︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠬᠠᠮᠢᠶᠠᠷᠤᠯᠲᠠ ᠶᠢᠨ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/11/9
    ᠨᠢᠭᠡ᠂ ᠠᠬᠤᠢ ᠪᠠᠶᠢᠳᠠᠯ ᠵᠢᠴᠢ ᠦᠨᠳᠦᠰᠦᠯᠡᠯ   ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠦᠩᠭᠡᠷᠡᠭᠦᠯᠦᠨ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ︽ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠵᠠᠷᠤᠳᠠᠯ ᠢ ᠬᠠᠮᠲᠤ ᠳᠤ ᠨᠢ ᠬᠠᠷᠠᠭᠠᠯᠵᠠᠨ ᠪᠠᠲᠤᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2021﹈ 14 ᠳ᠋ᠦ᠋ᠭᠡᠷ ᠲᠣᠭᠠᠲᠤ︶ ᠪᠠ ︽ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠵᠠᠷᠤᠳᠠᠯ ᠢ ᠬᠠᠮᠲᠤ ᠳᠤ ᠨᠢ ᠬᠠᠷᠠᠭᠠᠯᠵᠠᠨ ᠪᠠᠲᠤᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 82 ᠳ᠋ᠤᠭᠠᠷ ᠲᠣᠭᠠᠲᠤ︶ ᠢ ᠦᠨᠳᠦᠰᠦᠯᠡᠨ᠂ ᠮᠠᠨ ᠤ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢ ᠲᠣᠭᠲᠠᠭᠠᠪᠠ᠃ ︽ᠬᠠᠮᠢᠶᠠᠷᠤᠯᠲᠠ ᠶᠢᠨ ᠠᠷᠭ᠎ᠠ︾ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠬᠠᠷᠠᠭᠠᠯᠵᠠᠯ ᠤᠨ ᠪᠠᠲᠤᠯᠠᠭ᠎ᠠ᠂ ᠭᠤᠶᠤᠴᠢᠯᠠᠨ ᠮᠡᠳᠡᠭᠦᠯᠵᠦ ᠮᠠᠭᠠᠳᠯᠠᠨ ᠲᠣᠭᠲᠠᠭᠠᠬᠤ᠂ ᠳ᠋ᠦᠩᠨᠡᠨ ᠪᠤᠳᠤᠬᠤ ᠬᠠᠮᠢᠶᠠᠷᠤᠯᠲᠠ᠂ ᠦᠢᠯᠡᠴᠢᠯᠡᠭᠡᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠲᠣᠳᠣᠷᠬᠠᠶᠢᠯᠠᠭᠰᠠᠨ ᠶᠠᠪᠤᠳᠠᠯ ᠨᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠬᠠᠷᠠᠭᠠᠯᠵᠠᠯ ᠭᠥᠷᠳᠡᠬᠦ ᠶᠢ ᠤᠯᠠᠮ ᠨᠢᠭᠡ ᠠᠯᠬᠤᠮ ᠵᠢᠷᠤᠮᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃    ᠬᠤᠶᠠᠷ᠂ ︽ᠬᠠᠮᠢᠶᠠᠷᠤᠯᠲᠠ ᠶᠢᠨ ᠠᠷᠭ᠎ᠠ︾ ᠶᠢᠨ ᠭᠤᠣᠯ ᠠᠭᠤᠯᠭ᠎ᠠ    ︵ᠨᠢᠭᠡ︶ ᠲᠣᠬᠢᠷᠠᠬᠤ ᠬᠥᠮᠥᠰ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠥᠰ᠃    ︵ᠬᠤᠶᠠᠷ︶ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠲᠥᠷᠥᠯ ᠵᠦᠢᠯ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠳᠤ ᠨᠡᠶᠢᠲᠡ 10 ᠵᠦᠢᠯ ᠤᠨ ᠡᠪᠡᠳᠴᠢᠨ ᠤ ᠲᠥᠷᠥᠯ ᠪᠣᠶ᠄ ᠰᠢᠰᠲ᠋ᠧᠮᠲᠦ ᠴᠢᠨᠠᠷᠲᠠᠢ ᠤᠯᠠᠭᠠᠨ ᠲᠣᠯᠪᠣᠲᠤ ᠴᠢᠨ᠋ᠸ᠎ᠠ ᠶᠢᠨ ᠶᠠᠷ᠎ᠠ᠂ ᠫᠠᠷᠺᠢᠨᠰᠤᠨ ᠡᠪᠡᠳᠴᠢᠨ᠂ ᠡᠯᠢᠭᠡᠨ ᠤ ᠬᠠᠲᠠᠭᠤᠷᠠᠯ ᠤᠨ ᠡᠨᠡᠭᠰᠢᠮᠡᠯ ᠦᠭᠡᠶᠢᠳᠡᠬᠦ ᠬᠤᠭᠤᠴᠠᠭ᠎ᠠ᠂ ᠬᠤᠣᠷᠲᠤ ᠬᠠᠪᠤᠳᠠᠷ ᠤᠨ ᠰᠠᠴᠤᠷᠠᠭ ᠬᠢᠮᠢ ᠶᠢᠨ ᠵᠠᠰᠠᠯ᠂ ᠴᠢᠰᠤ ᠨᠡᠪᠴᠢᠭᠦᠯᠦᠨ ᠢᠯᠭᠠᠷᠠᠭᠤᠯᠬᠤ᠂ ᠴᠠᠭᠠᠨ ᠴᠣᠷᠣᠢ ᠪᠠᠷ ᠴᠢᠰᠤ ᠴᠡᠪᠡᠷᠯᠡᠬᠦ᠂ ᠨᠡᠬᠡᠳᠡᠰᠦ ᠡᠷᠬᠡᠲᠡᠨ ᠢ ᠰᠢᠯᠵᠢᠭᠦᠯᠦᠨ ᠰᠠᠭᠤᠯᠭᠠᠬᠤ ᠮᠡᠰᠡ ᠵᠠᠰᠠᠯ ᠤᠨ ᠳᠠᠷᠠᠭᠠᠬᠢ ᠣᠨᠳᠣᠣᠰᠢᠯ ᠢ ᠡᠰᠡᠷᠭᠦᠴᠡᠬᠦ ᠡᠮᠴᠢᠯᠡᠭᠡ᠂ ᠸᠢᠷᠦ᠋ᠰ ᠤᠨ ᠴᠢᠨᠠᠷᠲᠠᠢ ᠡᠯᠢᠭᠡᠨ ᠦᠷᠪᠢᠰᠦᠯ᠂ ᠴᠢᠰᠤ ᠭᠤᠭᠤᠵᠢᠮᠠᠳᠠᠭᠠᠢ ᠡᠪᠡᠳᠴᠢᠨ᠂ ᠠᠭᠤᠰᠬᠢᠨ ᠤ ᠯᠤᠭᠰᠢᠭᠤᠨ ᠰᠤᠳᠠᠯ ᠤᠨ ᠥᠨᠳᠥᠷ ᠳᠠᠷᠤᠯᠲᠠ ᠵᠡᠷᠭᠡ ᠪᠣᠯᠣᠨ᠎ᠠ᠃ ᠳᠡᠭᠡᠷ᠎ᠡ ᠳᠤᠷᠠᠳᠤᠭᠰᠠᠨ ᠬᠡᠪᠴᠢᠶᠡᠨ ᠳᠤ ᠥᠯᠥ ᠪᠠᠭᠲᠠᠬᠤ ᠤᠤᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠲᠥᠷᠥᠯ ᠢ ᠪᠦᠬᠦᠨ ᠢ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠪᠠᠲᠤᠯᠠᠭ᠎ᠠ ᠳᠤ ᠣᠷᠣᠭᠤᠯᠤᠨ᠎ᠠ᠃    ︵ᠭᠤᠷᠪᠠ︶ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠡᠬᠢᠯᠡᠵᠦ ᠲᠦᠯᠦᠬᠦ ᠪᠠᠷᠢᠮᠵᠢᠶ᠎ᠠ᠂ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ᠂ ᠳᠥᠯᠥᠬᠦ ᠬᠠᠷᠢᠴᠠᠯ ᠪᠠ ᠳᠥᠯᠥᠬᠦ ᠨᠣᠷᠮ᠎ᠠ᠃ ᠳᠠᠭᠠᠳᠬᠠᠯ ᠳᠤ ᠣᠷᠣᠯᠴᠠᠭᠰᠠᠳ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠨᠡᠶᠢᠴᠡᠬᠦ ᠡᠮ ᠡᠮᠨᠡᠯᠭᠡ ᠶᠢᠨ ᠵᠠᠷᠤᠳᠠᠯ ᠭᠠᠷᠪᠠᠯ᠂ ᠨᠢᠭᠡ ᠵᠢᠯ ᠤᠨ ᠳᠣᠲᠣᠷᠠᠬᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠤᠨ ᠡᠬᠢᠯᠡᠵᠦ ᠳᠥᠯᠥᠬᠦ ᠪᠠᠷᠢᠮᠵᠢᠶ᠎ᠠ ᠨᠢ 1000 ᠲᠥᠭᠦᠷᠢᠭ ᠪᠣᠯᠣᠨ᠎ᠠ᠃ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠢ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠪᠠ ᠶᠡᠭᠡ ᠲᠣᠭᠠᠨ ᠤ ᠳᠠᠭᠠᠳᠬᠠᠯ ᠤᠨ ᠰᠠᠭᠤᠷᠢ ᠮᠥᠩᠭᠦ ᠶᠢᠨ ᠳᠥᠯᠥᠬᠦ ᠬᠡᠪᠴᠢᠶᠡᠨ ᠳᠣᠲᠣᠷ᠎ᠠ ᠨᠡᠶᠢᠯᠡᠭᠦᠯᠦᠨ ᠪᠤᠳᠤᠵᠤ᠂ ᠨᠢᠭᠡ ᠵᠢᠯ ᠤᠨ ᠳᠣᠲᠣᠷᠠᠬᠢ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠨᠢ 30.5 ᠲᠦᠮᠡᠨ ᠲᠥᠭᠦᠷᠢᠭ ᠪᠣᠯᠣᠨ᠎ᠠ᠃ 1000 ᠲᠥᠭᠦᠷᠢᠭ ᠠᠴᠠ ᠳᠡᠭᠡᠭᠰᠢ 3.5 ᠲᠦᠮᠡᠨ ᠲᠥᠭᠦᠷᠢᠭ ︵3.5 ᠲᠦᠮᠡᠨ ᠲᠥᠭᠦᠷᠢᠭ ᠢ ᠪᠠᠭᠲᠠᠭᠠᠨ᠎ᠠ︶ ᠠᠴᠠ ᠳᠣᠷᠣᠭᠰᠢᠬᠢ ᠵᠠᠷᠤᠳᠠᠯ ᠢ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠠᠴᠠ 80%        ᠶᠢ ᠨᠢ ᠲᠥᠯᠥᠨ᠎ᠡ︔ 3.5 ᠲᠦᠮᠡᠨ ᠲᠥᠭᠦᠷᠢᠭ ᠠᠴᠠ ᠳᠡᠭᠡᠭᠰᠢ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠠᠴᠠ ᠳᠣᠷᠣᠭᠰᠢᠬᠢ ᠵᠠᠷᠤᠳᠠᠯ ᠢ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠠᠴᠠ 90%        ᠶᠢ ᠨᠢ ᠲᠥᠯᠥᠨ᠎ᠡ᠃ ᠬᠤᠣᠷᠲᠤ ᠬᠠᠪᠤᠳᠠᠷ ᠤᠨ ᠰᠠᠴᠤᠷᠠᠭ ᠬᠢᠮᠢ ᠶᠢᠨ ᠵᠠᠰᠠᠯ᠂ ᠴᠢᠰᠤ ᠨᠡᠪᠴᠢᠭᠦᠯᠦᠨ ᠢᠯᠭᠠᠷᠠᠭᠤᠯᠬᠤ᠂ ᠴᠠᠭᠠᠨ ᠴᠣᠷᠣᠢ ᠪᠠᠷ ᠴᠢᠰᠤ ᠴᠡᠪᠡᠷᠯᠡᠬᠦ᠂ ᠨᠡᠬᠡᠳᠡᠰᠦ ᠡᠷᠬᠡᠲᠡᠨ ᠢ ᠰᠢᠯᠵᠢᠭᠦᠯᠦᠨ ᠰᠠᠭᠤᠯᠭᠠᠬᠤ ᠮᠡᠰᠡ ᠵᠠᠰᠠᠯ ᠤᠨ ᠳᠠᠷᠠᠭᠠᠬᠢ ᠣᠨᠳᠣᠣᠰᠢᠯ ᠢ ᠡᠰᠡᠷᠭᠦᠴᠡᠬᠦ ᠡᠮᠴᠢᠯᠡᠭᠡ᠂ ᠠᠭᠤᠰᠬᠢᠨ ᠤ ᠯᠤᠭᠰᠢᠭᠤᠨ ᠰᠤᠳᠠᠯ ᠤᠨ ᠥᠨᠳᠥᠷ ᠳᠠᠷᠤᠯᠲᠠ᠂ ᠴᠢᠰᠤ ᠭᠤᠭᠤᠵᠢᠮᠠᠳᠠᠭᠠᠢ ᠡᠪᠡᠳᠴᠢᠨ᠂ ᠸᠢᠷᠦ᠋ᠰ ᠤᠨ ᠴᠢᠨᠠᠷᠲᠠᠢ ᠡᠯᠢᠭᠡᠨ ᠦᠷᠪᠢᠰᠦᠯ ᠢ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠪᠠ ᠶᠡᠭᠡ ᠲᠣᠭᠠᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠥᠯᠥᠬᠦ ᠬᠡᠪᠴᠢᠶᠡᠨ ᠳᠤ ᠨᠡᠶᠢᠯᠡᠭᠦᠯᠦᠨ ᠪᠣᠳᠣᠵᠤ᠂ ᠨᠢᠭᠡ ᠵᠢᠯ ᠤᠨ ᠲᠣᠳᠤᠷᠠᠬᠢ ᠬᠠᠮᠤᠭ ᠤᠨ ᠥᠨᠳᠥᠷ ᠲᠦᠯᠦᠬᠦ ᠬᠢᠵᠠᠭᠠᠷ ᠲᠤᠭ᠎ᠠ ᠨᠢ 30.5 ᠲᠦᠮᠡᠨ ᠲᠥᠭᠦᠷᠢᠭ ᠪᠣᠯᠤᠨ᠎ᠠ︔ ᠡᠯᠢᠭᠡᠨ ᠤ ᠬᠠᠲᠠᠭᠤᠷᠠᠯ ᠤᠨ ᠡᠨᠡᠭᠰᠢᠮᠡᠯ ᠦᠭᠡᠶᠢᠳᠡᠬᠦ ᠬᠤᠭᠤᠴᠠᠭ᠎ᠠ᠂ ᠫᠠᠷᠺᠢᠨᠰᠤᠨ ᠡᠪᠡᠳᠴᠢᠨ ᠤ ᠲᠥᠯᠥᠬᠦ ᠨᠣᠷᠮ᠎ᠠ ᠨᠢ 8000 ᠲᠥᠭᠦᠷᠢᠭ︔ ᠰᠢᠰᠲ᠋ᠧᠮᠲᠦ ᠴᠢᠨᠠᠷᠲᠠᠢ ᠤᠯᠠᠭᠠᠨ ᠲᠣᠯᠪᠣᠲᠤ ᠴᠢᠨ᠋ᠸ᠎ᠠ ᠶᠢᠨ ᠶᠠᠷ᠎ᠠ ᠶᠢᠨ ᠳᠥᠯᠥᠬᠦ ᠨᠣᠷᠮ᠎ᠠ ᠨᠢ 6000 ᠲᠥᠭᠦᠷᠢᠭ ᠪᠣᠯᠣᠨ᠎ᠠ᠃ ᠳᠡᠭᠡᠷ᠎ᠡ ᠳᠤᠷᠠᠳᠤᠭᠰᠠᠨ ᠡᠪᠡᠳᠴᠢᠨ ᠲᠠᠢ ᠳᠠᠭᠠᠳᠬᠠᠯ ᠳᠤ ᠣᠷᠣᠯᠴᠠᠭᠰᠠᠳ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠬᠠᠷᠠᠭᠠᠯᠵᠠᠯ ᠢ ᠭᠤᠶᠤᠴᠢᠯᠠᠨ ᠮᠡᠳᠡᠭᠦᠯᠵᠦ ᠪᠣᠯᠣᠨ᠎ᠠ᠂ ᠬᠤᠶᠠᠷ ᠠᠴᠠ ᠳᠡᠭᠡᠭᠰᠢ ᠵᠦᠢᠯ ᠤᠨ ᠡᠪᠡᠳᠴᠢᠨ ᠲᠠᠢ ᠪᠣᠯ ᠬᠠᠮᠲᠤ ᠳᠤ ᠨᠢ ᠭᠤᠶᠤᠴᠢᠯᠠᠨ ᠮᠡᠳᠡᠭᠦᠯᠵᠦ᠂ ᠬᠢᠨᠠᠨ ᠵᠥᠪᠰᠢᠶᠡᠷᠡᠵᠦ ᠪᠠᠲᠤᠯᠠᠭᠰᠠᠨ ᠤ ᠳᠠᠷᠠᠭ᠎ᠠ᠂ ᠨᠢᠭᠡ ᠯᠡ ᠡᠬᠢᠯᠡᠵᠦ ᠳᠥᠯᠥᠬᠦ ᠪᠠᠷᠢᠮᠵᠢᠶ᠎ᠠ ᠶᠢ ᠬᠡᠷᠡᠭᠵᠢᠭᠦᠯᠦᠨ᠎ᠡ᠃     ︵ᠳᠥᠷᠪᠡ︶ ᠭᠤᠶᠤᠴᠢᠯᠠᠨ ᠮᠡᠳᠡᠭᠦᠯᠵᠦ ᠮᠠᠭᠠᠳᠯᠠᠨ ᠲᠣᠭᠲᠠᠭᠠᠬᠤ ᠪᠠ ᠡᠮᠴᠢᠯᠡᠭᠡᠨ ᠤ ᠲᠥᠰᠥᠯ ᠢ ᠬᠤᠪᠢᠷᠠᠭᠤᠯᠬᠤ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠬᠠᠷᠠᠭᠠᠯᠵᠠᠯ ᠢ ᠭᠤᠶᠤᠴᠢᠯᠠᠨ ᠮᠡᠳᠡᠭᠦᠯᠵᠦ ᠮᠠᠭᠠᠳᠯᠠᠨ ᠲᠣᠭᠲᠠᠭᠠᠬᠤ ᠪᠠ ᠡᠮᠴᠢᠯᠡᠭᠡᠨ ᠤ ᠲᠥᠰᠥᠯ ᠢ ᠬᠤᠪᠢᠷᠠᠭᠤᠯᠬᠤ ᠠᠵᠢᠯ ᠢ ᠪᠦᠬᠦᠨ ᠢ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠪᠠᠭᠤᠯᠭᠠᠵᠤ ᠭᠦᠢᠴᠡᠳᠬᠡᠭᠦᠯᠦᠨ᠎ᠡ᠃ ᠳᠠᠭᠠᠳᠬᠠᠯ ᠳᠤ ᠣᠷᠣᠯᠴᠠᠭᠰᠠᠳ ᠬᠠᠮᠢᠶ᠎ᠠ ᠪᠦᠬᠦᠢ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠭᠤᠶᠤᠴᠢᠯᠠᠯ ᠭᠠᠷᠭᠠᠪᠠᠯ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠢ ᠬᠢᠨᠠᠨ ᠬᠠᠷᠭᠤᠭᠤᠯᠬᠤ ᠬᠠᠷᠢᠭᠤᠴᠠᠯᠭᠠᠲᠤ ᠡᠮᠴᠢ ᠠᠴᠠ ᠮᠠᠭᠠᠳᠯᠠᠨ ᠲᠣᠭᠲᠠᠭᠠᠵᠤ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠠᠴᠠ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠬᠠᠷᠭᠤᠭᠤᠯᠵᠤ ᠳᠠᠩᠰᠠᠯᠠᠬᠤ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠠᠴᠠ ᠳᠠᠬᠢᠨ ᠬᠢᠨᠠᠵᠤ ᠪᠠᠲᠤᠯᠠᠭᠰᠠᠨ ᠤ ᠳᠠᠷᠠᠭ᠎ᠠ᠂ ᠳᠠᠭᠠᠳᠬᠠᠯ ᠳᠤ ᠣᠷᠣᠯᠴᠠᠭᠰᠠᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠬᠠᠷᠠᠭᠠᠯᠵᠠᠯ ᠢ ᠮᠠᠭᠠᠳᠯᠠᠨ ᠲᠣᠭᠲᠠᠭᠠᠬᠤ ᠭᠤᠶᠤᠴᠢᠯᠠᠯ ᠤᠨ ᠬᠦᠰᠦᠨᠦᠭᠲᠦ︾ ᠪᠠᠷ ᠦᠨᠳᠦᠰᠦᠯᠡᠯ ᠪᠣᠯᠭᠠᠨ᠂ ᠴᠡᠭ ᠲᠣᠭᠲᠠᠭᠠᠭᠰᠠᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠡᠮᠴᠢᠯᠡᠭᠡᠨ ᠤ ᠪᠠᠶᠢᠭᠤᠯᠤᠮᠵᠢ ᠶᠢ ᠰᠠᠶᠢᠨ ᠳᠤᠷ᠎ᠠ ᠠᠴᠠ ᠪᠠᠨ ᠰᠣᠩᠭᠤᠵᠤ ᠡᠮᠴᠢᠯᠡᠭᠦᠯᠬᠦ ᠪᠠ ᠡᠮ ᠬᠤᠳᠠᠯᠳᠤᠨ ᠠᠪᠴᠤ ᠪᠣᠯᠤᠨ᠎ᠠ᠃    ᠳᠠᠭᠠᠳᠬᠠᠯ ᠳᠤ ᠣᠷᠣᠯᠴᠠᠭᠰᠠᠳ ᠡᠪᠡᠳᠴᠢᠨ ᠤ ᠪᠠᠶᠢᠳᠠᠯ ᠠᠴᠠ ᠪᠣᠯᠵᠤ ᠡᠮᠴᠢᠯᠡᠭᠡᠨ ᠤ ᠲᠥᠰᠥᠯ ᠳᠤ ᠲᠣᠬᠢᠷᠠᠭᠤᠯᠤᠯᠲᠠ ᠬᠢᠬᠦ ᠴᠢᠬᠤᠯᠠᠲᠠᠢ ᠪᠠᠶᠢᠪᠠᠯ᠂ ᠬᠢᠨᠠᠨ ᠬᠠᠷᠭᠤᠭᠤᠯᠬᠤ ᠬᠠᠷᠢᠭᠤᠴᠠᠯᠭᠠᠲᠤ ᠡᠮᠴᠢ ᠠᠴᠠ ᠵᠣᠷ ᠪᠢᠴᠢᠨ ᠥᠭᠴᠦ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠠᠴᠠ ᠡᠮ ᠤᠨ ᠵᠣᠷ ᠢ ᠳᠠᠬᠢᠨ ᠬᠢᠨᠠᠬᠤ ᠶᠢᠨ ᠬᠠᠮᠲᠤ ᠠᠯᠪᠠᠨ ᠲᠠᠮᠠᠭ᠎ᠠ ᠳᠠᠷᠤᠬᠤ ᠶᠢ ᠬᠠᠷᠢᠭᠤᠴᠠᠨ᠎ᠠ᠃    ᠳᠠᠭᠠᠳᠬᠠᠯ ᠳᠤ ᠣᠷᠣᠯᠴᠠᠭᠰᠠᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠬᠠᠷᠠᠭᠠᠯᠵᠠᠯ ᠢ ᠮᠠᠭᠠᠳᠯᠠᠨ ᠲᠣᠭᠲᠠᠭᠠᠬᠤ ᠭᠤᠶᠤᠴᠢᠯᠠᠯ ᠤᠨ ᠬᠦᠰᠦᠨᠦᠭᠲᠦ︾ ᠪᠣᠯᠣᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠪᠢᠴᠢᠵᠦ ᠥᠭᠭᠦᠭᠰᠡᠨ ᠵᠣᠷ ᠢᠶᠠᠷ ᠦᠨᠳᠦᠰᠦᠯᠡᠯ ᠪᠣᠯᠭᠠᠨ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠦᠯᠬᠦ ᠪᠠ ᠡᠮ ᠬᠤᠳᠠᠯᠳᠤᠨ ᠠᠪᠴᠤ ᠪᠣᠯᠣᠨ᠎ᠠ᠃    ᠣᠷᠣᠨ ᠤ ᠳᠣᠲᠣᠷᠠᠬᠢ ᠣᠨᠳᠣᠣ ᠭᠠᠵᠠᠷ ᠲᠤ ᠡᠮᠴᠢᠯᠡᠭᠦᠯᠵᠦ ᠪᠠᠶᠢᠭ᠎ᠠ ᠬᠥᠮᠥᠰ ᠪᠠ ᠨᠢᠭᠡᠨᠲᠡ ᠳᠠᠩᠰᠠᠯᠠᠭᠤᠯᠤᠭᠰᠠᠨ ᠮᠤᠵᠢ ᠠᠯᠤᠰᠯᠠᠨ ᠣᠨᠳᠣᠣ ᠭᠠᠵᠠᠷ ᠲᠤ ᠲᠥᠪᠬᠢᠨᠡᠭᠦᠯᠦᠭᠰᠡᠨ ᠠᠵᠢᠯ ᠠᠴᠠ ᠪᠠᠨ ᠪᠠᠭᠤᠵᠤ ᠠᠮᠠᠷᠠᠭᠰᠠᠳ᠂ ᠣᠨᠳᠣᠣ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠭ᠎ᠠ ᠬᠥᠮᠥᠰ᠂ ᠣᠨᠳᠣᠣ ᠭᠠᠵᠠᠷ ᠲᠤ ᠪᠠᠶᠢᠩᠭᠤ ᠰᠠᠭᠤᠭ᠎ᠠ ᠠᠵᠢᠯᠲᠠᠳ᠂ ᠣᠨᠳᠣᠣ ᠭᠠᠵᠠᠷ ᠲᠤ ᠰᠢᠯᠵᠢᠭᠦᠯᠦᠨ ᠡᠮᠴᠢᠯᠡᠭᠦᠯᠵᠦ ᠪᠠᠶᠢᠭ᠎ᠠ ᠬᠥᠮᠥᠰ᠂ ᠡᠮᠴᠢᠯᠡᠭᠦᠯᠵᠦ ᠪᠠᠶᠢᠭ᠎ᠠ ᠭᠠᠵᠠᠷ ᠤᠨ ᠢᠶᠠᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠪᠢᠴᠢᠵᠦ ᠥᠭᠭᠦᠭᠰᠡᠨ ᠵᠣᠷ ᠢᠶᠠᠷ ᠦᠨᠳᠦᠰᠦᠯᠡᠯ ᠪᠣᠯᠭᠠᠨ᠂ ᠣᠨᠳᠣᠣ ᠭᠠᠵᠠᠷ ᠤᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠦᠯᠬᠦ ᠪᠠ ᠡᠮ ᠬᠤᠳᠠᠯᠳᠤᠨ ᠠᠪᠴᠤ ᠪᠣᠯᠣᠨ᠎ᠠ᠃    ︵ᠲᠠᠪᠤ︶ ᠵᠠᠷᠤᠳᠠᠯ ᠢ ᠳ᠋ᠦᠩᠨᠡᠨ ᠪᠤᠳᠤᠬᠤ᠃ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠵᠠᠷᠤᠳᠠᠯ ᠢ ᠳ᠋ᠦᠩᠨᠡᠨ ᠪᠤᠳᠤᠬᠤ ᠳᠤ ᠤᠯᠤᠰ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠬᠦᠩᠭᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠣᠨᠣᠰᠢᠯᠠᠨ ᠡᠮᠨᠡᠬᠦ ᠲᠥᠷᠥᠯ ᠵᠦᠢᠯ ᠵᠢᠴᠢ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠶᠢᠨ ᠬᠡᠪᠴᠢᠶ᠎ᠡ ᠪᠠ ᠲᠥᠯᠥᠬᠦ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ᠃ ᠳᠡᠭᠡᠷ᠎ᠡ ᠳᠤᠷᠠᠳᠤᠭᠰᠠᠨ ᠲᠣᠭᠲᠠᠭᠠᠯ ᠠᠴᠠ ᠳᠠᠪᠠᠭᠰᠠᠨ ᠡᠮ ᠡᠮᠨᠡᠯᠭᠡ ᠶᠢᠨ ᠵᠠᠷᠤᠳᠠᠯ ᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠦᠩᠭᠦ ᠠᠴᠠ ᠲᠥᠯᠥᠵᠦ ᠥᠭᠬᠦ ᠦᠭᠡᠢ᠃    ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠵᠠᠷᠤᠳᠠᠯ ᠢ ᠲᠡᠷᠡ ᠳᠠᠷᠤᠢ ᠳᠤ ᠨᠢ ᠳ᠋ᠦᠩᠨᠡᠨ ᠪᠤᠳᠤᠬᠤ ᠶᠢ ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠳ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠦᠯᠬᠦ ᠪᠠ ᠡᠮ ᠬᠤᠳᠠᠯᠳᠤᠨ ᠠᠪᠬᠤ ᠳᠤ ᠪᠠᠨ᠂ ᠡᠮ ᠡᠮᠨᠡᠯᠭᠡ ᠶᠢᠨ ᠳᠠᠭᠠᠳᠬᠠᠯ ᠤᠨ ᠡᠯᠧᠺᠳ᠋ᠷᠣᠨ ᠭᠡᠷᠡᠴᠢ ᠪᠠᠷᠢᠮᠲᠠ᠂ ᠨᠡᠶᠢᠭᠡᠮ ᠤᠨ ᠪᠠᠲᠤᠯᠠᠭ᠎ᠠ ᠶᠢᠨ ᠺᠠᠷᠲ ᠵᠡᠷᠭᠡ ᠬᠦᠴᠦᠨ ᠪᠦᠬᠦᠢ ᠭᠡᠷᠡᠴᠢ ᠪᠠᠷᠢᠮᠲᠠ ᠪᠠᠷ ᠢᠶᠠᠨ ᠰᠢᠭᠤᠳ ᠳ᠋ᠦᠩᠨᠡᠨ ᠪᠤᠳᠤᠵᠤ᠂ ᠬᠤᠪᠢ ᠬᠥᠮᠥᠨ ᠤ ᠥᠪᠡᠷ ᠢᠶᠠᠨ ᠬᠠᠷᠢᠭᠤᠴᠠᠬᠤ ᠬᠡᠰᠡᠭ ᠢ ᠬᠤᠪᠢ ᠬᠥᠮᠥᠨ ᠤ ᠲᠠᠩᠰᠠᠨ ᠡᠷᠦᠬᠡ ᠶᠢᠨ ᠪᠡᠯᠡ ᠮᠥᠩᠭᠦ ᠪᠤᠶᠤ ᠪᠡᠯᠡᠨ ᠵᠣᠭᠤᠰ ᠢᠶᠠᠷ ᠲᠥᠯᠥᠵᠦ᠂ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠠᠴᠠ ᠳᠥᠯᠥᠬᠦ ᠬᠡᠰᠡᠭ ᠢ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠠᠩᠰᠠᠯᠠᠨ ᠲᠡᠮᠳᠡᠭᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠢᠯᠭᠠᠪᠤᠷᠢᠯᠠᠨ ᠲᠣᠭᠠᠴᠠᠭᠠᠯᠠᠨ᠎ᠠ᠃ ᠴᠡᠭ ᠲᠣᠭᠲᠠᠭᠠᠭᠰᠠᠨ ᠪᠤᠰᠤ ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠦᠯᠬᠦ ᠪᠠ ᠡᠮ ᠬᠤᠳᠠᠯᠳᠤᠨ ᠠᠪᠬᠤ ᠳᠤ ᠵᠠᠷᠤᠴᠠᠭᠤᠯᠤᠭᠰᠠᠨ ᠵᠠᠷᠤᠳᠠᠯ ᠢ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠲᠥᠯᠥᠵᠦ ᠥᠭᠬᠦ ᠦᠭᠡᠢ ᠃ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠲᠥᠷᠥᠯ ᠯᠦᠭᠡ ᠬᠤᠯᠪᠣᠭᠳᠠᠬᠤ ᠡᠮ ᠤᠨ ᠵᠦᠢᠯ᠂ ᠪᠠᠶᠢᠴᠠᠭᠠᠵᠤ ᠰᠢᠨᠵᠢᠯᠡᠨ ᠰᠢᠯᠭᠠᠬᠤ᠂ ᠡᠮᠴᠢᠯᠡᠬᠦ ᠵᠢᠴᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠵᠠᠷᠤᠳᠠᠯ ᠢ ᠡᠪᠡᠳᠴᠢᠨ ᠤ ᠲᠥᠷᠥᠯ ᠤᠨ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠳᠣᠲᠤᠷ᠎ᠠ ᠲᠦᠯᠦᠬᠦ ᠬᠠᠷᠢᠴᠠᠯ ᠢᠶᠠᠷ ᠲᠥᠯᠥᠵᠦ ᠥᠭᠭᠦᠨ᠎ᠡ᠃ ᠪᠠᠶᠢᠴᠠᠭᠠᠵᠤ ᠰᠢᠨᠵᠢᠯᠡᠨ ᠰᠢᠯᠭᠠᠬᠤ ᠵᠠᠷᠤᠳᠠᠯ ᠢ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠦᠯᠦᠭᠰᠡᠨ ᠰᠠᠭᠤᠷᠢᠨ ᠳᠡᠭᠡᠷ᠎ᠡ᠂ ᠡᠪᠡᠳᠴᠢᠨ ᠤ ᠲᠥᠷᠥᠯ ᠢ ᠮᠠᠭᠠᠳᠯᠠᠨ ᠲᠣᠭᠲᠠᠭᠠᠭᠰᠠᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠠᠴᠠ ᠲᠠᠩᠰᠠ ᠴᠠᠶᠢᠷᠠᠭᠤᠯᠵᠤ ᠥᠭᠭᠦᠨ᠎ᠡ᠃    ︵ᠵᠢᠷᠭᠤᠭ᠎ᠠ︶ ᠦᠢᠯᠡᠴᠢᠯᠡᠭᠡᠨ ᠤ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠨᠤᠭᠤᠳ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠦᠢᠯᠡᠴᠢᠯᠡᠭᠡᠨ ᠤ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠂ ᠳᠠᠭᠠᠳᠬᠠᠯ ᠳᠤ ᠣᠷᠣᠯᠴᠠᠭᠰᠠᠳ ᠲᠤ ᠦᠨᠡᠨ ᠬᠦ ᠴᠢᠨᠠᠷ ᠰᠠᠶᠢᠲᠠᠢ ᠦᠢᠯᠡᠴᠢᠯᠡᠭᠡ ᠬᠠᠩᠭᠠᠬᠤ ᠬᠡᠷᠡᠭᠲᠡᠢ᠃ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠨᠢ ᠳᠠᠭᠠᠳᠬᠠᠯ ᠳᠤ ᠣᠷᠣᠯᠴᠠᠭᠰᠠᠳ ᠲᠤ ᠲᠥᠷᠥᠯ ᠵᠦᠢᠯ ᠤᠨ ᠨᠡᠷᠡᠶᠢᠳᠦᠯ᠂ ᠬᠡᠪ ᠪᠠᠷᠢᠮᠵᠢᠶ᠎ᠠ᠂ ᠡᠮ ᠤᠨ ᠬᠡᠮᠵᠢᠶ᠎ᠡ᠂ ᠦᠨ᠎ᠡ ᠬᠠᠩᠰᠢ ᠵᠡᠷᠭᠡ ᠮᠡᠳᠡᠭᠡ ᠵᠠᠩᠭᠢ ᠶᠢ ᠪᠠᠭᠲᠠᠭᠠᠭᠰᠠᠨ ᠡᠮ ᠬᠤᠳᠠᠯᠳᠤᠨ ᠠᠪᠬᠤ ᠡᠬᠡ ᠲᠠᠩᠰᠠ ᠪᠠᠶᠢᠭᠤᠯᠤᠨ ᠥᠭᠴᠦ᠂ ᠡᠮ ᠬᠤᠳᠠᠯᠳᠤᠨ ᠠᠪᠤᠭᠰᠠᠨ ᠤ ᠳᠠᠷᠠᠭ᠎ᠠ ᠲᠣᠰ ᠬᠥᠮᠥᠨ ᠪᠤᠶᠤ ᠭᠡᠷ ᠪᠦᠯᠢ ᠶᠢᠨ ᠬᠢᠨ ᠢᠶᠠᠷ ᠨᠢ ᠭᠠᠷ ᠤᠨ ᠥᠰᠥᠭ ᠵᠢᠷᠤᠭᠤᠯᠤᠨ ᠨᠤᠲᠠᠯᠠᠭᠤᠯᠵᠤ᠂ ᠡᠬᠡ ᠲᠠᠩᠰᠠ ᠶᠢ ᠡᠭᠦᠷᠢᠳᠡ ᠬᠠᠳᠠᠭᠠᠯᠠᠬᠤ ᠬᠡᠷᠡᠭᠲᠡᠢ᠃ ᠡᠯᠧᠳ᠋ᠷᠤᠨ ᠡᠬᠡ ᠲᠡᠩᠰᠠ ᠪᠠᠶᠢᠭᠤᠯᠬᠤ ᠶᠢᠨ ᠠᠷᠭ᠎ᠠ ᠦᠭᠡᠢ ᠪᠣᠯ ᠴᠠᠭᠠᠰᠤᠨ ᠡᠬᠡ ᠲᠡᠩᠰᠠ ᠪᠠᠶᠢᠭᠤᠯᠬᠤ ᠬᠡᠷᠡᠭᠲᠡᠢ᠃ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠨᠢ ᠡᠮᠨᠡᠯᠭᠡ ᠶᠢᠨ ᠠᠵᠢᠯᠲᠠᠳ ᠢ ᠬᠢᠨᠠᠮᠠᠭᠠᠢ ᠵᠣᠬᠢᠶᠠᠨ ᠪᠠᠶᠢᠭᠤᠯᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠲᠤᠬᠠᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠰᠤᠷᠤᠯᠴᠠᠭᠤᠯᠵᠤ᠂ ᠬᠢᠨᠠᠨ ᠬᠠᠷᠭᠤᠭᠤᠯᠬᠤ ᠬᠠᠷᠢᠭᠤᠴᠠᠯᠭᠠᠲᠤ ᠡᠮᠴᠢ ᠨᠢ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠬᠡᠪᠴᠢᠶ᠎ᠡ᠂ ᠪᠠᠷᠢᠮᠵᠢᠶ᠎ᠠ ᠵᠢᠴᠢ ᠭᠦᠢᠴᠡᠳᠬᠡᠬᠦ ᠶᠠᠪᠤᠴᠠ ᠶᠢ ᠡᠵᠡᠮᠰᠢᠭᠰᠡᠨ ᠪᠠᠶᠢᠬᠤ ᠬᠡᠷᠡᠭᠲᠡᠢ᠃ ᠬᠢᠨᠠᠨ ᠬᠠᠷᠭᠤᠭᠤᠯᠬᠤ ᠬᠠᠷᠢᠭᠤᠴᠠᠯᠭᠠᠲᠤ ᠡᠮᠴᠢ ᠨᠢ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠢ ᠬᠢᠨᠠᠮᠠᠭᠠᠢ ᠬᠢᠨᠠᠨ ᠬᠠᠷᠭᠤᠭᠤᠯᠵᠤ᠂ ᠡᠮ ᠤᠨ ᠵᠦᠢᠯ ᠤᠨ ᠲᠣᠳᠣᠷᠬᠠᠶᠢᠯᠠᠯ ᠤᠨ ᠪᠢᠴᠢᠭ ᠪᠣᠯᠣᠨ ᠤᠯᠤᠰ ᠬᠢᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠣᠯᠣᠨ ᠬᠥᠩᠭᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠤᠨ ᠬᠢᠵᠠᠭᠠᠷᠯᠠᠨ ᠲᠣᠭᠲᠠᠭᠠᠭᠰᠠᠨ ᠬᠡᠷᠡᠭᠯᠡᠬᠦ ᠨᠥᠬᠦᠴᠡᠯ ᠢ ᠴᠢᠩᠭ᠎ᠠ ᠵᠢᠷᠤᠮᠯᠠᠨ ᠡᠮ ᠬᠡᠷᠡᠭᠯᠡᠬᠦ ᠲᠥᠰᠥᠯ ᠢ ᠲᠣᠭᠲᠠᠭᠠᠬᠤ ᠶᠢᠨ ᠬᠠᠮᠲᠤ ᠬᠢᠨᠠᠨ ᠬᠠᠷᠭᠤᠭᠤᠯᠤᠭᠰᠠᠨ ᠦᠷ᠎ᠡ ᠳ᠋ᠦᠩ ᠪᠣᠯᠣᠨ ᠡᠮ ᠬᠡᠷᠡᠭᠯᠡᠬᠦ ᠲᠥᠰᠥᠯ ᠳᠤ ᠪᠥᠬᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃    ︵ᠲᠤᠯᠤᠭ᠎ᠠ︶ ᠭᠦᠢᠴᠡᠳᠬᠡᠬᠦ ᠬᠤᠭᠤᠴᠠᠭ᠎ᠠ᠃ ︽ᠬᠠᠮᠢᠶᠠᠷᠤᠯᠲᠠ ᠶᠢᠨ ᠠᠷᠭ᠎ᠠ︾ ᠶᠢ 2022 ᠣᠨ ᠤ 10 ᠳ᠋ᠤᠭᠠᠷ ᠰᠠᠷ᠎ᠠ ᠶᠢᠨ 1        ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠲᠣᠰ ᠠᠷᠭ᠎ᠠ ᠲᠠᠢ ᠨᠡᠶᠢᠴᠡᠬᠦ ᠦᠭᠡᠢ ᠪᠦᠬᠦᠨ ᠢ ᠲᠣᠰ ᠠᠷᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃    ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠠᠴᠠ ᠠᠰᠲᠠᠭᠠᠨ ᠰᠢᠨ᠎ᠡ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号