1 ᠤ ᠡᠳᠦᠷ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ | ᠴᠠᠭᠠᠰᠤ ᠴᠠᠷᠳᠠᠬᠤ ᠺᠣᠮᠫᠠᠨᠢ᠂ ᠾᠧ ᠰᠢ ᠶᠢᠨ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ᠂ ᠬᠤᠭ | ᠨᠣᠪᠰᠢ ᠪᠤᠯᠠᠬᠤ ᠦᠢᠯᠡᠳᠪᠦᠷᠢ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠵᠡᠷᠭᠡ ᠭᠠᠵᠠᠷ ᠲᠤ ᠬᠦᠷᠴᠦ᠂ | ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ | ᠪᠠᠶᠢᠴᠠᠭᠠᠬᠤ ᠬᠠᠮᠢᠶ᠎ᠠ ᠪᠥᠬᠦᠶ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠬᠠᠶ ᠶᠢᠨ ᠭᠠᠵᠠᠷ ᠲᠤᠨᠢ | ᠰᠢᠮᠳᠠᠭᠤᠯᠤᠨ ᠵᠢᠯᠣᠭᠤᠳᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ | ᠪᠠᠶᠢᠩᠭᠤ ᠶᠢᠨ ᠳᠡᠳ᠋ ᠳᠠᠷᠤᠭ᠎ᠠ ᠦ᠋ ᠴᠧᠨ ᠳ᠋ᠦᠩ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠵᠡᠷᠭᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃ | | 2 ᠤᠨ ᠡᠳᠦᠷ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠠᠴᠠ ᠱᠦᠵᠢ ᠶᠢᠨ | ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠭᠤᠤᠯᠳᠠᠯᠭ᠎ᠠ ᠲᠠᠢ ᠵᠦᠢᠯᠡᠰ ᠢ ᠠᠬᠢᠭᠤᠯᠬᠤ᠂ 2022 | ᠣᠨ ᠤ ᠵᠦᠢᠯᠡᠰ ᠢ ᠲᠥᠯᠥᠪᠯᠡᠬᠦ᠂ ᠵᠢᠭᠡᠯᠡᠯᠭᠡ ᠶᠢᠨ ᠲᠡᠮᠳᠡᠭᠲᠦ ᠶᠢ ᠲᠡᠮᠡᠴᠡᠨ ᠤᠯᠬᠤ᠂ ᠵᠠᠬᠢᠳᠠᠯ ᠰᠤᠷᠪᠤᠯᠵᠢᠯᠠᠭ᠎ᠠ ᠪᠠ | ᠲᠣᠭᠲᠠᠭᠤᠨ ᠢ ᠬᠠᠮᠠᠭᠠᠯᠠᠬᠤ ᠵᠡᠷᠭᠡ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠳᠠ ᠶᠢᠨ | ᠤᠳᠤᠷᠢᠳᠤᠯᠭ᠎ᠠ ᠸᠠᠩ ᠪᠥᠸᠧ᠂ ᠵᠠᠩ ᠸᠧᠢ ᠵᠢᠶᠦ᠋ᠨ᠂ ᠦ᠋ ᠴᠧᠨ ᠳ᠋ᠦᠩ᠂ ᠶᠠᠩ ᠵᠢᠢ ᠴᠦᠨ᠂ ᠵᠢᠶᠠᠩ ᠵᠢᠶᠦ᠋ᠨ | ᠶᠦᠩ᠂ ᠮᠧᠩ ᠭᠠᠩ᠂ ᠯᠦ ᠶᠠ ᠭᠤᠸᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠬᠤᠷᠠᠯ ᠳᠤ ᠣᠷᠣᠯᠴᠠᠪᠠ᠃ | | 3 ᠤ ᠡᠳᠦᠷ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ | ᠮᠡᠳᠡᠭᠡ ᠵᠠᠩᠭᠢᠵᠢᠯᠲᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠣᠪᠠ᠃ ᠬᠤᠷᠠᠯ ᠠᠴᠠ ᠪᠦᠬᠦ | ᠬᠤᠳᠠ ᠶᠢᠨ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠪᠣᠯᠤᠨ ᠰᠦᠯᠵᠢᠶᠡᠨ ᠤ ᠠᠮᠤᠷ ᠲᠦᠪᠰᠢᠨ ᠤ | ᠠᠵᠢᠯᠯᠠᠭᠠᠨ ᠤ ᠪᠠᠶᠢᠳᠠᠯ ᠢ ᠮᠡᠳᠡᠭᠳᠡᠵᠦ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ | ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ | ᠳᠠᠷᠤᠭ᠎ᠠ ᠯᠢᠦ ᠭᠦᠸᠧ ᠬᠤᠸᠠ᠂ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ | ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠬᠡᠷ ᠤᠨ ᠪᠦᠷᠢᠯᠳᠦᠬᠦᠨ ᠨᠢᠭᠡᠴᠡ ᠵᠢᠴᠢ ᠡᠯ᠎ᠡ ᠰᠢᠶᠠᠩ ᠪᠠᠯᠭᠠᠰᠤ | ᠵᠡᠭᠡᠯᠢ ᠭᠤᠳᠤᠮᠵᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | 4 ᠤ ᠡᠳᠦᠷ ᠵᠠᠯᠠᠨ ᠠᠶᠢᠯ ᠬᠤᠳᠠ ᠶᠢᠨ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ | ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ᠃ | ᠬᠤᠷᠠᠯ ᠠᠴᠠ ︽ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠪᠢ ᠨᠡᠮᠡᠬᠦ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠠᠵᠢᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠡᠷᠡᠭᠵᠢᠭᠦᠯᠬᠦ ᠲᠥᠰᠦᠯ︾ ᠢ ᠨᠠᠷᠢᠨ ᠲᠠᠶᠢᠯᠪᠤᠷᠢᠯᠠᠵᠤ᠂ ︽ᠵᠠᠯᠠᠨ ᠠᠶᠢᠯ ᠬᠤᠲᠠ ᠶᠢᠨ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ︾ ᠢ ᠬᠢᠨᠠᠨ | ᠶᠠᠷᠢᠯᠴᠠᠵᠤ ᠪᠠᠲᠤᠯᠠᠪᠠ᠃ | | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠠᠩ ᠵᠢᠶ ᠴᠦᠨ | ᠬᠤᠷᠠᠯ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ᠂ ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ | ᠳᠤᠭᠤᠶᠢᠯᠠᠩ ᠤᠨ ᠳᠠᠷᠤᠭ᠎ᠠ ᠵᠠᠩ ᠸᠧᠶ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠨ ᡁᠢ ᠭᠠᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠳ᠋ᠦᠩ ᠹᠠᠩ ᠵᠢᠴᠢ ᠬᠤᠲᠠ ᠶᠢᠨ ᠨᠠᠮ ᠤᠨ | ᠬᠤᠷᠢᠶᠠᠨ ᠤ ᠰᠤᠷᠭᠠᠨ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢᠨ ᠠᠯᠪᠠᠨ ᠭᠡᠷ ᠤᠨ ᠭᠤᠴᠢᠨ ᠳᠣᠯᠣᠳᠤᠭᠠᠷ | ᠤᠳᠠᠭᠠᠨ ᠤ ᠡᠷᠬᠢᠯᠡᠭᠴᠢᠳ ᠤᠨ ᠬᠤᠷᠠᠯ ᠬᠤᠷᠠᠯᠳᠣᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠢᠶᠠᠩ ᠵᠢᠶᠦ᠋ᠨ ᠶᠦᠩ ᠬᠤᠷᠠᠯ ᠢ | ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ | ᠵᠥᠪᠯᠡᠯ ᠤᠨ ᠡᠯ᠎ᠡ ᠲᠤᠰᠬᠠᠶ ᠳᠤᠭᠤᠶᠢᠯᠠᠩ ᠤᠨ ᠠᠯᠪᠠᠨ ᠬᠡᠷ᠂ ᠬᠤᠲᠠ ᠶᠢᠨ ᠨᠠᠮ ᠤᠨ ᠬᠤᠷᠢᠶᠠᠨ ᠤ | ᠥᠭᠡᠷᠡᠴᠢᠯᠡᠯᠲᠡ ᠶᠢᠨ ᠠᠯᠪᠠᠨ ᠬᠡᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | 8 ᠤ ᠡᠳᠦᠷ ᠵᠠᠯᠠᠨ ᠠᠶᠢᠯ ᠬᠤᠳᠠ ᠶᠢᠨ ᠶᠢᠰᠦᠳᠦᠭᠡᠷ ᠬᠤᠭᠤᠴᠠᠭᠠᠨ ᠤ ᠬᠤᠳᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠬᠤᠷᠠᠯ ᠬᠤᠷᠠᠯᠳᠤᠪᠠ᠃ ᠬᠤᠷᠠᠯ ᠠᠴᠠ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠤᠯᠤᠰ ᠤᠨ ᠠᠮᠤᠷ ᠲᠦᠪᠰᠢᠨ ᠵᠡᠷᠭᠡ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ | ᠲᠤᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠬᠤᠷᠠᠯ ᠢ | ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ | ᠵᠥᠪᠯᠡᠯᠭᠡᠨ ᠤ ᠭᠤᠤᠯ ᠤᠳᠤᠷᠢᠳᠤᠯᠭ᠎ᠠ ᠬᠤᠷᠠᠯ ᠳᠤ ᠰᠤᠯᠠ ᠣᠷᠣᠯᠴᠠᠪᠠ᠃ | | ᠵᠠᠯᠠᠨ ᠠᠶᠢᠯ ᠬᠤᠳᠠ ᠶᠢᠨ ᠬᠢᠨ ᠪᠠᠴᠢᠮ ᠲᠤᠬᠢᠷᠠᠭᠤᠯᠭ᠎ᠠ ᠶᠢᠨ ᠬᠤᠷᠠᠯ ᠬᠤᠷᠠᠯᠳᠤᠭᠤᠯᠵᠤ᠂ ᠮᠠᠭᠤ ᠠᠭᠤᠷ | ᠠᠮᠢᠰᠬᠤᠯ ᠵᠢᠴᠢ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠬᠤᠷᠠᠯ ᠡᠷᠭᠢᠯᠡᠵᠦ᠂ | ᠬᠤᠲᠠ ᠶᠢᠨ ᠤᠳᠤᠷᠢᠳᠤᠯᠭ᠎ᠠ ᠮᠧᠩ ᠭᠠᠩ᠂ ᠯᠦ ᠶᠠ ᠭᠤᠸᠠᠩ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠵᠢᠴᠢ | ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳ᠋ᠠᠶ ᠴᠢᠶᠠᠩ ᠨᠠᠷ ᠵᠠᠯᠠᠨ | ᠠᠶᠢᠯ ᠬᠤᠲᠠ ᠳᠤ ᠬᠦᠷᠴᠦ᠂ ︽ᠵᠠᠰᠠᠮᠠᠯ ᠵᠠᠮ ᠤᠨ ᠨᠡᠪᠲᠡᠷᠡᠯᠭᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠵᠠᠮ | ᠬᠠᠷᠢᠯᠴᠠᠭᠠᠨ ᠤ ᠢᠯᠡᠳᠬᠡᠮᠵᠢ ᠲᠡᠮᠳᠡᠭ ᠢ ᠵᠣᠬᠢᠰᠲᠠᠶ ᠪᠠᠶᠢᠷᠢᠯᠠᠭᠤᠯᠬᠤ︾ ᠵᠥᠪᠯᠡᠬᠦ ᠰᠡᠳᠦᠪ ᠤᠨ ᠲᠤᠬᠠᠶ ᠲᠤᠬᠠᠶ ᠶᠢᠨ | ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠦ ᠶᠠ | ᠭᠤᠸᠠᠩ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠦᠦ ᠶᠢᠩ ᠪᠠᠷ᠎ᠠ ᠪᠣᠯᠪᠠ᠃ | |