19 ᠤ ᠡᠳᠦᠷ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠣᠯᠣᠳᠤᠭᠠᠷ ᠬᠤᠷᠠᠯ ᠬᠤᠷᠠᠯᠳᠤᠵᠤ᠂ ᠬᠥᠯᠥᠨ ᠪᠤᠶᠢᠷ ᠬᠤᠲᠠ ᠶᠢᠨ ︽ | ᠵᠣᠬᠢᠶᠠᠨ ᠪᠠᠶᠢᠭᠤᠯᠬᠤ ᠠᠵᠢᠯ ᠢ ᠳᠡᠭᠡᠭᠰᠢᠯᠡᠭᠦᠯᠬᠦ ᠣᠨ︾ ᠤ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠬᠥᠯᠥᠨ ᠪᠤᠶᠢᠷ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠢᠱᠢᠭᠳᠡᠭᠴᠢ ᠶᠢᠨ ᠠᠩᠬ᠎ᠠ ᠠᠯᠬᠤᠮ ᠤᠨ | ᠵᠢᠱᠢᠭᠳᠡᠭᠴᠢ ᠶᠢᠨ ᠨᠡᠷᠡᠰ ᠪᠠ ᠺᠠᠳ᠋ᠷ ᠤᠨ ᠲᠤᠰᠢᠶᠠᠯ ᠳᠤ ᠲᠣᠬᠢᠷᠠᠭᠤᠯᠤᠯᠲᠠ ᠬᠢᠬᠦ ᠶᠠᠪᠤᠳᠠᠯ ᠢ ᠰᠤᠳᠤᠯᠤᠨ ᠬᠢᠨᠠᠨ | ᠵᠥᠪᠯᠡᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠬᠤᠷᠠᠯ ᠡᠷᠭᠢᠯᠡᠵᠦ᠂ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠸᠠᠩ ᠪᠥᠸᠧ᠂ ᠵᠠᠩ ᠸᠧᠶ ᠵᠢᠶᠦ᠋ᠨ᠂ ᠵᠢᠶᠠᠩ ᠬᠤ᠋᠂ ᠯᠢᠦ ᠬᠤᠩ | ᡁᠢ᠂ ᠶᠠᠩ ᠵᠢᠶ ᠴᠦᠨ᠂ ᠯᠢᠦ ᠭᠦᠸᠧ ᠬᠤᠸᠠ᠂ ᠶᠠᠨ ᡁᠢ ᠭᠠᠩ᠂ ᠯᠢ ᠳ᠋ᠦᠩ ᠹᠠᠩ᠂ ᠵᠢᠶᠠᠩ ᠵᠢᠶᠦ᠋ᠨ ᠶᠦᠩ | ᠬᠤᠷᠠᠯ ᠳᠤ ᠣᠷᠣᠯᠴᠠᠵᠠᠶ᠃ | | ᠬᠥᠯᠥᠨ ᠪᠤᠶᠢᠷ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠶᠢᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠵᠠᠯᠠᠨ ᠠᠶᠢᠯ ᠬᠤᠲᠠ ᠶᠢᠨ ᠴᠢᠩᠭᠢᠰ ᠬᠠᠭᠠᠨ ᠪᠠᠯᠭᠠᠰᠤᠨ ᠤ | ᠮᠠ ᠵᠢᠶᠠ ᠼᠦᠨ ᠲᠣᠰᠬᠤᠨ ᠳᠤ ᠬᠦᠷᠴᠦ ᠣᠯᠠᠨ ᠲᠦᠮᠡᠨ ᠳᠤ ᠠᠯᠪᠠᠨ ᠵᠢᠷᠤᠮ ᠤᠨ ᠡᠮᠴᠢᠯᠡᠭᠡ ᠬᠢᠵᠦ᠂ ᠣᠯᠠᠨ | ᠲᠦᠮᠡᠨ ᠳᠤ B ᠬᠡᠲᠦ ᠳᠣᠯᠭᠢᠶᠠᠨ᠂ ᠵᠢᠷᠦᠬᠡᠨ ᠤ ᠴᠠᠬᠢᠯᠭᠠᠨ ᠵᠡᠷᠭᠡ ᠶᠢᠨ ᠪᠠᠶᠢᠴᠠᠭᠠᠯᠲᠠ ᠬᠢᠵᠦ᠂ ᠬᠡᠰᠡᠭ ᠡᠮ ᠤᠨ | ᠵᠦᠢᠯ ᠢ ᠦᠨ᠎ᠡ ᠲᠥᠯᠥᠪᠦᠷᠢ ᠥᠬᠡᠶ ᠪᠠᠷ ᠲᠦᠭᠡᠭᠡᠨ ᠥᠭᠴᠦ᠂ ᠡᠷᠡᠭᠦᠯ ᠮᠡᠨᠳᠦ ᠶᠢᠨ ᠬᠥᠮᠦᠵᠢᠯ᠂ ᠡᠪᠡᠳᠴᠢᠨ | ᠡᠮᠭᠡᠭ ᠢ ᠤᠷᠢᠳᠴᠢᠯᠠᠨ ᠰᠡᠷᠭᠡᠶᠢᠯᠡᠬᠦ ᠵᠡᠷᠭᠡ ᠮᠡᠳᠡᠯᠭᠡ ᠶᠢᠨ ᠲᠠᠶᠢᠯᠤᠮᠵᠢ ᠬᠢᠪᠠ᠃ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠠᠩ ᠵᠢᠶ ᠴᠦᠨ ᠠᠵᠢᠯᠯᠠᠭ᠎ᠠ ᠳᠤ ᠣᠷᠣᠯᠴᠠᠪᠠ᠃ | | 20 ᠤ ᠡᠳᠦᠷ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ | ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠵᠠᠩ ᡁᠢ ᠵᠠᠯᠠᠨ ᠠᠶᠢᠯ | ᠬᠤᠲᠠ ᠳᠤ ᠬᠦᠷᠴᠦ᠂ ᠴᠢᠩᠭᠢᠰ ᠬᠠᠭᠠᠨ ᠪᠠᠯᠭᠠᠰᠤᠨ ᠤ ᠾᠧ ᠺᠸᠦ ᠲᠣᠰᠬᠤᠨ᠂ ᠹᠧᠨ ᠳ᠋ᠧᠦ ᠲᠣᠰᠬᠤᠨ ᠤ | ᠮᠠᠯᠵᠢᠬᠤ ᠲᠠᠷᠢᠶᠠᠯᠠᠬᠤ ᠣᠷᠣᠨ ᠤ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠦᠢᠯᠡᠳᠦᠯᠭᠡ ᠶᠢᠨ | ᠲᠤᠷᠰᠢᠯᠭ᠎ᠠ᠂ ᠬᠦᠴᠢᠷᠲᠡᠶ ᠠᠰᠠᠭᠤᠳᠠᠯ ᠵᠡᠷᠭᠡ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠡᠶ᠃ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠢᠦᠶ ᠫᠢᠩ᠂ ᠬᠤᠲᠠ ᠶᠢᠨ ᠵᠠᠰᠠᠭ ᠤᠨ ᠣᠷᠳᠣᠨ ᠤ ᠳᠡᠳ᠋ | ᠳᠠᠷᠤᠭ᠎ᠠ ᠮᠧᠩ ᠭᠠᠩ ᠪᠠᠷ᠎ᠠ ᠪᠣᠯᠪᠠ᠃ | | 21 ᠤ ᠡᠳᠦᠷ ᠵᠠᠯᠠᠨ ᠠᠶᠢᠯ ᠬᠤᠲᠠ ᠶᠢᠨ ᠬᠢᠨ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ | ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ | ᠬᠤᠷᠢᠶᠠᠨ ᠤ ᠱᠦᠵᠢ ᠶᠤᠸᠠᠢ ᠭᠦᠸᠧ ᠳ᠋ᠦᠩ ᠬᠤᠷᠠᠯ ᠡᠷᠭᠢᠯᠡᠵᠦ᠂ ᠬᠥᠯᠥᠨ ᠪᠤᠶᠢᠷ ᠬᠤᠲᠠ ᠶᠢᠨ ᠨᠠᠮ ᠤᠨ | ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠭᠤᠷᠪᠠᠳᠤᠭᠠᠷ | ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠲᠠ ᠶᠢᠨ ᠰᠦᠯᠵᠢᠶᠡᠨ ᠤ | ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠢᠶᠠᠨ | ᠳᠣᠭᠢᠷᠠᠭᠤᠯᠤᠨ ᠪᠠᠶᠢᠷᠢᠯᠠᠭᠤᠯᠪᠠ᠃ | | ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠤᠸᠠᠢ ᠭᠦᠸᠧ ᠳ᠋ᠦᠩ ᠪᠥᠬᠦ ᠲᠠᠯ᠎ᠠ ᠪᠠᠷ ᠬᠠᠤᠯᠢ ᠪᠠᠷ | ᠬᠤᠲᠠ ᠶᠢ ᠵᠠᠰᠠᠬᠤ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ᠂ ᠬᠥᠯᠥᠨ ᠪᠤᠶᠢᠷ ᠬᠤᠲᠠ ᠶᠢᠨ ᠬᠤᠯᠪᠣᠭᠳᠠᠯ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠵᠤ᠂ ᠪᠥᠬᠦ ᠲᠠᠯ᠎ᠠ ᠪᠠᠷ ᠬᠠᠤᠯᠢ ᠪᠠᠷ ᠬᠤᠲᠠ ᠶᠢ ᠵᠠᠰᠠᠬᠤ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠤᠭᠰᠠᠨ ᠪᠥᠭᠡᠳ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠳᠠ ᠶᠢᠨ ᠨᠠᠮ ᠤᠨ | ᠬᠤᠷᠢᠶ᠎ᠠ ᠶᠢᠨ ᠬᠠᠤᠯᠢ ᠪᠠᠷ ᠬᠤᠳᠠ ᠶᠢ ᠵᠠᠰᠠᠬᠤ ᠵᠥᠪᠯᠡᠯ ᠤᠨ ᠪᠦᠬᠦ ᠪᠦᠷᠢᠯᠳᠦᠬᠦᠨ ᠬᠤᠷᠠᠯ ᠳᠤ ᠣᠷᠣᠯᠴᠠᠪᠠ᠃ | | ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠤᠸᠠᠢ ᠭᠦᠸᠧ ᠳ᠋ᠦᠩ ᠬᠤᠲᠠ ᠶᠢᠨ ᠨᠠᠮ ᠤᠨ ᠬᠤᠷᠢᠶ᠎ᠠ ᠶᠢᠨ | ᠬᠢᠨᠠᠨ ᠪᠤᠳᠤᠬᠤ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠤᠨ ᠬᠢᠨᠠᠨ ᠪᠤᠳᠤᠬᠤ ᠵᠥᠪᠯᠡᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠤᠱᠯᠠᠭᠤᠯᠵᠤ᠂ ᠬᠢᠨᠠᠨ ᠪᠤᠳᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ | ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠬᠢᠨᠠᠨ | ᠪᠤᠳᠤᠬᠤ ᠵᠥᠪᠯᠡᠯ ᠤᠨ ᠪᠥᠬᠦ ᠪᠦᠷᠢᠯᠳᠦᠬᠦᠨ ᠵᠢᠴᠢ ᠬᠢᠨᠠᠨ ᠪᠤᠳᠤᠬᠤ ᠲᠣᠪᠴᠢᠶ᠎ᠠ ᠶᠢᠨ ᠪᠠᠭ ᠤᠨ ᠪᠦᠷᠢᠯᠳᠦᠬᠦᠨ | ᠬᠤᠷᠠᠯ ᠳᠤ ᠣᠷᠣᠯᠴᠠᠪᠠ᠃ | | 22 ᠤᠨ ᠡᠳᠦᠷ ᠬᠤᠳᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠪᠦᠬᠦ | ᠬᠤᠳᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠠᠬᠢᠭᠤᠯᠤᠭᠰᠠᠨ ᠪᠠᠶᠢᠳᠠᠯ ᠳᠤ | ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠤᠳᠤᠷᠢᠳᠤᠯᠭ᠎ᠠ ᠸᠠᠩ ᠪᠥᠸᠧ᠂ ᠰᠦᠨ ᠰᠢᠤ ᠹᠸᠢ᠂ ᠵᠠᠩ ᠸᠧᠶ | ᠵᠢᠶᠦ᠋ᠨ᠂ ᠦ᠋ ᠴᠧᠨ ᠳ᠋ᠦᠩ᠂ ᠯᠢᠦ ᠭᠦᠸᠧ ᠬᠤᠸᠠ᠂ ᠵᠢᠶᠠᠩ ᠵᠢᠶᠦ᠋ᠨ ᠶᠦᠩ ᠪᠠᠷ᠎ᠠ ᠪᠣᠯᠪᠠ᠃ | | ᠵᠠᠯᠠᠨ ᠠᠶᠢᠯ ᠬᠤᠲᠠ ᠲᠥᠷᠥᠯ ᠵᠦᠢᠯ ᠤᠨ ᠬᠤᠳᠠᠯᠳᠤᠭᠠᠴᠢᠨ ᠤᠷᠢᠬᠤ ᠶᠢ ᠵᠣᠯᠭᠠᠭᠤᠯᠬᠤ ᠶᠠᠷᠢᠯᠴᠠᠬᠤ | ᠬᠤᠷᠠᠯ ᠬᠤᠷᠠᠯᠳᠤᠭᠤᠯᠵᠤ᠂ ᠬᠥᠯᠥᠨ ᠪᠤᠶᠢᠷ ᠤᠨ ᠳ᠋ᠠ ᠳ᠋ᠢ ᠠᠮᠢ ᠠᠬᠤᠶ ᠶᠢᠨ ᠣᠷᠴᠢᠨ ᠲᠣᠭᠤᠷᠢᠨ ᠤ ᠪᠥᠲᠥᠭᠡᠨ | ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠲᠢᠶᠠᠨ ᠪᠠᠶ ᠱᠠᠨ ᠤ | ᠵᠠᠰᠠᠯᠲᠠ᠂ ᠬᠤᠲᠠ ᠶᠢᠨ ᠬᠤᠭ ᠨᠣᠪᠰᠢ ᠶᠢ ᠰᠢᠢᠳᠪᠦᠷᠢᠯᠡᠬᠦ ᠵᠡᠷᠭᠡ ᠠᠮᠢ ᠠᠬᠤᠶ ᠶᠢᠨ ᠣᠷᠴᠢᠨ ᠲᠣᠭᠤᠷᠢᠨ ᠤ | ᠵᠠᠰᠠᠯᠲᠠ ᠶᠢᠨ ᠲᠥᠷᠥᠯ ᠵᠦᠢᠯ ᠳᠤ ᠴᠢᠭᠯᠡᠭᠦᠯᠦᠨ ᠵᠥᠪᠳᠡᠯᠴᠡᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ | ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠬᠤᠷᠠᠯ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠡᠦ ᠴᠧᠨ ᠳ᠋ᠦᠩ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ | | ᠵᠠᠯᠠᠨ ᠠᠶᠢᠯ ᠬᠤᠲᠠ ᠶᠢᠨ ᠬᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠲᠠᠪᠢᠳᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠢᠵᠦ᠂ | ᠬᠤᠷᠠᠯ ᠠᠴᠠ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠢᠭᠰᠡᠨ ᠵᠠᠯᠠᠨ ᠠᠶᠢᠯ ᠬᠤᠲᠠ ᠶᠢᠨ | ᠪᠥᠬᠦ ᠠᠵᠢᠯᠲᠠᠨ ᠤ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠨ ᠰᠢᠯᠭᠠᠵᠤ ᠰᠢᠭᠰᠢᠨ | ᠪᠠᠶᠢᠴᠠᠭᠠᠬᠤ ᠠᠵᠢᠯ ᠤᠨ ᠲᠥᠰᠦᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠳᠠᠬᠢᠨ ᠲᠣᠬᠢᠷᠠᠭᠤᠯᠵᠤ | ᠳᠠᠬᠢᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ | ᠣᠷᠳᠣᠨ ᠤ ᠳᠡᠳ᠋ ᠳᠠᠷᠤᠭ᠎ᠠ ᠶᠠᠩ ᠵᠢᠶ ᠴᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢ ᠶᠠᠨ ᠯᠢᠩ ᠬᠤᠷᠠᠯ ᠳᠤ ᠣᠷᠣᠯᠴᠠᠵᠤ᠂ | ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ︽ᠨᠢᠭᠡ | ᠠᠯᠪᠠᠨ ᠭᠡᠷ ᠨᠠᠢᠮᠠᠨ ᠳᠤᠭᠤᠶᠢᠯᠠᠩ︾᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠭᠤᠣᠯ | ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | | ᠵᠠᠯᠠᠨ ᠠᠶᠢᠯ ᠬᠤᠲᠠ 2021 ᠣᠨ ᠤ ᠳᠥᠷᠪᠡᠳᠦᠭᠡᠷ ᠬᠤᠭᠤᠴᠠᠭᠠᠨ ᠤ ᠺᠠᠳ᠋ᠷᠴᠤᠳ ᠤᠨ ᠬᠢᠴᠢᠶᠡᠯ ᠤᠨ | ᠲᠠᠩᠬᠢᠮ ᠢ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ ᠶᠠᠨ ᡁᠢ ᠭᠠᠩ ᠡᠷᠭᠢᠯᠡᠵᠦ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ ᠶᠢᠨ ᠳᠡᠳ᠋ ᠫᠷᠤᠹᠤᠰᠰᠤᠷ ᠵᠢᠶᠠᠩ ᠶᠦᠩ ᠵᠢᠶᠦ᠋ᠨ ᠢ ᠲᠤᠰᠬᠠᠶᠢᠯᠠᠨ ᠤᠷᠢᠵᠤ ᠬᠥᠯᠥᠨ ᠪᠤᠶᠢᠷ | ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠤᠨ ᠵᠣᠷᠢᠭ | ᠰᠠᠨᠠᠭ᠎ᠠ ᠳᠤ ᠲᠠᠶᠢᠯᠤᠮᠵᠢ ᠬᠢᠯᠭᠡᠵᠡᠶ᠃ ᠭᠡᠷ ᠲᠡᠭᠡᠨ ᠪᠠᠶᠢᠭ᠎ᠠ ᠭᠠᠵᠠᠷ ᠤᠨ ᠲᠡᠰ ᠤᠨ ᠤᠳᠤᠷᠢᠳᠤᠯᠭ᠎ᠠ᠂ ᠬᠤᠳᠠ ᠶᠢᠨ | ᠰᠢᠭᠤᠳ ᠬᠠᠷᠢᠶ᠎ᠠ ᠰᠠᠯᠠᠭ᠎ᠠ ᠮᠥᠴᠢᠷ ᠤᠨ ᠰᠠᠯᠠᠭᠠᠨ ᠤ ᠲᠡᠰ ᠤᠨ ᠺᠠᠳ᠋ᠷ ᠭᠤᠣᠯ ᠬᠤᠷᠠᠯ ᠤᠨ ᠲᠠᠯᠠᠪᠠᠢ ᠳᠤ | ᠪᠣᠯᠪᠠᠰᠤᠷᠠᠯ ᠳᠤ ᠣᠷᠣᠯᠴᠠᠵᠤ᠂ ᠡᠯ᠎ᠡ ᠰᠢᠶᠠᠩ ᠪᠠᠯᠭᠠᠰᠤᠨ ᠤ ᠤᠳᠤᠷᠢᠳᠬᠤ ᠺᠠᠳ᠋ᠷ ᠵᠢᠴᠢ ᠲᠣᠰᠬᠤᠨ᠂ ᠨᠡᠶᠢᠭᠡᠮ | ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠬᠤᠪᠢᠶᠠᠷᠢ ᠬᠤᠷᠠᠯ ᠤᠨ ᠲᠠᠯᠠᠪᠠᠢ ᠳᠤ | ᠪᠣᠯᠪᠠᠰᠤᠷᠠᠯ ᠳᠤ ᠣᠷᠣᠯᠴᠠᠪᠠ᠃ | | 23 ᠤ ᠡᠳᠦᠷ ᠵᠠᠯᠠᠨ ᠠᠶᠢᠯ ᠬᠤᠳᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ | ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ ᠭᠤᠷᠪᠠᠳᠤᠭᠠᠷ ᠤᠳᠠᠭ᠎ᠠ ᠶᠢᠨ ᠬᠤᠷᠠᠯ ᠵᠢᠴᠢ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠬᠥᠳᠡᠯᠦᠩᠭᠦᠢ ᠬᠠᠮᠢᠶᠠᠷᠤᠯᠲᠠ ᠶᠢᠨ ᠠᠵᠢᠯ ᠢ ᠠᠬᠢᠭᠤᠯᠬᠤ ᠬᠤᠷᠠᠯ | ᠬᠤᠷᠠᠯᠳᠤᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠪᠠ ᠲᠠᠬᠢᠨ ᠶᠠᠳᠠᠭᠤᠷᠠᠬᠤ ᠶᠢ | ᠰᠡᠷᠭᠡᠶᠢᠯᠡᠬᠦ ᠶᠢ ᠬᠢᠨᠠᠨ ᠬᠡᠮᠵᠢᠬᠦ ᠬᠥᠳᠡᠯᠦᠩᠭᠦᠢ ᠬᠠᠮᠢᠶᠠᠷᠤᠯᠲᠠ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ | ᠤᠯᠤᠰ ᠤᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠤᠭᠲᠤᠨ ᠠᠪᠤᠭᠰᠠᠨ ᠤ ᠳᠠᠷᠠᠭᠠᠬᠢ ᠦᠨᠡᠯᠡᠨ | ᠵᠢᠱᠢᠬᠦ ᠬᠢᠨᠠᠨ ᠰᠢᠯᠭᠠᠬᠤ ᠠᠵᠢᠯ ᠢ ᠪᠡᠯᠡᠳᠬᠡᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ | ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠸᠧᠶ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ | ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠧᠩ ᠭᠠᠩ ᠬᠤᠷᠠᠯ ᠢ ᠡᠷᠭᠢᠯᠡᠵᠦ᠂ ᠬᠤᠲᠠ ᠶᠢᠨ ᠮᠠᠯᠵᠢᠬᠤ | ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠵᠢᠴᠢ 12 | ᠰᠢᠶᠠᠩ ᠪᠠᠯᠭᠠᠰᠤ᠂ ᠲᠠᠷᠢᠶᠠᠯᠠᠩ ᠳᠤ ᠬᠤᠯᠪᠣᠭᠳᠠᠬᠤ 4 ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ | ᠬᠤᠷᠠᠯ ᠳᠤ ᠣᠷᠣᠯᠴᠠᠵᠠᠶ᠃ | | 24 ᠤ ᠡᠳᠦᠷ ᠵᠠᠯᠠᠨ ᠠᠶᠢᠯ ᠬᠤᠲᠠ ᠶᠢᠨ ᠬᠢᠨ ︽ᠮᠦᠽᠧᠶ ᠶᠢᠨ ᠵᠢᠵᠢᠭ ᠪᠠᠯᠭᠠᠰᠤ︾ ᠶᠢᠨ ᠪᠥᠲᠥᠭᠡᠨ | ᠪᠠᠶᠢᠭᠤᠯᠤᠯᠲᠠ ᠶᠢᠨ ᠲᠤᠰᠬᠠᠶ ᠮᠡᠷᠭᠡᠵᠢᠯᠲᠡᠨ ᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠥᠪᠡᠷᠲᠡᠭᠡᠨ | ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠮᠦᠽᠧᠶ ᠶᠢᠨ ᠭᠠᠵᠠᠷ ᠤᠨ ᠳᠠᠷᠤᠭ᠎ᠠ | ᠾᠧᠦ ᠵᠢᠶᠦ᠋ᠨ᠂ ᠬᠥᠯᠥᠨ ᠪᠤᠶᠢᠷ ᠤᠨ ᠦᠨᠳᠦᠰᠦᠲᠡᠨ ᠤ ᠮᠦᠽᠧᠶ ᠶᠢᠨ ᠬᠦᠷᠢᠶᠡᠯᠡᠩ ᠤᠨ ᠳᠠᠷᠤᠭ᠎ᠠ ᠪᠠᠶ ᠶᠢᠨ | ᠰᠥᠩ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠬᠤᠶᠠᠷ ᠱᠠᠲᠤᠨ ᠤ ᠲᠤᠰᠬᠠᠶ ᠮᠡᠷᠭᠡᠵᠢᠯᠲᠡᠨ ᠤ ᠪᠦᠯᠬᠦᠮ ᠢ | ᠤᠷᠢᠵᠤ᠂ ᠵᠠᠯᠠᠨ ᠠᠶᠢᠯ ᠬᠤᠲᠠ ᠶᠢᠨ ︽ᠮᠦᠽᠧᠶ ᠶᠢᠨ ᠵᠢᠵᠢᠭ ᠪᠠᠯᠭᠠᠰᠤ︾ ᠶᠢᠨ ᠪᠥᠲᠥᠭᠡᠨ ᠪᠠᠶᠢᠭᠤᠯᠤᠯᠲᠠ ᠶᠢᠨ | ᠠᠵᠢᠯ ᠤᠨ ᠲᠤᠬᠠᠶ ᠬᠠᠮᠢᠶ᠎ᠠ ᠪᠥᠬᠦᠶ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠰᠠᠨᠠᠯ ᠰᠠᠨᠠᠭᠤᠯᠭ᠎ᠠ | ᠳᠣᠷᠠᠳᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠧᠩ ᠭᠠᠩ᠂ ᠬᠤᠯᠪᠣᠭᠳᠠᠯ ᠪᠦᠬᠦᠢ | ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | |