ᠡᠯ᠎ᠡ ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ | ᠣᠷᠳᠣᠨ ᠤ ᠡᠯ᠎ᠡ ᠰᠠᠯᠠᠭ᠎ᠠ ᠮᠥᠴᠢᠷ᠂ ᠬᠥᠯᠥᠨ ᠪᠤᠶᠢᠷ ᠬᠤᠲᠠ ᠳᠤ ᠰᠠᠭᠤᠭ᠎ᠠ ᠡᠯ᠎ᠡ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠳᠤ᠄ | | 2022 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢ ᠪᠠᠲᠤᠲᠠᠶ | ᠰᠠᠶᠢᠲᠤᠷ ᠬᠢᠬᠦ ᠶᠢᠨ ᠲᠥᠯᠥᠭᠡ᠂ ᠡᠳᠦᠭᠡ ᠬᠠᠮᠢᠶ᠎ᠠ ᠪᠥᠬᠦᠶ ᠤᠴᠢᠷ ᠢ ᠮᠡᠳᠡᠭᠳᠡᠶ᠎ᠡ᠄ | | ᠨᠢᠭᠡ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢᠨ ᠴᠢᠬᠤᠯᠠ ᠠᠴᠢ | ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠶ | | ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠪᠣᠯ ᠥᠪᠡᠷᠲᠡᠭᠡᠨ ᠵᠠᠰᠠᠬᠤ | ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠦᠷᠢᠮ︾ ᠵᠡᠷᠭᠡ ᠬᠤᠯᠪᠤᠭᠳᠠᠯ ᠪᠥᠬᠦᠶ ᠲᠣᠭᠲᠠᠭᠠᠯ ᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠪᠥᠬᠦ | ᠣᠷᠣᠨ ᠤ ᠡᠯ᠎ᠡ ᠱᠠᠲᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ ᠨᠠᠶᠢᠳᠠᠵᠤ ᠵᠣᠬᠢᠶᠠᠨ ᠪᠠᠶᠢᠭᠤᠯᠤᠨ | ᠥᠷᠨᠢᠭᠦᠯᠵᠦ ᠪᠠᠶᠢᠭ᠎ᠠ ᠨᠢᠭᠡ ᠵᠦᠢᠯ ᠤᠨ ᠪᠠᠶᠢᠩᠭᠤ ᠶᠢᠨ ᠨᠡᠶᠢᠲᠡ ᠶᠢᠨ ᠠᠰᠠᠷᠠᠮᠵᠢ ᠶᠢᠨ ᠴᠤᠭᠯᠠᠭᠤᠯᠵᠤ ᠬᠠᠨᠳᠢᠪᠯᠠᠬᠤ | ᠠᠵᠢᠯᠯᠠᠭ᠎ᠠ ᠮᠥᠨ᠃ 17 ᠵᠢᠯ ᠤᠨ ᠲᠤᠷᠰᠢ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠭᠡᠮ ᠤᠨ ᠡᠯ᠎ᠡ ᠡᠲᠡᠭᠡᠳ ᠤᠨ ᠬᠠᠯᠠᠭᠤᠨ ᠰᠡᠳᠬᠢᠯᠲᠦ ᠬᠥᠮᠦᠰ ᠥᠷᠭᠡᠨ ᠢᠶᠠᠷ | ᠣᠷᠣᠯᠴᠠᠨ᠂ ᠢᠯᠡᠳᠲᠡ ᠨᠡᠶᠢᠭᠡᠮ ᠤᠨ ᠦᠷ᠎ᠡ ᠠᠰᠢᠭ ᠣᠯᠵᠤ᠂ ᠴᠤᠭᠯᠠᠭᠤᠯᠵᠤ ᠬᠠᠨᠳᠢᠪᠯᠠᠬᠤ ᠪᠠᠶᠢᠩᠭᠤ ᠶᠢᠨ | ᠪᠦᠲᠦᠮᠵᠢᠲᠡᠶ ᠲᠣᠭᠲᠠᠴᠠ ᠶᠢ ᠪᠦᠷᠢᠯᠳᠦᠭᠦᠯᠵᠡᠶ᠃ | | ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ ᠴᠠᠭᠠᠨ ᠰᠠᠷ᠎ᠠ ᠪᠠᠷ ᠬᠠᠶᠢᠷ᠎ᠠ ᠬᠠᠯᠠᠮᠵᠢ ᠬᠦᠷᠭᠡᠶ᠎ᠡ︾ ︽ | ᠭᠡᠷᠡᠯ ᠭᠡᠭᠡ ᠶᠢᠨ ᠠᠶᠠᠯᠠᠯ︾ ᠶᠠᠳᠠᠭᠤ ᠬᠦᠴᠢᠷᠳᠡᠯ ᠲᠠᠢ ᠴᠠᠭᠠᠨ ᠬᠠᠷᠠᠩ ᠡᠪᠡᠳᠴᠢᠲᠡᠨ ᠳᠤ ᠰᠦᠢᠳᠬᠡᠯ ᠬᠤᠷᠢᠶᠠᠬᠤ | ᠦᠭᠡᠶ ᠮᠡᠰᠡ ᠵᠠᠰᠠᠯ ᠬᠢᠬᠦ᠂ ︽ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢᠨ ᠠᠷᠠᠳ ᠲᠤ ᠳᠥᠭᠦᠮ | ᠦᠵᠡᠭᠦᠯᠬᠦ ᠬᠥᠭᠦᠷᠭᠡ︾ ︽ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢᠨ ᠭᠡᠷ ᠣᠷᠣᠨ︾ ᠵᠡᠷᠭᠡ ᠨᠡᠶᠢᠭᠡᠮ ᠤᠨ | ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠭᠡᠷ | ᠪᠦᠯᠢ ᠶᠢᠨ ᠬᠦᠨᠳᠦ ᠡᠪᠡᠳᠴᠢᠲᠡᠨ ᠢ ᠠᠪᠤᠷᠠᠨ ᠲᠤᠰᠠᠯᠠᠬᠤ ᠪᠠ ᠣᠯᠠᠨ ᠲᠦᠮᠡᠨ ᠤ ᠬᠡᠷᠡᠭᠴᠡᠭᠡ ᠶᠢ ᠲᠤᠰᠠᠯᠠᠨ | ᠪᠠᠶᠢᠭᠤᠯᠬᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠴᠢᠳᠠᠪᠬᠢᠲᠤ ᠬᠥᠮᠥᠡᠯᠢᠭ ᠠᠪᠤᠷᠠᠨ ᠲᠤᠰᠠᠯᠠᠬᠤ | ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠪᠣᠯᠤᠨ | ᠰᠤᠯᠠ ᠪᠠᠭᠤᠷᠠᠢ ᠬᠠᠮᠲᠤᠯᠢᠭ ᠲᠤ ᠨᠠᠮ ᠪᠠ ᠵᠠᠰᠠᠭ ᠤᠨ ᠣᠷᠳᠣᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠠᠶᠢᠷ᠎ᠠ | ᠬᠠᠯᠠᠮᠵᠢ ᠶᠢ ᠬᠦᠷᠭᠡᠵᠦ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ᠂ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ | ᠳᠤᠮᠳᠠ ᠴᠢᠬᠤᠯᠠ ᠦᠢᠯᠡᠳᠦᠯ ᠦᠵᠡᠭᠦᠯᠪᠡ᠃ 2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ | ᠬᠤᠷᠠᠯᠳᠤᠭᠤᠯᠬᠤ ᠵᠢᠯ ᠮᠥᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠠ | ᠬᠤᠷᠠᠯ ᠤᠨ ᠵᠣᠷᠢᠭ ᠰᠠᠨᠠᠭ᠎ᠠ ᠪᠠ ᠬᠥᠯᠥᠨ ᠪᠤᠶᠢᠷ ᠬᠤᠳᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠴᠢᠬᠤᠯᠠ | ᠨᠢᠭᠡ ᠵᠢᠯ ᠮᠥᠨ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠬᠢᠨ ᠤᠯᠤᠰ | ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠᠨ | ᠨᠢᠭᠲᠠᠷᠠᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠥᠨᠳᠦᠷᠴᠡ ᠠᠴᠠ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ | ᠬᠠᠨᠳᠢᠪᠯᠠᠯ︾ ᠤᠨ ᠠᠵᠢᠯᠯᠠᠭ᠎ᠠ ᠶᠢᠨ ᠬᠥᠮᠦᠯᠢᠭ ᠦᠵᠡᠯ ᠤᠨ ᠬᠦᠴᠦᠨ ᠢ ᠨᠢᠭᠲᠠᠷᠠᠭᠤᠯᠬᠤ᠂ ᠠᠷᠠᠳ ᠤᠨ | ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠬᠦ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ | ᠬᠦᠮᠦᠵᠢᠭᠦᠯᠦᠨ ᠦᠢᠯᠡᠳᠦᠯᠭᠡᠵᠢᠭᠦᠯᠬᠦ ᠵᠡᠷᠭᠡ ᠲᠠᠯ᠎ᠠ ᠪᠠᠷ ᠬᠢ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ | ᠤᠬᠠᠭᠤᠯᠤᠨ ᠬᠥᠲᠥᠯᠦᠨ ᠵᠢᠯᠣᠭᠤᠳᠬᠤ ᠶᠢ ᠰᠠᠶᠢᠲᠤᠷ ᠠᠳᠬᠤᠵᠤ᠂ ᠬᠢᠨᠠᠮᠠᠭᠠᠶ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠬᠤ ᠬᠡᠷᠡᠭᠲᠡᠶ᠃ | | ᠬᠤᠶᠠᠷ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢ ᠰᠠᠶᠢᠲᠤᠷ ᠵᠣᠬᠢᠶᠠᠨ | ᠪᠠᠶᠢᠭᠤᠯᠤᠨ ᠥᠷᠨᠢᠭᠦᠯᠬᠦ ᠬᠡᠷᠡᠭᠲᠡᠢ | | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠬᠢᠨ ︽ᠲᠦᠭᠡᠮᠡᠯ ᠬᠠᠶᠢᠷ᠎ᠠ ᠶᠢᠨ ᠨᠢᠭᠡ | ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠰᠠᠶᠢᠨ ᠳᠤᠷ᠎ᠠ ᠶᠢᠨ | ᠦᠢᠯᠡᠴᠢᠯᠡᠭᠡᠨ ᠤ ᠴᠢᠬᠤᠯᠠ ᠠᠭᠤᠯᠭ᠎ᠠ ᠪᠣᠯᠭᠠᠵᠤ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ | ᠠᠵᠢᠯᠯᠠᠭ᠎ᠠ ᠶᠢ ᠨᠢᠮᠪᠠᠶ ᠲᠥᠰᠦᠪᠯᠡᠨ ᠲᠥᠪᠯᠡᠷᠡᠭᠦᠯᠦᠨ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠃ ᠦᠵᠡᠯ | ᠰᠠᠨᠠᠭᠠᠨ ᠤ ᠳᠠᠶᠢᠴᠢᠯᠠᠯᠲᠠ ᠶᠢ ᠦᠨᠡᠨ ᠬᠦ ᠰᠠᠶᠢᠲᠤᠷ ᠬᠢᠵᠦ᠂ ᠬᠥᠮᠦᠨ ᠪᠦᠬᠦᠨ ᠨᠡᠶᠢᠲᠡ ᠶᠢᠨ ᠠᠰᠠᠷᠠᠮᠵᠢ ᠳᠤ | ᠣᠷᠣᠯᠴᠠᠬᠤ᠂ ᠬᠥᠮᠦᠨ ᠪᠦᠬᠦᠨ ᠤ ᠬᠠᠶᠢᠷ᠎ᠠ ᠪᠠᠨ ᠢᠪᠢᠯᠬᠦ ᠨᠡᠶᠢᠲᠡ ᠶᠢᠨ ᠠᠰᠠᠷᠠᠮᠵᠢ ᠶᠢᠨ ᠣᠨᠣᠯᠵᠢᠬᠤᠨ ᠢ ᠶᠡᠬᠡᠪᠡᠷ | ᠰᠠᠨᠠᠭᠠᠴᠢᠯᠠᠵᠤ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢᠨ ᠴᠢᠬᠤᠯᠠ ᠠᠴᠢ | ᠬᠤᠯᠪᠣᠭᠳᠠᠯ ᠢ ᠶᠡᠬᠡᠪᠡᠷ ᠤᠬᠠᠭᠤᠯᠵᠤ᠂ ᠠᠵᠢᠯᠯᠠᠭ᠎ᠠ ᠶᠢᠨ ᠣᠶᠢᠯᠠᠭᠠᠬᠤ ᠨᠣᠷᠮ᠎ᠠ᠂ ᠮᠡᠳᠡᠷᠡᠬᠦ ᠨᠣᠷᠮ᠎ᠠ᠂ ᠳᠡᠮᠵᠢᠬᠦ | ᠨᠣᠷᠮ᠎ᠠ ᠶᠢ ᠠᠯᠬᠤᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠶ᠃ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ | ᠬᠠᠨᠳᠢᠪᠯᠠᠯ︾ ᠤᠨ ᠠᠵᠢᠯᠯᠠᠭ᠎ᠠ ᠶᠢᠨ ᠳᠤᠮᠳᠠ ᠴᠣᠯᠭᠤᠷᠠᠨ ᠭᠠᠷᠤᠭᠰᠠᠨ ᠲᠡᠷᠢᠭᠦᠨ ᠤ ᠬᠠᠮᠲᠤ ᠨᠢᠭᠡᠴᠢ ᠪᠠ ᠬᠤᠪᠢ | ᠬᠥᠮᠦᠨ ᠢ ᠲᠥᠪᠯᠡᠷᠡᠭᠦᠯᠦᠨ ᠤᠬᠠᠭᠤᠯᠤᠨ ᠮᠡᠳᠡᠭᠡᠯᠡᠵᠦ᠂ ᠬᠠᠨᠳᠢᠪᠯᠠᠬᠤ ᠦᠢᠯᠡ ᠠᠵᠢᠯᠯᠠᠭ᠎ᠠ ᠶᠢ ᠮᠠᠭᠲᠠᠨ | ᠰᠠᠶᠢᠰᠢᠶᠠᠵᠤ᠂ ᠨᠡᠶᠢᠭᠡᠮ ᠤᠨ ᠪᠣᠯᠪᠠᠰᠤᠨ ᠤ ᠬᠡᠪ ᠰᠤᠷᠲᠠᠯ ᠢ ᠬᠥᠲᠥᠯᠦᠨ ᠵᠢᠯᠣᠭᠤᠳᠴᠤ᠂ ︽ᠲᠦᠭᠡᠮᠡᠯ | ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ | ᠂ ᠲᠣᠰ ᠨᠢᠭᠡᠴᠢ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠪᠠ ᠨᠡᠶᠢᠭᠡᠮ ᠤᠨ ᠨᠡᠶᠢᠲᠡ ᠶᠢᠨ ᠠᠰᠠᠷᠠᠮᠵᠢ ᠳᠤ | ᠣᠷᠣᠯᠴᠠᠬᠤ ᠶᠢ ᠠᠬᠢᠭᠤᠯᠬᠤ ᠴᠢᠬᠤᠯᠠ ᠠᠴᠢᠶᠠᠯᠠᠪᠤᠷᠢ ᠪᠣᠯᠭᠠᠵᠤ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ | ᠬᠠᠨᠳᠢᠪᠯᠠᠯ︾ ᠤᠨ ᠪᠠᠶᠢᠩᠭᠤ ᠶᠢᠨ ᠪᠦᠲᠦᠮᠵᠢᠲᠦ ᠲᠣᠭᠲᠠᠴᠠ ᠶᠢ ᠠᠯᠬᠤᠮ ᠴᠢᠨᠠᠭᠰᠢᠳᠠ ᠪᠠᠬᠢᠵᠢᠭᠦᠯᠬᠦ ᠬᠡᠷᠡᠭᠲᠡᠶ᠃ | ᠡᠯ᠎ᠡ ᠱᠠᠲᠤᠨ ᠤ ᠤᠳᠤᠷᠢᠳᠬᠤ ᠺᠠᠳ᠋ᠷᠴᠤᠳ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠭᠦᠢᠴᠡᠳ | ᠪᠠᠳᠠᠷᠠᠭᠤᠯᠵᠤ᠂ ᠲᠦᠷᠦᠭᠦᠯᠡᠨ ᠤᠬᠠᠭᠤᠯᠤᠨ ᠲᠠᠶᠢᠴᠢᠯᠠᠵᠤ᠂ ᠬᠠᠨᠳᠢᠪ ᠬᠠᠶᠢᠷ᠎ᠠ ᠬᠠᠯᠠᠮᠵᠢ ᠬᠦᠷᠭᠡᠬᠦ ᠳᠤ ᠲᠦᠷᠦᠭᠦᠯᠡᠨ | ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠥᠷᠭᠡᠨ ᠤᠯᠠᠨ ᠺᠠᠳ᠋ᠷ ᠤᠯᠠᠨ ᠲᠦᠮᠡᠨ ᠤ ᠬᠠᠨᠳᠢᠪᠯᠠᠬᠤ | ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠶᠢ ᠨᠥᠯᠥᠭᠡᠯᠡᠨ ᠳᠠᠶᠢᠴᠢᠯᠠᠬᠤ ᠬᠡᠷᠡᠭᠲᠡᠶ᠃ | | ᠭᠤᠷᠪᠠ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠬᠠᠨᠳᠢᠪ ᠤᠨ ᠪᠠᠯᠠ ᠮᠥᠩᠭᠦ ᠶᠢ | ᠰᠠᠶᠢᠲᠤᠷ ᠬᠠᠮᠢᠶᠠᠷᠴᠤ ᠵᠥᠪ ᠬᠡᠷᠡᠭᠯᠡᠬᠦ ᠬᠡᠷᠡᠭᠲᠡᠶ | | ᠡᠯ᠎ᠡ ᠱᠠᠲᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨ ᠬᠠᠷᠢᠭᠤᠴᠠᠯᠭ᠎ᠠ ᠶᠢᠨ ᠦᠵᠡᠯ ᠤᠬᠠᠮᠰᠠᠷ᠂ | ᠦᠢᠯᠡᠴᠢᠯᠡᠭᠡᠨ ᠤ ᠦᠵᠡᠯ ᠤᠬᠠᠮᠰᠠᠷ ᠢᠶᠠᠨ ᠦᠨᠡᠨ ᠬᠦ ᠴᠢᠩᠭᠠᠷᠠᠭᠤᠯᠵᠤ᠂ ᠥᠪᠡᠷ ᠢ ᠪᠠᠨ ᠱᠠᠭᠠᠷᠳᠠᠬᠤ | ᠲᠣᠭᠲᠠᠴᠠ ᠪᠠᠨ ᠠᠯᠬᠤᠮ ᠴᠢᠨᠠᠭᠰᠢᠳᠠ ᠲᠡᠭᠦᠯᠳᠡᠷᠵᠢᠭᠦᠯᠦᠨ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ | ᠬᠠᠨᠳᠢᠪᠯᠠᠯ︾ ᠤᠨ ᠪᠤᠶᠠᠨ ᠤ ᠮᠥᠩᠭᠦ ᠶᠢ ᠭᠥᠯᠢᠶᠡᠨ ᠠᠪᠬᠤ᠂ ᠬᠠᠮᠢᠶᠠᠷᠬᠤ ᠪᠠ ᠬᠡᠷᠡᠭᠯᠡᠬᠦ ᠠᠵᠢᠯ ᠢ ᠴᠢᠩᠭ᠎ᠠ ᠨᠢᠮᠪᠠᠶ᠂ | ᠵᠢᠷᠤᠮᠵᠢᠯ ᠲᠠᠢ᠂ ᠥᠨᠳᠥᠷ ᠦᠷ᠎ᠡ ᠪᠦᠲᠦᠮᠵᠢᠲᠡᠶ ᠪᠠᠷ ᠰᠠᠶᠢᠲᠤᠷ ᠬᠢᠬᠦ ᠬᠡᠷᠡᠭᠲᠡᠶ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ︿ᠲᠦᠭᠡᠮᠡᠯ ᠬᠠᠶᠢᠷ᠎ᠠ ᠶᠢᠨ ᠨᠢᠭᠡ | ᠡᠳᠦᠷ ᠤᠨ ᠬᠠᠨᠳᠢᠪᠯᠠᠯ﹀ ᠤᠨ ᠬᠠᠨᠳᠢᠪ ᠤᠨ ᠮᠥᠩᠭᠦ ᠶᠢ ᠭᠥᠯᠢᠶᠡᠨ ᠠᠪᠴᠤ ᠬᠠᠮᠢᠶᠠᠷᠴᠤ ᠬᠡᠷᠡᠭᠯᠡᠬᠦ ᠠᠷᠭ᠎ᠠ︾ ᠶᠢ | ᠴᠢᠩᠭ᠎ᠠ ᠬᠡᠷᠡᠭᠵᠢᠭᠦᠯᠵᠦ᠂ ᠬᠠᠨᠳᠢᠪ ᠤᠨ ᠪᠠᠯᠠ ᠮᠥᠩᠭᠦ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ | ᠳᠣᠭᠢᠷᠠᠭᠤᠯᠤᠨ ᠬᠡᠷᠡᠭᠯᠡᠵᠦ᠂ ᠡᠯ᠎ᠡ ᠵᠦᠢᠯ ᠤᠨ ᠬᠥᠮᠥᠡᠯᠢᠭ ᠠᠪᠤᠷᠠᠨ ᠲᠤᠰᠠᠯᠠᠬᠤ ᠲᠥᠷᠥᠯ ᠵᠦᠢᠯ ᠪᠠ ᠠᠵᠢᠯᠯᠠᠭ᠎ᠠ ᠶᠢ | ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠤᠭ ᠠᠴᠠ ᠠᠪᠤᠷᠠᠨ ᠲᠤᠰᠠᠯᠠᠬᠤ ᠬᠡᠷᠡᠭᠲᠡᠢ ᠣᠯᠠᠨ ᠲᠦᠮᠡᠨ ᠢ | ᠠᠪᠤᠷᠠᠨ ᠲᠤᠰᠠᠯᠠᠬᠤ ᠶᠢ ᠦᠨᠡᠨ ᠬᠦ ᠪᠠᠲᠤᠯᠠᠵᠤ᠂ ᠪᠤᠶᠠᠨ ᠤ ᠮᠥᠩᠭᠦ ᠶᠢ ᠵᠥᠪ ᠬᠡᠷᠡᠭᠯᠡᠨ᠂ ᠰᠠᠶᠢᠨ ᠶᠠᠪᠤᠳᠠᠯ ᠢ | ᠪᠣᠳᠠᠲᠠᠶ ᠬᠢᠵᠦ᠂ ᠬᠠᠮᠤᠭ ᠤᠨ ᠶᠡᠭᠡ ᠨᠡᠶᠢᠭᠡᠮ ᠤᠨ ᠦᠷ᠎ᠡ ᠠᠰᠢᠭ ᠢ ᠪᠠᠳᠠᠷᠠᠭᠤᠯᠬᠤ ᠬᠡᠷᠡᠭᠲᠡᠶ᠃ ᠮᠡᠳᠡᠭᠡ ᠵᠠᠩᠭᠢ ᠶᠢ | ᠢᠯᠡ ᠪᠣᠯᠭᠠᠬᠤ ᠡᠷᠴᠢᠮ ᠢᠶᠠᠨ ᠠᠯᠬᠤᠮ ᠴᠢᠨᠠᠭᠰᠢᠳᠠ ᠴᠢᠩᠭᠠᠷᠠᠭᠤᠯᠵᠤ᠂ ᠲᠧᠯᠸᠢᠰ᠂ ᠰᠣᠨᠢᠨ᠂ ᠰᠦᠯᠵᠢᠶ᠎ᠡ ᠵᠡᠷᠭᠡ | ᠵᠠᠭᠤᠴᠢᠯᠠᠭᠤᠷ ᠢᠶᠠᠷ ᠳᠠᠮᠵᠢᠭᠤᠯᠤᠨ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠪᠠᠯᠠ | ᠮᠥᠩᠭᠦ ᠶᠢ ᠭᠥᠯᠢᠶᠡᠨ ᠠᠪᠤᠭᠰᠠᠨ᠂ ᠬᠠᠮᠢᠶᠠᠷᠤᠭᠰᠠᠨ᠂ ᠬᠡᠷᠡᠭᠯᠡᠭᠰᠡᠨ ᠪᠠᠶᠢᠳᠠᠯ ᠢ ᠨᠡᠶᠢᠭᠡᠮ ᠳᠤ ᠴᠠᠭ ᠲᠤᠬᠠᠶ ᠳᠤᠨᠢ᠂ | ᠣᠨᠣᠪᠴᠢᠲᠠᠶ ᠨᠡᠶᠢᠲᠡᠯᠡᠵᠦ᠂ ᠬᠠᠨᠳᠢᠪᠯᠠᠭᠰᠠᠳ ᠢ ᠰᠠᠨᠠᠭ᠎ᠠ ᠠᠮᠤᠷ ᠪᠠᠶᠢᠯᠭᠠᠵᠤ᠂ ᠲᠤᠰᠠᠯᠠᠮᠵᠢ ᠭᠥᠷᠳᠡᠭᠰᠡᠳ ᠢ | ᠰᠡᠳᠬᠢᠯ ᠬᠠᠨᠤᠮᠵᠢᠲᠠᠶ ᠪᠣᠯᠭᠠᠬᠤ ᠬᠡᠷᠡᠭᠲᠡᠶ᠃ ᠡᠯ᠎ᠡ ᠱᠠᠲᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨᠠᠯᠲᠠ | ᠲᠠᠯᠪᠢᠭᠴᠢ ᠶᠢᠨ ᠺᠣᠮᠢᠰ ᠤᠨ ᠳᠣᠲᠣᠭᠠᠳᠤ ᠶᠢᠨ ᠬᠢᠨᠠᠯᠲᠠ ᠲᠠᠯᠪᠢᠬᠤ ᠦᠢᠯᠡᠳᠦᠯ ᠢ ᠠᠯᠬᠤᠮ ᠴᠢᠨᠠᠭᠰᠢᠳᠠ | ᠴᠢᠩᠭᠠᠳᠬᠠᠵᠤ᠂ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠪᠠᠯᠠ ᠮᠥᠩᠭᠦ ᠶᠢᠨ ᠣᠨ ᠤ | ᠬᠢᠨᠠᠨ ᠪᠤᠳᠤᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠲᠠᠯ᠎ᠠ ᠶᠢᠨ ᠬᠢᠨ ᠤ ᠬᠢᠨᠠᠯᠲᠠ ᠲᠠᠯᠪᠢᠬᠤ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠠᠨᠳᠢᠪ ᠤᠨ ᠪᠠᠯᠠ ᠮᠥᠩᠭᠦ ᠶᠢᠨ ᠠᠮᠤᠷ ᠲᠦᠪᠰᠢᠨ ᠪᠦᠲᠦᠮᠵᠢᠲᠡᠶ | ᠠᠵᠢᠯᠯᠠᠭᠠᠨ ᠢ ᠦᠨᠡᠨ ᠬᠦ ᠪᠠᠲᠤᠯᠠᠵᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠣᠯᠠᠨ ᠨᠡᠶᠢᠲᠡ ᠶᠢᠨ | ᠢᠲᠡᠭᠡᠮᠵᠢ ᠶᠢ ᠰᠠᠶᠢᠲᠤᠷ ᠬᠠᠮᠠᠭᠠᠯᠠᠬᠤ ᠬᠡᠷᠡᠭᠲᠡᠢ᠃ | | 2022 ᠣᠨ ᠤ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠨᠢ ᠪᠢᠴᠢᠭ | ᠮᠠᠲ᠋ᠧᠷᠢᠶᠠᠯ ᠢ ᠪᠠᠭᠤᠯᠭᠠᠭᠰᠠᠨ ᠡᠳᠦᠷ ᠠᠴᠠ ᠡᠬᠢᠯᠡᠨ 9 ᠰᠠᠷ᠎ᠠ ᠶᠢᠨ 30 ᠤ ᠡᠳᠦᠷ ᠳᠠᠭᠤᠰᠤᠨ᠎ᠠ᠃ | ᠬᠤᠲᠠ ᠶᠢᠨ ᠲᠣᠰ ᠱᠠᠲᠤᠨ ᠤ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠬᠠᠨᠳᠢᠪᠯᠠᠭᠰᠠᠨ ᠮᠥᠩᠭᠦ ᠶᠢ ᠰᠢᠭᠤᠳ | ᠲᠠᠩᠰᠠ ᠪᠠᠷ ᠰᠢᠯᠵᠢᠭᠦᠯᠬᠦ ᠪᠤᠶᠤ ᠪᠡᠯᠡᠨ ᠵᠣᠭᠤᠰ ᠢᠶᠠᠷ ᠬᠥᠯᠥᠨ ᠪᠤᠶᠢᠷ ᠬᠤᠲᠠ ᠶᠢᠨ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠲᠤ ᠲᠤᠰᠢᠶᠠᠨ᠎ᠠ ︵ᠬᠠᠶ᠋ᠢᠭ᠄ ᠬᠥᠯᠥᠨ ᠪᠤᠶᠢᠷ ᠬᠤᠲᠠ ᠶᠢᠨ ᠭᠤᠣᠯ ᠤᠨ ᠪᠠᠷᠠᠭᠤᠨᠳᠠᠬᠢ ᠰᠢᠨ᠎ᠡ | ᠲᠣᠭᠤᠷᠢᠭ ᠤᠨ ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠠᠰᠠᠷ ᠤᠨ D-1430︔ ᠬᠠᠷᠢᠯᠴᠠᠬᠤ ᠤᠲᠠᠰᠤ᠄ | 8217153᠂ 8217154︔ ᠲᠠᠩᠰᠠ ᠨᠡᠭᠡᠭᠡᠭᠰᠡᠨ ᠨᠡᠷ᠎ᠡ᠄ ᠬᠥᠯᠥᠨ ᠪᠤᠶᠢᠷ ᠬᠤᠲᠠ ᠶᠢᠨ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ︔ ᠲᠠᠩᠰᠠ ᠨᠡᠭᠡᠭᠡᠭᠰᠡᠨ ᠪᠠᠩᠬᠢ᠄ ᠠᠵᠤ ᠦᠢᠯᠡᠳᠪᠦᠷᠢ ᠬᠤᠳᠠᠯᠳᠤᠭ᠎ᠠ ᠶᠢᠨ ᠪᠠᠩᠬᠢ ᠶᠢᠨ | ᠭᠤᠣᠯ ᠤᠨ ᠵᠡᠭᠦᠨᠳᠡᠬᠢ ᠰᠠᠯᠪᠤᠷᠢ ᠪᠠᠩᠬᠢ︔ ᠲᠠᠩᠰᠠᠨ ᠤ ᠨᠣᠮᠧᠷ᠄ 0607030129026400168︶᠂ | ᠬᠠᠨᠳᠢᠪᠯᠠᠭᠰᠠᠨ ᠤ ᠳᠠᠷᠠᠭ᠎ᠠ ᠴᠠᠭ ᠲᠤᠬᠠᠶ ᠳᠤᠨᠢ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ ᠬᠦᠷᠴᠦ | ᠬᠠᠨᠳᠢᠪᠯᠠᠭᠰᠠᠨ ᠪᠠᠷᠢᠮᠲᠠ ᠪᠢᠴᠢᠭᠦᠯᠦᠭᠡᠷᠡᠢ᠃ | | ᠡᠯ᠎ᠡ ᠬᠤᠰᠢᠭᠤ ᠬᠤᠲᠠ ᠲᠣᠭᠤᠷᠢᠭ ᠤᠨ ᠬᠠᠷᠢᠶ᠎ᠠ ᠰᠠᠯᠠᠭ᠎ᠠ ᠮᠥᠴᠢᠷ᠂ ᠨᠢᠭᠡᠴᠢ ᠶᠢᠨ ᠬᠢᠨ ᠬᠠᠨᠳᠢᠪ ᠤᠨ ᠪᠠᠯᠠ | ᠮᠥᠩᠭᠦ ᠶᠢ ᠲᠤᠬᠠᠶ ᠶᠢᠨ ᠭᠠᠵᠠᠷ ᠤᠨ ᠢᠶᠠᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ ᠲᠤᠰᠢᠶᠠᠬᠤ ᠬᠡᠷᠡᠭᠲᠡᠶ᠃ | | ᠳᠠᠭᠠᠯᠳᠤᠭᠤᠯᠤᠯ᠄ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠤᠨ ᠠᠵᠢᠯᠯᠠᠭ᠎ᠠ ᠶᠢᠨ | ᠬᠠᠨᠳᠢᠪ ᠤᠨ ᠪᠠᠯᠠ ᠮᠥᠩᠭᠦ ᠶᠢᠨ ᠨᠠᠷᠢᠨ ᠬᠦᠰᠦᠨᠦᠭᠲᠦ | | 2022 ᠣᠨ ᠤ 4 ᠰᠠᠷ᠎ᠠ ᠶᠢᠨ 15 ᠤ ᠡᠳᠦᠷ | | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ |