠂ ᠠᠵᠢᠯᠲᠠᠨ ᠠᠵᠢᠯᠴᠢᠨ ᠤ ᠦᠷᠭᠦᠯᠵᠢᠯᠡᠨ ᠳᠠᠭᠠᠳᠬᠠᠯ ᠳᠤ ᠣᠷᠤᠯᠴᠠᠬᠤ᠂ ᠬᠤᠪᠢ ᠬᠥᠮᠥᠨ ᠤ ᠡᠷᠬᠡ ᠠᠰᠢᠭ ᠢᠶᠠᠨ ᠦᠷᠭᠦᠯᠵᠢᠯᠡᠨ ᠲᠡᠮᠳᠡᠭᠯᠡᠬᠦ ᠶᠢ ᠨᠢ ᠦᠨᠡᠨ ᠬᠦ ᠪᠠᠲᠤᠯᠠᠬᠤ ᠬᠡᠷᠡᠭᠲᠡᠢ᠃ ③ ︽ᠭᠤᠶᠤᠴᠢᠯᠠᠬᠤ ᠦᠭᠡᠢ ᠪᠠᠷ ᠳᠠᠷᠤᠢ ᠬᠥᠷᠲᠡᠬᠦ︾ ᠭᠠᠷᠲᠠᠨ ᠭᠦᠢᠴᠡᠳᠬᠡᠬᠦ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ    ᠨᠥᠬᠦᠴᠡᠯ ᠳᠤ ᠨᠡᠶᠢᠴᠡᠭᠰᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ᠨᠢ ᠬᠤᠶᠢᠰᠢᠯᠠᠭᠤᠯᠤᠨ ᠲᠤᠰᠢᠶᠠᠬᠤ ᠭᠤᠶᠤᠴᠢᠯᠠᠯ ᠭᠠᠷᠭᠠᠬᠤ ᠦᠭᠡᠢ ᠪᠠᠷ ᠨᠢᠭᠡᠴᠢ ᠶᠢᠨ ᠲᠤᠰᠢᠶᠠᠬᠤ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠪᠠ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠤᠳ ᠠᠵᠢᠯᠯᠠᠬᠤ ᠴᠤᠪᠤᠷᠠᠯ ᠢ ᠲᠣᠳᠣᠷᠬᠠᠶᠢᠯᠠᠵᠤ᠂ ᠠᠵᠤ ᠠᠬᠤᠶᠢᠯᠠᠯ ᠤᠨ ᠨᠡᠷᠡᠰ ᠢ ᠲᠣᠭᠲᠠᠭᠠᠨ᠎ᠠ᠃ ᠣᠲᠣ ᠶᠢᠨ ᠪᠠᠶᠢᠭ᠎ᠠ ᠲᠤᠭ᠎ᠠ ᠪᠠᠷᠢᠮᠲᠠ ᠨᠢ ᠠᠵᠤ ᠠᠬᠤᠶᠢᠯᠠᠯ ᠤᠨ ᠬᠡᠯᠪᠡᠷᠢ ᠬᠤᠪᠢᠶᠠᠷᠢᠯᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠪᠣᠯ᠂ ᠠᠵᠤ ᠠᠬᠤᠶᠢᠯᠠᠯ ᠨᠢ ᠰᠦᠢᠳᠬᠡᠯ ᠲᠤᠰᠢᠶᠠᠬᠤ ᠶᠢ ᠬᠢᠨᠠᠨ ᠲᠣᠭᠲᠠᠭᠠᠭᠰᠠᠨ ᠰᠠᠯᠠᠭ᠎ᠠ ᠮᠥᠴᠢᠷ ᠲᠤ ᠪᠢᠴᠢᠭ ᠤᠨ ᠠᠮᠠᠯᠠᠯᠲᠠ ᠬᠢᠵᠦ ᠪᠣᠯᠣᠨ᠎ᠠ᠃ ᠡᠭᠦᠨ ᠤ ᠬᠠᠮᠲᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠵᠢᠯ ᠤᠨ ᠭᠤᠭᠴᠤᠭ᠎ᠠ ᠶᠢ ᠰᠢᠯᠢᠳᠡᠭᠵᠢᠭᠦᠯᠵᠦ ᠂ ᠦᠢᠯᠡᠴᠢᠯᠡᠭᠡᠨ ᠤ ᠠᠷᠭ᠎ᠠ ᠬᠡᠯᠪᠡᠷᠢ ᠪᠠᠨ ᠰᠢᠨᠡᠴᠢᠯᠡᠵᠦ᠂ ᠠᠵᠤ ᠠᠬᠤᠶᠢᠯᠠᠯ ᠤᠨ ᠠᠵᠢᠯ ᠶᠠᠪᠤᠳᠠᠯ ᠤᠨ ᠴᠢᠨᠠᠷᠲᠠᠢ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号