︵ᠬᠤᠶᠠᠳᠣᠭᠠᠷ ᠬᠤᠭᠤᠴᠠᠭ᠎ᠠ︶2021 ᠣᠨ ᠤ 11 ᠰᠠᠷ᠎ᠠ ᠶᠢᠨ ᠶᠡᠭᠡ ᠬᠡᠷᠡᠭ ᠤᠨ ᠲᠡᠮᠳᠡᠭᠯᠡᠯ
ᠨᠡᠶᠢᠲᠡᠯᠡᠭᠰᠡᠨ ᠴᠠᠭ᠄
2022/2/24
   9      ᠤ ᠡᠳᠦᠷ ᠣᠷᠴᠣᠨ ᠬᠤᠰᠢᠭᠤᠨ ᠤ ᠳᠡᠳ᠋ ᠳᠠᠷᠤᠭ᠎ᠠ ᠸᠠᠩ ᠮᠧᠩ ᠤᠨ ᠳᠠᠭᠠᠭᠤᠯᠤᠭᠰᠠᠨ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠵᠠᠯᠠᠨ ᠠᠶᠢᠯ ᠬᠤᠳᠠ ᠳᠤ ᠬᠦᠷᠴᠦ᠂ ᠲᠤᠬᠠᠢ ᠶᠢᠨ ᠭᠠᠵᠠᠷ ᠲᠤᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠨ ᠪᠠᠶᠢᠴᠠᠭᠠᠵᠤ᠂ ᠬᠥᠮᠦᠨ ᠤᠯᠠᠨ ᠴᠤᠭᠯᠠᠷᠠᠭᠰᠠᠨ ᠲᠠᠯᠠᠪᠤᠷ ᠤᠨ ᠣᠷᠴᠢᠨ ᠲᠣᠭᠤᠷᠢᠨ ᠢ ᠤᠰᠠᠳᠬᠠᠬᠤ᠂ ᠬᠥᠮᠦᠨ ᠢ ᠲᠤᠬᠢᠷᠠᠭᠤᠯᠬᠤ᠂ ᠡᠳ᠋ ᠪᠣᠳᠠᠰ ᠢ ᠨᠥᠭᠡᠴᠡᠯᠡᠬᠦ᠂ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠭᠤᠣᠯᠳᠠᠯᠭ᠎ᠠ ᠲᠠᠢ ᠰᠢᠨᠵᠢᠯᠡᠨ ᠪᠠᠶᠢᠴᠠᠭᠠᠵᠤ ᠰᠤᠷᠤᠯᠴᠠᠪᠠ᠃ . ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠠᠩ ᠵᠢᠶ ᠴᠦᠨ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ︽ᠨᠢᠭᠡ ᠠᠯᠪᠠᠨ ᠬᠡᠷ  ᠨᠠᠶᠢᠮᠠᠨ ᠳᠤᠭᠤᠶᠢᠯᠠᠩ︾ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃    10      ᠤ ᠡᠳᠦᠷ ᠵᠠᠯᠠᠨ ᠠᠶᠢᠯ ᠬᠤᠲᠠ ᠶᠢᠨ ᠬᠢᠨ ᠬᠥᠯᠥᠨ ᠪᠤᠶᠢᠷ ᠤᠨ ᠬᠤᠲᠠ ᠶᠢᠨ ᠵᠠᠰᠠᠭ ᠵᠠᠬᠢᠷᠭᠠᠨ ᠤ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠵᠢᠴᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠠᠵᠢᠯ ᠤᠨ ᠬᠢᠨᠠᠨ ᠵᠢᠯᠣᠭᠤᠳᠬᠤ ᠳᠤᠭᠤᠶᠢᠯᠠᠩ ᠳᠤ ᠬᠠᠷᠢᠭᠤ ᠮᠡᠳᠡᠭᠦᠯᠬᠦ ᠬᠤᠷᠠᠯ ᠬᠢᠪᠠ᠃ ᠬᠥᠯᠥᠨ ᠪᠤᠶᠢᠷ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠹᠠᠨ ᠴᠢᠶᠣᠤ ᠯᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠬᠤᠷᠠᠯ ᠢ ᠡᠷᠭᠢᠯᠡᠵᠦ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠸᠧᠶ ᠵᠢᠶᠦ᠋ᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠬᠤᠩ ᡁᠢ ᠵᠢᠴᠢ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃    11      ᠤ ᠡᠳᠦᠷ ᠬᠥᠯᠥᠨ ᠪᠤᠶᠢᠷ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ ᠯᠢᠦ ᠢᠦᠶ ᠴᠢᠩ ᠨᠡᠷ ᠵᠠᠯᠠᠨ ᠠᠶᠢᠯ ᠬᠤᠲᠠ ᠳᠤ ᠬᠦᠷᠴᠦ᠂ ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠪᠠᠯᠠ ᠮᠥᠩᠭᠦ ᠶᠢᠨ ᠨᠠᠶᠢᠳᠠᠪᠤᠷᠢᠵᠢᠭᠤᠯᠤᠯᠲᠠ ᠵᠡᠷᠭᠡ ᠠᠵᠢᠯ ᠳᠤ ᠲᠤᠰᠬᠠᠶ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠸᠧᠶ ᠵᠢᠶᠦ᠋ᠨ ᠪᠠᠷ᠎ᠠ ᠪᠣᠯᠪᠠ᠃    ᠵᠠᠯᠠᠨ ᠠᠶᠢᠯ ᠬᠤᠲᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠣᠳᠣᠬᠠᠨ ᠤ ᠰᠢᠤᠳᠠᠨ ᠤ ᠲᠦᠷᠭᠡᠨ ᠬᠦᠷᠭᠡᠯᠲᠡ ᠶᠢᠨ  ᠦᠢᠯᠡᠰ ᠤᠨ ᠰᠢᠨ᠎ᠡ  ᠲᠢᠲᠢᠮᠯᠢᠭ‌ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶ ᠳᠣᠭᠢᠷᠠᠭᠤᠯᠤᠨ ᠪᠠᠶᠢᠷᠢᠯᠠᠭᠤᠯᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠵᠢᠢ ᠴᠦᠨ ᠬᠤᠷᠠᠯ ᠳᠤ ᠣᠷᠣᠯᠴᠠᠪᠠ᠃    12      ᠤᠨ ᠡᠳᠦᠷ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠠᠴᠠ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠭᠤᠤᠯᠳᠠᠯᠭ᠎ᠠ ᠲᠠᠢ ᠵᠦᠢᠯᠡᠰ ᠢ ᠠᠬᠢᠭᠤᠯᠬᠤ᠂ 2022 ᠣᠨ ᠤ ᠵᠦᠢᠯᠡᠰ ᠢ ᠲᠥᠯᠥᠪᠯᠡᠬᠦ᠂ ᠵᠢᠭᠡᠯᠡᠯᠭᠡ ᠶᠢᠨ ᠲᠡᠮᠳᠡᠭᠲᠦ ᠶᠢ ᠲᠡᠮᠡᠴᠡᠨ ᠤᠯᠬᠤ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠵᠡᠷᠭᠡ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠳᠠ ᠶᠢᠨ ᠤᠳᠤᠷᠢᠳᠤᠯᠭ᠎ᠠ ᠸᠠᠩ ᠪᠥᠸᠧ᠂ ᠵᠠᠩ ᠸᠧᠢ ᠵᠢᠶᠦ᠋ᠨ᠂ ᠦ᠋ ᠴᠧᠨ ᠳ᠋ᠦᠩ᠂ ᠶᠠᠩ ᠵᠢᠢ ᠴᠦᠨ᠂ ᠵᠢᠶᠠᠩ ᠵᠢᠶᠦ᠋ᠨ ᠶᠦᠩ᠂ ᠮᠧᠩ ᠭᠠᠩ᠂ ᠯᠦ ᠶᠠ ᠭᠤᠸᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠤᠷᠢᠳ ᠬᠤᠵᠢᠳ ᠤᠤᠯ ᠤᠨ ᠾᠧ ᠫᠢᠩ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠠᠶ᠋ᠢᠭ᠂ ᠶᠠᠯᠦ ᠵᠡᠭᠡᠯᠢ ᠠᠴᠠ ᠤᠮᠠᠷᠠᠰᠢᠬᠢ ᠲᠥᠯᠥᠪᠵᠢᠭᠦᠯᠭᠡ ᠶᠢᠨ ᠬᠡᠷᠡᠭᠯᠡᠬᠦ ᠭᠠᠵᠠᠷ ᠵᠢᠴᠢ  ᠾᠧ ᠰᠢ ᠰᠢᠨ᠎ᠡ ᠲᠣᠭᠤᠷᠢᠭ ᠤᠨ ᠭᠤᠷᠪᠠᠳᠤᠭᠠᠷ᠂ ᠳᠥᠷᠪᠡᠳᠦᠭᠡᠷ ᠲᠥᠯᠥᠪᠵᠢᠭᠦᠯᠭᠡ ᠶᠢᠨ ᠬᠡᠷᠡᠭᠯᠡᠬᠦ ᠭᠠᠵᠠᠷ ᠵᠡᠷᠭᠡ ᠭᠠᠵᠠᠷ ᠲᠤ ᠬᠦᠷᠴᠦ᠂ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ ᠭᠠᠵᠠᠷ ᠰᠣᠩᠭᠤᠬᠤ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠤᠳᠤᠷᠢᠳᠤᠯᠭ᠎ᠠ ᠵᠠᠩ ᠸᠧᠶ ᠵᠢᠶᠦ᠋ᠨ᠂ ᠶᠠᠩ ᠵᠢᠶ ᠴᠦᠨ ᠪᠣᠯᠤᠨ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠪᠠ᠃   ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠵᠤ᠂ ᠤᠯᠤᠰ ᠤᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠤᠨ ᠳᠠᠷᠠᠭᠠᠬᠢ ᠦᠨᠡᠯᠡᠨ ᠵᠢᠱᠢᠬᠦ ᠠᠵᠢᠯ ᠳᠤ ᠳᠠᠬᠢᠨ ᠲᠣᠬᠢᠷᠠᠭᠤᠯᠤᠯᠲᠠ ᠳᠠᠬᠢᠨ ᠪᠠᠶᠢᠷᠢᠯᠠᠭᠤᠯᠤᠯᠲᠠ ᠬᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠸᠧᠶ ᠵᠢᠶᠦ᠋ᠨ ᠬᠤᠷᠠᠯ ᠡᠷᠭᠢᠯᠡᠵᠦ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠧᠩ ᠭᠠᠩ ᠂ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ 16 ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃   15      ᠤ ᠡᠳᠦᠷ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠢᠱᠢᠭᠳᠡᠭᠴᠢ ᠶᠢᠨ ᠬᠤᠪᠢ ᠪᠠᠷ ᠴᠢᠩᠭᠢᠰ ᠬᠠᠭᠠᠨ ᠪᠠᠯᠭᠠᠰᠤᠨ ᠤ ᠵᠢᠷᠭᠤᠳᠤᠭᠠᠷ ᠰᠣᠩᠭᠤᠭᠤᠯᠢ ᠶᠢᠨ ᠲᠣᠭᠤᠷᠢᠭ ᠤᠨ ᠰᠣᠩᠭᠤᠭᠤᠯᠢ ᠶᠢᠨ ᠠᠷᠠᠳ ᠤᠨ ᠲᠥᠯᠥᠭᠡᠯᠡᠭᠴᠢ ᠲᠠᠢ ᠠᠭᠤᠯᠵᠠᠵᠤ ᠰᠠᠨᠠᠯ ᠢᠶᠠᠨ ᠰᠣᠯᠢᠯᠴᠠᠪᠠ᠃ ᠬᠤᠲᠠ ᠶᠢᠨ ᠤᠳᠤᠷᠢᠳᠤᠯᠭ᠎ᠠ ᠰᠦᠨ ᠰᠢᠤ ᠹᠸᠢ᠂ ᠵᠢᠶᠠᠩ ᠵᠢᠶᠦ᠋ᠨ ᠶᠦᠩ ᠪᠠᠷ᠎ᠠ ᠪᠣᠯᠪᠠ᠃    ᠬᠤᠳᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠬᠤᠳᠠ ᠶᠢᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ 2021 ᠣᠨ ᠤ ᠳᠥᠷᠪᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠮᠦᠭᠦᠴᠢ ᠪᠠᠯᠭᠠᠰᠤᠨ ᠤ ᠳᠥᠷᠪᠡᠳᠦᠭᠡᠷ ᠰᠣᠩᠭᠤᠭᠤᠯᠢ ᠶᠢᠨ ᠲᠣᠭᠤᠷᠢᠭ ᠲᠤ ᠬᠦᠷᠴᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠬᠤ ᠶᠢᠨ ᠬᠠᠮᠲᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠢᠱᠢᠭᠳᠡᠭᠴᠢ ᠶᠢᠨ ᠬᠤᠪᠢ ᠪᠠᠷ ᠰᠣᠩᠭᠤᠭᠤᠯᠢ ᠶᠢᠨ ᠠᠷᠠᠳ ᠤᠨ ᠲᠥᠯᠥᠭᠡᠯᠡᠭᠴᠢ ᠲᠠᠢ ᠠᠭᠤᠯᠵᠠᠵᠤ ᠰᠠᠨᠠᠯ ᠢᠶᠠᠨ ᠰᠣᠯᠢᠯᠴᠠᠪᠠ᠃   16      ᠤ ᠡᠳᠦᠷ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠪᠣᠯᠤᠨ ᠬᠤᠲᠠ᠂ ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠢᠱᠢᠭᠳᠡᠭᠰᠡᠳ ᠡᠩ ᠤᠨ ᠰᠣᠩᠭᠤᠭᠤᠯᠢ ᠶᠢᠨ ᠠᠷᠠᠳ ᠤᠨ ᠬᠤᠪᠢ ᠪᠠᠷ ᠲᠤᠰ ᠲᠤᠰ ᠤᠨ ᠰᠣᠩᠭᠤᠭᠤᠯᠢ ᠶᠢᠨ ᠲᠣᠭᠤᠷᠢᠭ ᠤᠨ 2021 ᠣᠨ ᠳᠤ᠂ ᠵᠠᠯᠠᠨ ᠠᠶᠢᠯ ᠬᠤᠲᠠ᠂ ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠳᠤ ᠨᠡᠶᠢᠲᠡ 216052 ᠰᠣᠩᠭᠤᠭᠤᠯᠢ ᠶᠢᠨ ᠠᠷᠠᠳ ᠢ ᠪᠦᠷᠢᠳᠬᠡᠵᠦ᠂ ᠪᠥᠬᠦ ᠬᠤᠲᠠ ᠶᠢᠨ 115 ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠣᠩᠭᠤᠭᠤᠯᠢ ᠶᠢᠨ ᠲᠣᠭᠤᠷᠢᠭ᠂ 299 ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠣᠩᠭᠤᠭᠤᠯᠢ ᠶᠢᠨ ᠲᠣᠭᠤᠷᠢᠭ ᠠᠴᠠ ᠬᠤᠲᠠ ᠶᠢᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ 220 ᠲᠥᠯᠥᠭᠡᠯᠡᠭᠴᠢ᠂ ᠰᠢᠶᠠᠩ ᠤᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ 723 ᠲᠥᠯᠥᠭᠡᠯᠡᠭᠴᠢ ᠶᠢ ᠨᠢᠭᠡᠳᠦᠯᠲᠡᠶ ᠰᠣᠩᠭᠤᠵᠤ ᠭᠠᠷᠭᠠᠪᠠ᠃   ᠵᠠᠯᠠᠨ ᠠᠶᠢᠯ ᠬᠤᠲᠠ ᠪᠣᠯᠤᠨ ᠵᠥᠩ ᠱᠧᠩ ᠢ ᠶᠤᠸᠠᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠬᠤᠲᠠ ᠶᠢᠨ ᠠᠵᠤ ᠠᠬᠤᠶᠢᠯᠠᠯ ᠬᠤᠯᠪᠣᠭᠠᠯᠠᠨ ᠬᠥᠳᠡᠯᠦᠯᠴᠡᠬᠦ ᠠᠮᠤᠭᠤᠯᠠᠩ ᠣᠷᠣᠨ ᠰᠠᠭᠤᠴᠠ ᠶᠢᠨ ᠢᠨᠵᠧᠨᠧᠷᠢᠩ ᠤᠨ ᠲᠥᠷᠥᠯ  ᠵᠦᠢᠯ ᠳᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠸᠧᠶ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠡᠦ ᠴᠧᠨ ᠳ᠋ᠦᠩ ᠬᠤᠷᠠᠯ ᠢ ᠡᠷᠭᠢᠯᠡᠭᠰᠡᠨ ᠪᠥᠭᠡᠳ ᠲᠥᠯᠥᠭᠡᠯᠡᠭᠴᠢᠳ ᠢ ᠲᠥᠯᠥᠭᠡᠯᠡᠨ ᠭᠡᠷ᠎ᠡ ᠲᠣᠭᠲᠠᠪᠠ᠃ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠪᠠ᠃    17      ᠤ ᠡᠳᠦᠷ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ ᠬᠤᠷᠠᠯ ᠬᠤᠷᠠᠯᠳᠤᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠵᠡᠷᠭᠡ ᠤᠴᠢᠷ ᠶᠠᠪᠤᠳᠠᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠬᠤᠷᠠᠯ ᠢ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠭᠤᠤᠯ ᠤᠳᠤᠷᠢᠳᠤᠯᠭ᠎ᠠ ᠬᠤᠷᠠᠯ ᠳᠤ ᠰᠤᠯᠠ ᠣᠷᠣᠯᠴᠠᠪᠠ᠃    17 ~ 18      ᠤ ᠡᠳᠦᠷ ᠪᠣᠯᠲᠠᠯ᠎ᠠ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠ ᠶᠤᠸᠠᠢ ᠳ᠋ᠦᠩ ᠨᠡᠷ ᠵᠠᠯᠠᠨ ᠠᠶᠢᠯ ᠬᠤᠲᠠ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠰᠤᠷᠭᠠᠨ ᠬᠥᠮᠦᠵᠢᠯ᠂ ᠠᠷᠠᠯᠵᠢᠶ᠎ᠠ ᠬᠤᠳᠠᠯᠳᠤᠭ᠎ᠠ᠂ ᠪᠡᠶ᠎ᠡ ᠶᠢᠨ ᠲᠠᠮᠢᠷ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠠᠩ ᠵᠢᠶ ᠴᠦᠨ ᠪᠠᠷ᠎ᠠ ᠪᠣᠯᠪᠠ᠃  
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号