︵ᠳᠦᠷᠪᠡᠳᠦᠭᠡᠷ ᠬᠤᠭᠤᠴᠠᠭ᠎ᠠ︶2021 ᠣᠨ ᠤ10 ᠰᠠᠷ᠎ᠠ ᠶᠢᠨ ᠶᠡᠭᠡ ᠬᠡᠨᠭ ᠤᠨ ᠲᠡᠮᠳᠡᠭᠯᠡᠯ
ᠨᠡᠶᠢᠲᠡᠯᠡᠭᠰᠡᠨ ᠴᠠᠭ᠄
2022/2/22
    25      ᠤ ᠡᠳᠦᠷ ᠵᠠᠯᠠᠨ ᠠᠶᠢᠯ ᠬᠤᠳᠠ ᠶᠢᠨ ᠵᠠᠰᠠᠭ ᠤᠨ ᠣᠷᠳᠣᠨ 2021 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ  ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠤᠨ ᠬᠤᠷᠠᠯ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠵᠤ᠂  ᠡᠵᠡᠩᠨᠡᠨ ᠬᠤᠳᠠᠯᠳᠣᠭᠠᠯᠠᠬᠤ ᠣᠷᠴᠢᠨ ᠲᠣᠭᠤᠷᠢᠨ᠂ ᠬᠠᠤᠯᠢᠵᠢᠯ ᠤᠨ ᠪᠠᠶᠢᠭᠤᠯᠤᠯᠲᠠ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠠᠭᠤᠯᠭ᠎ᠠ ᠶᠢ ᠰᠤᠷᠤᠯᠴᠠᠨ ᠰᠢᠯᠢᠳᠡᠭᠵᠢᠭᠦᠯᠪᠡ︔ ᠪᠥᠬᠦ ᠬᠤᠲᠠ ᠶᠢᠨ ᠠᠵᠤ ᠠᠬᠤᠶ ᠶᠢᠨ ᠠᠵᠢᠯᠯᠠᠭᠠᠨ᠂ ᠭᠤᠤᠯᠳᠠᠯᠭ᠎ᠠ ᠲᠠᠢ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠵᠢᠴᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠵᠡᠷᠭᠡ ᠭᠤᠤᠯᠳᠠᠯᠭ᠎ᠠ ᠲᠠᠢ ᠠᠵᠢᠯ ᠢ  ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠬᠤᠷᠠᠯ ᠡᠷᠭᠢᠯᠡᠵᠦ᠂ ᠬᠡᠷ ᠲᠡᠭᠡᠨ ᠪᠠᠶᠢᠭ᠎ᠠ ᠬᠤᠲᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠨᠡᠷ ᠬᠤᠷᠠᠯ ᠳᠤ ᠣᠷᠣᠯᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃     ᠵᠠᠯᠠᠨ ᠠᠶᠢᠯ ᠬᠤᠲᠠ ᠶᠢᠨ ᠬᠢᠨ ᠪᠥᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠰᠣᠷᠢᠯᠲᠠ ᠶᠢᠨ ᠠᠵᠢᠯ ᠢ ᠵᠣᠯᠭᠠᠭᠤᠯᠤᠨ ᠲᠣᠬᠢᠷᠠᠭᠤᠯᠬᠤ ᠬᠤᠷᠠᠯ ᠬᠤᠷᠠᠯᠳᠤᠭᠤᠯᠵᠤ᠂ ᠵᠠᠯᠠᠨ ᠠᠶᠢᠯ ᠬᠤᠲᠠ ᠶᠢᠨ ᠪᠥᠬᠦ ᠠᠵᠢᠯᠲᠠᠨ ᠤ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠨ ᠰᠢᠯᠭᠠᠵᠤ ᠰᠢᠭᠰᠢᠨ ᠪᠠᠶᠢᠴᠠᠭᠠᠬᠤ ᠠᠵᠢᠯ ᠤᠨ ᠲᠥᠰᠦᠯ ᠢ ᠲᠠᠨᠢᠯᠴᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠵᠢᠶ ᠴᠦᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶᠠᠨ ᠤ ᠳᠠᠷᠤᠭ᠎ᠠ ᠯᠢᠦ ᠱᠢ ᠶᠦᠩ ᠬᠤᠷᠠᠯ ᠳᠤ ᠣᠷᠣᠯᠴᠠᠪᠠ᠃      26      ᠤ ᠡᠳᠦᠷ ᠵᠠᠯᠠᠨ ᠠᠶᠢᠯ ᠬᠤᠳᠠ ᠶᠢᠨ ᠶᠢᠰᠦᠳᠦᠭᠡᠷ ᠬᠤᠭᠤᠴᠠᠭᠠᠨ ᠤ ᠬᠤᠳᠠ ᠶᠢᠨ ᠨᠠᠮ ᠤᠨ  ᠬᠤᠷᠢᠶ᠎ᠠ ᠶᠢᠨ ᠪᠠᠶᠢᠩᠭᠤ ᠶᠢᠨ  ᠬᠤᠷᠢᠶ᠎ᠠ ᠶᠢᠨ ᠶᠢᠰᠦᠳᠦᠭᠡᠷ ᠤᠳᠠᠭ᠎ᠠ ᠶᠢᠨ ᠬᠤᠷᠠᠯ ᠵᠢᠴᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂  ᠡᠵᠡᠩᠨᠡᠨ ᠬᠤᠳᠠᠯᠳᠣᠭᠠᠯᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠵᠡᠷᠭᠡ ᠠᠵᠢᠯ ᠢ ᠴᠢᠨᠠᠭᠰᠢᠳᠠ ᠲᠤᠬᠢᠷᠠᠭᠤᠯᠤᠨ ᠪᠠᠶᠢᠷᠢᠯᠠᠭᠤᠯᠵᠠᠢ᠃ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠬᠤᠷᠠᠯ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃     ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠤᠸᠠᠢ ᠭᠦᠸᠧ ᠳ᠋ᠦᠩ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠳᠤ ᠬᠦᠷᠴᠦ᠂ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠸᠧᠶ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠵᠢᠶᠠᠩ ᠵᠢᠶᠦ᠋ᠨ ᠶᠦᠩ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ  ᠮᠧᠩ ᠭᠠᠩ ᠪᠠᠷ᠎ᠠ ᠪᠣᠯᠪᠠ᠃     ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠷᠪᠠᠳᠤᠭᠠᠷ ᠤᠳᠠᠭᠠᠨ ᠤ ᠬᠤᠷᠠᠯ ᠬᠤᠷᠠᠯᠳᠤᠵᠤ᠂ ᠬᠤᠲᠠ ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠪᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠤᠭᠤᠴᠠᠭ᠎ᠠ ᠰᠣᠯᠢᠬᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠪᠠ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠵᠡᠷᠭᠡ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠬᠤᠷᠠᠯ ᠢ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃     ᠬᠥᠯᠥᠨ ᠪᠤᠶᠢᠷ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠵᠠᠯᠠᠨ ᠠᠶᠢᠯ ᠬᠤᠳᠠ ᠳᠤ ᠬᠦᠷᠴᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠡᠢ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠥᠩ ᠯᠢ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ  ᠮᠧᠩ ᠭᠠᠩ ᠪᠠᠷ᠎ᠠ ᠪᠣᠯᠪᠠ᠃      27      ᠤ ᠡᠳᠦᠷ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠬᠤᠲᠠ ᠶᠢᠨ  ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠢᠯᠣᠭᠤᠳᠬᠤ ᠭᠠᠵᠠᠷ᠂ ᠬᠢᠵᠢᠭ ᠢ ᠰᠡᠷᠭᠡᠶᠢᠯᠡᠬᠦ ᠡᠳ᠋ ᠪᠣᠳᠠᠰ ᠨᠥᠭᠡᠴᠡᠯᠡᠬᠦ ᠭᠠᠵᠠᠷ᠂ ᠴᠢᠩᠭᠢᠰ ᠬᠠᠭᠠᠨ ᠤ ᠨᠢᠰᠬᠡᠯ ᠤᠨ ᠪᠠᠭᠤᠳᠠᠯ᠂ ᠭᠠᠯᠲᠤ ᠲᠡᠷᠭᠡᠨ  ᠥᠷᠲᠡᠭᠡ ᠵᠡᠷᠭᠡ ᠭᠠᠵᠠᠷ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠬᠤᠲᠠ ᠶᠢᠨ ᠤᠳᠤᠷᠢᠳᠤᠯᠭ᠎ᠠ ᠸᠠᠩ ᠪᠥᠸᠧ᠂ ᠶᠠᠩ ᠵᠢᠶ ᠴᠦᠨ᠂ ᠵᠢᠶᠠᠩ ᠵᠢᠶᠦ᠋ᠨ ᠶᠦᠩ᠂ ᠯᠦ ᠶᠠ ᠭᠤᠸᠠᠩ ᠪᠠᠷ᠎ᠠ ᠪᠣᠯᠪᠠ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠢᠶᠠᠩ ᠵᠢᠶᠦ᠋ᠨ ᠶᠦᠩ ᠪᠦᠬᠦ ᠺᠠᠳ᠋ᠷᠴᠤᠳ ᠤᠨ ᠶᠡᠭᠡ ᠬᠤᠷᠠᠯ ᠢ ᠡᠷᠬᠢᠯᠡᠨ ᠬᠤᠷᠠᠯᠳᠤᠭᠤᠯᠵᠤ᠂ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠶᠢᠰᠦᠳᠦᠭᠡᠷ ᠤᠳᠠᠭᠠᠨ ᠤ ᠬᠤᠷᠠᠯ ᠵᠢᠴᠢ  ᠰᠢᠨ᠎ᠡ ᠲᠢᠲᠢᠮᠯᠢᠭ ᠠᠭᠤᠰᠬᠢᠨ  ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠵᠠᠶ᠃      ᠵᠠᠯᠠᠨ ᠠᠶᠢᠯ ᠬᠤᠳᠠ ᠶᠢᠨ ᠬᠢᠨ ᠬᠥᠯᠥᠨ ᠪᠤᠶᠢᠷ ᠬᠤᠳᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠵᠢᠴᠢ ᠬᠤᠳᠠ ᠶᠢᠨ ᠨᠠᠮ ᠤᠨ  ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ ᠠᠷᠪᠠᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ︵ᠥᠷᠭᠡᠳᠬᠡᠭᠰᠡᠨ︶ ᠬᠤᠷᠠᠯ ᠢ ᠡᠷᠬᠢᠯᠡᠪᠡ᠃ ᠬᠤᠷᠠᠯ ᠠᠴᠠ ᠬᠥᠯᠥᠨ ᠪᠤᠶᠢᠷ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠨ ᠤ ᠡᠷᠬᠢᠯᠡᠭᠴᠢ᠂ ᠬᠤᠲᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠳᠠᠷᠤᠭ᠎ᠠ ᠸᠠᠩ  ᠿᠦ᠋ ᠵᠢᠶᠦ᠋ᠨ ᠢ ᠬᠥᠯᠥᠨ ᠪᠤᠶᠢᠷ ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ ᠲᠠᠶᠢᠯᠤᠮᠵᠢ ᠬᠢᠯᠭᠡᠬᠦ ᠪᠠᠷ ᠤᠷᠢᠵᠠᠶ᠃ ᠭᠡᠷ ᠲᠡᠭᠡᠨ ᠪᠠᠶᠢᠭᠰᠠᠨ ᠬᠤᠳᠠ ᠶᠢᠨ ᠨᠠᠮ ᠤᠨ  ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ᠂ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ  ᠬᠤᠷᠢᠶ᠎ᠠ ᠶᠢᠨ ᠭᠤᠣᠯ ᠬᠠᠷᠢᠭᠤᠴᠠᠯᠭᠠᠲᠠᠨ ᠭᠤᠣᠯ ᠬᠤᠷᠠᠯ ᠤᠨ ᠲᠠᠯᠠᠪᠠᠢ ᠳᠤ ᠣᠷᠣᠯᠴᠠᠵᠤ᠂ ᠡᠯ᠎ᠡ ᠰᠢᠶᠠᠩ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠪᠦᠬᠦ ᠪᠠᠶᠢᠭᠤᠯᠤᠯᠭ᠎ᠠ ᠶᠢᠨ ᠺᠠᠳ᠋ᠷ᠂ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠬᠤᠪᠢᠶᠠᠷᠢ ᠬᠤᠷᠠᠯ ᠤᠨ ᠲᠠᠯᠠᠪᠠᠢ ᠳᠤ ᠣᠷᠣᠯᠴᠠᠪᠠ᠃      28      ᠤ ᠡᠳᠦᠷ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ  ᠠᠴᠠ ᠱᠦᠵᠢ  ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠪᠥᠬᠦ ᠤᠯᠤᠰ ᠤᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠬᠢᠷᠢ ᠲᠡᠩᠴᠡᠭᠰᠡᠨ ᠬᠤᠲᠠ ᠶᠢ ᠡᠭᠦᠳᠦᠨ ᠪᠠᠶᠢᠭᠤᠯᠬᠤ ᠡᠭᠦᠷᠭᠡ ᠶᠢ ᠳᠥᠯᠭᠢᠨ ᠠᠬᠢᠭᠤᠯᠬᠤ ᠲᠤᠬᠠᠶ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠤᠨ ᠶᠠᠷᠢᠯᠴᠠᠵᠤ᠂ ᠵᠠᠬᠢᠳᠠᠯ ᠰᠤᠷᠪᠤᠯᠵᠢᠯᠠᠭ᠎ᠠ ᠶᠢᠨ ᠡᠮᠬᠢ ᠵᠢᠷᠤᠮ ᠢ ᠵᠢᠷᠤᠮᠵᠢᠭᠤᠯᠬᠤ ᠲᠤᠬᠠᠶ ᠬᠤᠯᠪᠣᠭᠳᠠᠯ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠲᠠ ᠶᠢᠨ ᠤᠳᠤᠷᠢᠳᠤᠯᠭ᠎ᠠ ᠸᠠᠩ ᠪᠥᠸᠧ᠂ ᠵᠠᠩ ᠸᠧᠶ ᠵᠢᠶᠦ᠋ᠨ᠂ ᠡᠤ ᠴᠧᠨ ᠳ᠋ᠦᠩ᠂ ᠯᠢ ᠳ᠋ᠦᠩ ᠹᠠᠩ᠂ ᠵᠢᠶᠠᠩ ᠵᠢᠶᠦ᠋ᠨ ᠶᠦᠩ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃     ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠡᠷᠬᠢᠯᠡᠭᠴᠢ ᠶᠤᠸᠠᠢ ᠭᠦᠸᠧ ᠳ᠋ᠦᠩ ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠵᠥᠪᠯᠡᠯ ᠤᠨ ᠭᠤᠷᠪᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠳᠦᠷᠢᠮ︾᠂ ︽ᠪᠠᠶᠢᠭᠤᠯᠤᠮᠵᠢ ᠶᠢᠨ ᠣᠷᠣᠨ ᠲᠤᠭ᠎ᠠ ᠶᠢ ᠬᠢᠨᠠᠨ ᠪᠠᠶᠢᠴᠠᠭᠠᠬᠤ ᠠᠵᠢᠯ ᠤᠨ ᠠᠷᠭ᠎ᠠ︾᠂ ︽ᠪᠠᠶᠢᠭᠤᠯᠤᠮᠵᠢ ᠶᠢᠨ ᠣᠷᠣᠨ ᠲᠤᠭ᠎ᠠ ᠶᠢᠨ ᠮᠡᠳᠡᠭᠦᠯᠦᠯᠲᠡ ᠶᠢ ᠲᠣᠭᠲᠠᠭᠠᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠵᠤ᠂ ᠪᠠᠶᠢᠭᠤᠯᠤᠮᠵᠢ ᠶᠢᠨ ᠣᠷᠣᠨ ᠲᠤᠭ᠎ᠠ ᠳᠤ ᠳᠤᠬᠢᠷᠠᠭᠤᠯᠤᠯᠳᠠ ᠬᠢᠬᠦ ᠵᠦᠢᠯᠡᠰ ᠢ ᠰᠤᠳᠤᠯᠤᠨ ᠬᠢᠨᠠᠨ ᠵᠥᠪᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠳᠡᠳ᠋ ᠡᠷᠬᠢᠯᠡᠭᠴᠢ ᠸᠠᠩ ᠪᠥᠸᠧ᠂ ᠵᠠᠩ ᠸᠧᠶ ᠵᠢᠶᠦ᠋ᠨ᠂ ᠭᠡᠰᠢᠭᠦᠨ ᠶᠠᠨ ᡁᠢ ᠭᠠᠩ᠂ ᠵᠢᠶᠠᠩ ᠵᠢᠶᠦ᠋ᠨ ᠶᠦᠩ᠂ ᠷᠧᠨ ᠰᠢ ᠴᠢᠩ᠂ ᠭᠤᠤ  ᠸᠧᠨ ᠪᠢᠨ᠂ ᠸᠠᠩ ᠪᠠᠶ ᠺᠦᠶ᠂ ᠴᠧᠨ ᡁᠢ ᠯᠢᠨ ᠬᠤᠷᠠᠯ ᠳᠤ ᠣᠷᠣᠯᠴᠠᠪᠠ᠃     ᠬᠥᠯᠥᠨ ᠪᠤᠶᠢᠷ ᠬᠤᠳᠠ ᠶᠢᠨ  ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠤᠶᠠᠳᠤᠭᠠᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠤᠣ ᠺᠤᠸᠠᠩ ᠱᠧᠩ ᠵᠡᠷᠭᠡ 6 ᠬᠥᠮᠦᠨ ᠵᠠᠯᠠᠨ ᠠᠶᠢᠯ ᠬᠤᠳᠠ ᠳᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠯᠠᠪᠳᠠᠭᠤᠯᠤᠨ ᠪᠠᠶᠢᠴᠠᠭᠠᠵᠤ ᠵᠢᠯᠣᠭᠤᠳᠬᠤ ᠠᠵᠢᠯ ᠢ ᠥᠷᠨᠢᠭᠦᠯᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠠᠩ ᠵᠢᠶ ᠴᠦᠨ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ︽ᠨᠢᠭᠡ ᠠᠯᠪᠠᠨ ᠬᠡᠷ ᠨᠠᠶᠢᠮᠠᠨ ᠳᠤᠭᠤᠶᠢᠯᠠᠩ︾ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃        ᠵᠠᠯᠠᠨ ᠠᠶᠢᠯ ᠬᠤᠳᠠ ᠶᠢᠨ ᠬᠢᠨ ᠪᠦᠬᠦ ᠬᠥᠮᠦᠰ ᠤᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠪᠣᠳᠠᠲᠤ ᠪᠠᠶᠢᠯᠳᠤᠭᠠᠨ ᠤ ᠰᠣᠷᠢᠯᠲᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠠᠩ ᠵᠢᠶ ᠴᠦᠨ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠤᠬᠠᠶ ᠶᠢᠨ ᠲᠠᠯᠠᠪᠤᠷ ᠤᠨ ᠲᠣᠭᠤᠷᠢᠨ ᠦᠵᠡᠬᠦ ᠠᠵᠢᠯᠯᠠᠭ᠎ᠠ ᠳᠤ ᠣᠷᠣᠯᠴᠠᠪᠠ᠃ ᠰᠣᠷᠢᠯᠲᠠ ᠶᠢ ᠳᠡᠭᠡᠳᠦ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠶᠣᠰᠣᠭᠠᠷ ᠵᠣᠬᠢᠶᠠᠨ ᠪᠠᠶᠢᠭᠤᠯᠵᠤ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠶᠡᠷᠦᠩᠬᠡᠶᠢᠯᠡᠨ ᠵᠣᠬᠢᠴᠠᠭᠤᠯᠵᠤ᠂ ᠰᠢᠶᠠᠩ ᠪᠠᠯᠭᠠᠰᠤ ᠵᠡᠭᠡᠯᠢ ᠭᠤᠳᠤᠮᠵᠢ ᠪᠠ ᠥᠯᠢᠭᠡᠷ ᠠᠪᠬᠤ ᠡᠮᠨᠡᠯᠭᠡ ᠶᠢᠨ ᠬᠤᠷᠢᠶ᠎ᠠ ᠪᠠᠷ ᠤᠳᠤᠷᠢᠳᠤᠮᠵᠢ ᠪᠣᠯᠭᠠᠨ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ᠂ ᠬᠥᠭᠵᠢᠭᠦᠯᠦᠯᠲᠡ ᠥᠭᠡᠷᠡᠴᠢᠯᠡᠯᠲᠡ᠂ ᠵᠠᠮ ᠬᠠᠷᠢᠯᠴᠠᠭ᠎ᠠ ᠵᠡᠷᠭᠡ ᠣᠯᠠᠨ ᠰᠠᠯᠠᠭ᠎ᠠ ᠮᠥᠴᠢᠷ ᠬᠦᠴᠦ ᠬᠠᠮᠲᠤᠳᠬᠠᠨ ᠬᠠᠮᠵᠢᠯᠴᠠᠵᠤ᠂ 60 ᠡᠮᠨᠡᠯᠭᠡ ᠶᠢᠨ ᠠᠵᠢᠯᠲᠠᠨ᠂ ᠨᠡᠶᠢᠭᠡᠮ ᠲᠣᠭᠤᠷᠢᠭ ᠤᠨ ᠡᠯ᠎ᠡ ᠲᠥᠷᠥᠯ ᠤᠨ ᠲᠤᠰᠠᠯᠠᠬᠤ ᠠᠵᠢᠯᠲᠠᠨ 100 ᠭᠠᠷᠤᠶ ᠬᠥᠮᠦᠨ ᠪᠠᠶᠢᠵᠤ᠂ 3 ᠥᠯᠢᠭᠡᠷ ᠠᠪᠬᠤ ᠭᠠᠵᠠᠷ ᠬᠤᠪᠢᠶᠠᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠂ ᠭᠠᠳᠠᠨ᠎ᠠ ᠠᠴᠠ ᠢᠷᠡᠭᠰᠡᠨ 300 ᠰᠢᠬᠠᠮ ᠬᠥᠮᠦᠨ ᠳᠤ ︽10᠄ 1 ᠶᠢ ᠬᠤᠯᠢᠯᠳᠤᠭᠤᠯᠤᠨ  ᠠᠪᠬᠤ︾ ᠰᠢᠯᠭᠠᠨ ᠪᠠᠶᠢᠴᠠᠭᠠᠯᠲᠠ ᠬᠢᠪᠠ᠃     29      ᠤ ᠡᠳᠦᠷ ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠹᠠᠨ ᠳ᠋ᠦᠩ ᠯᠢᠶᠠᠩ ᠨᠠᠷ ᠵᠠᠯᠠᠨ ᠠᠶᠢᠯ ᠬᠤᠲᠠ ᠳᠤ ᠬᠦᠷᠴᠦ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠬᠢᠨᠠᠨ ᠵᠢᠯᠣᠭᠤᠳᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ  ᠱᠦ ᠶᠠᠨ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠦᠨ ᠰᠢᠤ ᠹᠸᠢ ᠪᠠᠷ᠎ᠠ ᠪᠣᠯᠪᠠ᠃     ᠵᠠᠯᠠᠨ ᠠᠶᠢᠯ ᠬᠤᠲᠠ ᠲᠠᠪᠤᠳᠤᠭᠠᠷ ᠬᠤᠭᠤᠴᠠᠭᠠᠨ ᠤ ᠺᠠᠳ᠋ᠷᠴᠤᠳ ᠤᠨ ᠬᠢᠴᠢᠶᠡᠯ ᠤᠨ ᠲᠠᠩᠬᠢᠮ ᠡᠷᠭᠢᠯᠡᠵᠦ᠂ ᠳᠤᠮᠳᠠᠳᠤ ᠤᠯᠤᠰ ᠤᠨ ᠣᠯᠠᠨ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠥᠪ ᠤᠨ ᠣᠨᠴᠠ ᠤᠷᠢᠭᠰᠠᠨ ᠲᠤᠰᠬᠠᠶ ᠮᠡᠷᠭᠡᠵᠢᠯᠲᠡᠨ ᠸᠧᠶ ᠴᠦᠨ ᠯᠸᠢ ᠶᠢ ᠤᠷᠢᠵᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠣᠳᠣᠬᠢ ᠪᠠᠶᠢᠳᠠᠯ ᠪᠠ ᠬᠠᠨᠳᠤᠰᠢ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠬᠡᠷ ᠲᠡᠭᠡᠨ ᠪᠠᠶᠢᠭ᠎ᠠ ᠭᠠᠵᠠᠷ ᠤᠨ ᠲᠠᠰ ᠤᠨ ᠤᠳᠤᠷᠢᠳᠤᠯᠭ᠎ᠠ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠠᠯᠠᠭᠠᠨ ᠤ ᠲᠠᠰ ᠤᠨ ᠺᠠᠳ᠋ᠷ ᠭᠤᠤᠯ ᠬᠤᠷᠠᠯ ᠤᠨ ᠲᠠᠯᠠᠪᠤᠷ ᠲᠤ ᠪᠣᠯᠪᠠᠰᠤᠷᠠᠯ ᠳᠤ ᠣᠷᠣᠯᠴᠠᠪᠠ︔ ᠰᠢᠶᠠᠩ ᠪᠠᠯᠭᠠᠰᠤ ᠰᠠᠯᠠᠭ᠎ᠠ ᠶᠢᠨ ᠳᠡᠰ ᠤᠨ ᠤᠳᠤᠷᠢᠳᠬᠤ ᠺᠠᠳ᠋ᠷ᠂ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠬᠤᠪᠢᠶᠠᠷᠢ ᠬᠤᠷᠠᠯ ᠤᠨ ᠲᠠᠯᠠᠪᠠᠢ ᠳᠤ ᠪᠣᠯᠪᠠᠰᠤᠷᠠᠯ ᠳᠤ  ᠣᠷᠣᠯᠴᠠᠪᠠ᠃     ᠵᠠᠯᠠᠨ ᠠᠶᠢᠯ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ︵ᠤᠤᠯ ᠤᠨ ᠵᠠᠯᠠᠨ ᠠᠶᠢᠯ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠪᠠ ᠬᠥᠳᠡᠯᠮᠦᠷᠢ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶ ᠶᠢᠨ ᠳᠠᠭᠠᠭᠠᠨ ᠡᠷᠭᠢᠯᠡᠭᠰᠡᠨ ︽ᠰᠦᠨ ᠣᠪᠣᠭᠲᠤ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠭᠢᠯᠡᠬᠦ ᠵᠥᠪᠰᠢᠶᠡᠷᠡᠯ ᠤᠨ ᠦᠨᠡᠮᠯᠡᠯ ᠣᠯᠤᠭᠰᠠᠨ ᠥᠬᠡᠶ ᠪᠠᠷ ᠳᠤᠷ᠎ᠠ ᠪᠠᠷ ᠢᠶᠠᠨ ᠡᠮᠴᠢᠯᠡᠭᠡᠨ ᠤ ᠪᠠᠶᠢᠭᠤᠯᠤᠮᠵᠢ ᠨᠡᠭᠡᠭᠡᠨ ᠡᠷᠭᠢᠯᠡᠵᠦ ᠡᠮᠴᠢᠯᠡᠭᠰᠡᠨ ᠬᠡᠷᠡᠭ︾ ᠨᠢ ︽ᠪᠥᠬᠦ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠰᠢᠯᠢᠳᠡᠭ ᠨᠡᠶᠢᠲᠡᠯᠢᠭ ᠬᠡᠷᠡᠭ ᠤᠨ ᠵᠢᠱᠢᠶ᠎ᠡ︾ ᠶᠢ  ᠣᠯᠪᠠ᠃      30      ᠤ ᠡᠳᠦᠷ ᠵᠠᠯᠠᠨ ᠠᠶᠢᠯ ᠬᠤᠳᠠ ᠶᠢᠨ ᠬᠢᠨ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠲᠠᠪᠢᠨ ᠨᠢᠭᠡᠳᠦᠭᠡᠷ ᠤᠳᠠᠭ᠎ᠠ ᠶᠢᠨ ᠲᠤᠬᠢᠷᠠᠭᠤᠯᠬᠤ ᠬᠤᠷᠠᠯ ᠬᠤᠷᠠᠯᠳᠤᠭᠤᠯᠪᠠ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ  ᠣᠳᠠᠰᠣᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠪᠠᠴᠢᠮ ᠬᠤᠷᠠᠯ᠂ ᠵᠠᠯᠠᠨ ᠠᠶᠢᠯ ᠬᠤᠲᠠ ᠶᠢᠨ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠬᠠᠮᠢᠶᠠᠷᠤᠨ ᠡᠵᠡᠮᠳᠡᠬᠦ᠂ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠠᠵᠢᠯ ᠳᠤ ᠳᠠᠬᠢᠨ ᠲᠣᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠵᠢᠶ ᠴᠦᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠱᠢ ᠶᠦᠩ ᠬᠤᠷᠠᠯ ᠳᠤ ᠣᠷᠣᠯᠴᠠᠪᠠ᠃    
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号