︵ᠭᠤᠷᠪᠠᠳᠣᠭᠠᠷ ᠬᠤᠭᠤᠴᠠᠭ᠎ᠠ︶2021 ᠣᠨ ᠤ 11 ᠰᠠᠷ᠎ᠠ ᠶᠢᠨ ᠶᠡᠭᠡ ᠬᠡᠷᠡᠭ ᠤᠨ ᠲᠡᠮᠳᠡᠭᠯᠡᠯ
ᠨᠡᠶᠢᠲᠡᠯᠡᠭᠰᠡᠨ ᠴᠠᠭ᠄
2022/2/24
    18      ᠤ ᠡᠳᠦᠷ ᠵᠠᠯᠠᠨ ᠠᠶᠢᠯ ᠬᠤᠳᠠ ᠶᠢᠨ ᠶᠢᠰᠦᠳᠦᠭᠡᠷ ᠬᠤᠭᠤᠴᠠᠭᠠᠨ ᠤ ᠬᠤᠳᠠ ᠶᠢᠨ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠵᠠᠢ᠃ ᠬᠤᠷᠠᠯ ᠠᠴᠠ ᠬᠢᠨᠠᠨ ᠵᠥᠪᠯᠡᠵᠦ ᠪᠠᠲᠤᠯᠠᠪᠠ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠤᠨ ᠲᠥᠯᠥᠪᠵᠢᠭᠦᠯᠭᠡ ︵2021 — — 2026 ᠣᠨ︶︾ ︽ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠲᠥᠯᠥᠪᠵᠢᠭᠦᠯᠭᠡ ︵2021 — 2026 ᠣᠨ︶ ︽︽ᠵᠠᠯᠠᠨ ᠠᠶᠢᠯ ᠬᠤᠳᠠ ᠶᠢᠨ ᠨᠠᠮ ᠤᠨ  ᠬᠤᠷᠢᠶ᠎ᠠ ᠶᠢᠨ ᠲᠣᠭᠤᠷᠢᠨ ᠪᠠᠶᠢᠴᠠᠭᠠᠵᠤ ᠤᠬᠠᠭᠤᠯᠬᠤ ᠠᠵᠢᠯ ᠤᠨ ᠲᠥᠯᠥᠪᠵᠢᠭᠦᠯᠭᠡ ︵2021 — 2026 ᠣᠨ︶︾ ︽ᠶᠢᠰᠦᠳᠦᠭᠡᠷ ᠬᠤᠭᠤᠴᠠᠭᠠᠨ ᠤ ᠵᠠᠯᠠᠨ ᠠᠶᠢᠯ ᠬᠤᠳᠠ ᠶᠢᠨ ᠨᠠᠮ ᠤᠨ  ᠬᠤᠷᠢᠶ᠎ᠠ ᠶᠢᠨ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠲᠥᠰᠦᠯ︾ ︽ᠶᠢᠰᠦᠳᠦᠭᠡᠷ ᠬᠤᠭᠤᠴᠠᠭᠠᠨ ᠤ ᠵᠠᠯᠠᠨ ᠠᠶᠢᠯ ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠲᠥᠰᠦᠯ︾ ︽ᠵᠠᠯᠠᠨ ᠠᠶᠢᠯ ᠬᠤᠳᠠ ᠶᠢᠨ ᠨᠠᠮ ᠤᠨ ᠬᠤᠷᠢᠶ᠎ᠠ ᠶᠢᠨ ︿ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠬᠤ ᠶᠢ ᠴᠢᠩᠭᠠᠳᠬᠠᠬᠤ ᠲᠤᠬᠠᠢ ᠰᠠᠨᠠᠯ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠵᠡᠷᠭᠡ 7 ᠵᠦᠢᠯ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ ᠢ ᠬᠡᠷᠡᠭᠵᠢᠭᠦᠯᠵᠡᠢ ᠃ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠬᠥᠮᠥᠷᠭᠡ᠂ ᠴᠢᠳᠠᠪᠤᠷᠢᠲᠠᠨ ᠤ ᠬᠥᠮᠥᠷᠭᠡ ᠳᠤ ᠲᠤᠬᠢᠷᠠᠭᠤᠯᠤᠯᠳᠠ ᠬᠢᠪᠡ︔ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠰᠢᠪᠠᠳᠠᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠰᠣᠨᠣᠰᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢᠦ ᠬᠤᠩ ᡁᠢ ᠬᠤᠷᠠᠯ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠶᠠᠨ ᡁᠢ ᠭᠠᠩ ᠂ ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃     19      ᠤ ᠡᠳᠦᠷ ᠵᠠᠯᠠᠨ ᠠᠶᠢᠯ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠮᠲᠤᠷᠠᠭᠰᠠᠨ ᠠᠵᠤ ᠠᠬᠤᠶᠢᠯᠠᠯᠲᠠᠳ ᠤᠨ ᠬᠤᠳᠠᠯᠳᠤᠭᠠᠨ ᠤ ᠡᠪᠯᠡᠯ᠂ ᠬᠤᠸᠠ ᠰᠢ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠲᠠᠳ ᠲᠤ ᠬᠠᠶᠢᠷ᠎ᠠ ᠬᠠᠯᠠᠮᠵᠢ ᠶᠢᠨ ᠡᠳ᠋ ᠪᠣᠳᠠᠰ ᠲᠦᠭᠡᠭᠡᠪᠡ᠃ ᠬᠤᠳᠠ ᠶᠢᠨ ᠤᠳᠤᠷᠢᠳᠤᠯᠭ᠎ᠠ ᠵᠠᠩ ᠸᠧᠢ ᠵᠢᠶᠦ᠋ᠨ᠂ ᠶᠠᠩ ᠵᠢᠢ ᠴᠦᠨ᠂ ᠯᠢ ᠶᠠᠨ ᠯᠢᠩ ᠲᠣᠬᠤᠨᠢᠭᠤᠯᠬᠤ ᠠᠵᠢᠯᠯᠠᠭ᠎ᠠ ᠳᠤ ᠣᠷᠣᠯᠴᠠᠪᠠ᠃    20      ᠤ ᠡᠳᠦᠷ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠥᠷᠥᠯ  ᠵᠦᠢᠯ ᠢ ᠳᠥᠯᠭᠢᠨ ᠠᠬᠢᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠂ ᠸᠠᠩ ᠪᠥᠸᠧ᠂ ᠯᠢ  ᠱᠦ ᠶᠠᠨ᠂ ᠢᠦᠶ ᠫᠢᠩ᠂ ᠰᠦᠨ ᠰᠢᠤ ᠹᠸᠢ ᠵᠡᠷᠭᠡ ᠬᠤᠲᠠ ᠶᠢᠨ ᠤᠳᠤᠷᠢᠳᠤᠯᠭ᠎ᠠ ᠪᠠᠷ᠎ᠠ ᠪᠣᠯᠪᠠ᠃    21      ᠤ ᠡᠳᠦᠷ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠠᠩᠬᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠲᠣᠰ ᠡᠭᠡᠯᠵᠢ ᠶᠢᠨ ᠲᠣᠭᠤᠷᠢᠨ ᠪᠠᠶᠢᠴᠠᠭᠠᠯᠲᠠ ᠳᠤ᠂ ᠬᠤᠲᠠ ᠶᠢᠨ ᠨᠠᠮ ᠤᠨ ᠬᠤᠷᠢᠶ᠎ᠠ ᠨᠡᠶᠢᠲᠡ 3 ᠲᠣᠭᠤᠷᠢᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ︽ᠨᠢᠭᠡ ᠳᠤ ᠬᠤᠶᠠᠷ ᠢ ᠨᠠᠶᠢᠳᠠᠬᠤ︾ ᠬᠡᠯᠪᠡᠷᠢ ᠶᠢ ᠠᠪᠴᠤ᠂ ᠬᠢᠨᠠᠨ ᠪᠤᠳᠤᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠤᠨ ᠶᠠᠪᠤᠳᠠᠯ ‍ᠤᠨ‌ᠦᠢᠯᠡᠴᠢᠯᠡᠭᠡᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠳ᠋ᠠ ᠾᠧ ᠸᠠᠨ ᠪᠠᠯᠭᠠᠰᠤᠨ ᠤ ᠨᠠᠮ ᠤᠨ ᠬᠤᠷᠢᠶ᠎ᠠ ᠵᠢᠴᠢ ᠬᠠᠷᠢᠶ᠎ᠠ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ᠂ ᠨᠠᠨᠮᠦ ᠣᠷᠴᠣᠨ ᠤ ᠦᠨᠳᠦᠰᠦᠲᠡᠨ ᠤ ᠰᠢᠶᠠᠩ ᠤᠨ ᠨᠠᠮ ᠤᠨ ᠬᠤᠷᠢᠶ᠎ᠠ ᠵᠢᠴᠢ ᠬᠠᠷᠢᠶ᠎ᠠ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ  ᠦᠷᠨᠢᠭᠦᠯᠪᠡ᠃    23      ᠤ ᠡᠳᠦᠷ ᠪᠥᠬᠦ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ  ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠪᠠ᠃ ᠬᠤᠷᠠᠯ ᠠᠴᠠ ᠨᠠᠮ ᠤᠨ ᠲᠥᠪ ᠬᠤᠷᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ᠂ ᠬᠥᠯᠥᠨ ᠪᠤᠶᠢᠷ ᠬᠤᠳᠠ ᠶᠢᠨ ᠨᠠᠮ ᠤᠨ  ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠲᠠᠬᠢᠨ ᠲᠤᠬᠢᠷᠠᠭᠤᠯᠵᠤ᠂ ᠲᠠᠬᠢᠨ ᠪᠠᠶᠢᠷᠢᠯᠠᠭᠤᠯᠵᠤ᠂ ᠲᠠᠬᠢᠨ ᠠᠬᠢᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠬᠤᠷᠠᠯ ᠢ ᠡᠷᠭᠢᠯᠡᠪᠡ᠃ ᠬᠤᠳᠠ ᠶᠢᠨ ᠤᠳᠤᠷᠢᠳᠤᠯᠭ᠎ᠠ ᠵᠠᠩ ᠸᠧᠢ ᠵᠢᠶᠦ᠋ᠨ᠂ ᠯᠢ  ᠱᠦ ᠶᠠᠨ᠂ ᠢᠦᠢ ᠫᠢᠩ᠂ ᠰᠦᠨ ᠰᠢᠤ ᠹᠸᠢ ᠵᠢᠴᠢ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠠᠵᠢᠯ ᠲᠦᠷᠦᠯ ᠤᠨ ᠰᠠᠯᠠᠭ᠎ᠠ ᠮᠥᠴᠢᠷ᠂ ᠬᠠᠪᠰᠤᠷᠤᠨ ᠲᠡᠳᠬᠦᠬᠦ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃     ᠵᠠᠯᠠᠨ ᠠᠶᠢᠯ ᠬᠤᠲᠠ ᠶᠢᠨ ᠠᠮᠤ ᠪᠤᠳᠠᠭᠠᠨ ᠳᠤ ᠬᠤᠯᠪᠣᠭᠳᠠᠬᠤ ᠭᠤᠤᠯᠳᠠᠯᠭ᠎ᠠ ᠲᠠᠢ ᠨᠢᠭᠡᠴᠡ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ᠃ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠶᠢᠰᠦᠳᠦᠭᠡᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠸᠠᠩ ᠱᠦ ᠬᠠᠶ᠂ ᠳᠡᠳ᠋ ᠳᠤᠭᠤᠶᠢᠯᠠᠩ ᠤᠨ ᠳᠠᠷᠤᠭ᠎ᠠ ᠶᠠᠨ ᠱᠢ ᠾᠧ᠂ ᠡᠯ᠎ᠡ ᠴᠠᠭᠳᠠᠨ ᠪᠠᠶᠢᠴᠠᠭᠠᠬᠤ ᠲᠤᠰᠬᠠᠶ ᠲᠤᠰᠢᠶᠠᠯᠲᠠᠨ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠬᠤᠩ ᡁᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠦ᠋ ᠴᠧᠨ ᠳ᠋ᠦᠩ᠂ ᠬᠤᠲᠠ ᠶᠢᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠬᠡᠷ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠠᠮᠤ ᠪᠤᠳᠠᠭᠠᠨ ᠤ ᠳᠣᠲᠣᠭᠠᠳᠤ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠬᠠᠷᠢᠶ᠎ᠠ ᠳᠣᠤᠷᠠᠳᠤ ᠱᠠᠲᠤᠨ ᠤ ᠨᠢᠭᠡᠴᠡ ᠶᠢᠨ ᠭᠤᠤᠯ ᠬᠠᠷᠢᠭᠤᠴᠠᠯᠭᠠᠲᠠᠨ ᠵᠢᠴᠢ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠲᠥᠯᠥᠭᠡᠯᠡᠭᠴᠢ᠂ ᠠᠮᠤ ᠪᠤᠳᠠᠭᠠᠨ ᠤ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    ᠵᠠᠯᠠᠨ ᠠᠶᠢᠯ ᠬᠤᠲᠠ ᠰᠢᠨ᠎ᠡ ᠲᠢᠲᠢᠮ ᠲᠠᠢ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠲᠠᠪᠢᠨ ᠬᠤᠶᠠᠳᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠲᠠᠷᠠᠭᠠᠴᠢ ᠶᠢᠨ ᠠᠯᠬᠤᠮ ᠤᠨ ᠰᠢᠨ᠎ᠡ ᠲᠢᠲᠢᠮ ᠲᠠᠢ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠶᠠᠩ ᠵᠢᠶ ᠴᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠶᠠᠨ ᠯᠢᠩ ᠵᠢᠴᠢ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ︽ᠨᠢᠭᠡ ᠠᠯᠪᠠᠨ ᠬᠡᠷ  ᠨᠠᠶᠢᠮᠠᠨ ᠳᠤᠭᠤᠶᠢᠯᠠᠩ︾᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    24      ᠤ ᠡᠳᠦᠷ ᠵᠠᠯᠠᠨ ᠠᠶᠢᠯ ᠬᠤᠲᠠ ᠶᠢᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠪᠥᠬᠦᠳᠡ ᠬᠤᠷᠠᠯ ᠢ ᠬᠤᠷᠠᠯᠳᠤᠪᠠ᠃ ᠬᠤᠷᠠᠯ ᠠᠴᠠ ︽ᠵᠠᠯᠠᠨ ᠠᠶᠢᠯ ᠬᠤᠲᠠ ᠶᠢᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ︾ ᠵᠡᠷᠭᠡ 4 ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ᠂ ᠬᠤᠲᠠ ᠶᠢᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠡᠦ ᠴᠧᠨ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠲᠠ ᠶᠢᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠶᠠᠩ ᠵᠢᠶ ᠴᠦᠨ ᠬᠤᠷᠠᠯ  ᠡᠷᠬᠢᠯᠡᠪᠡ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢ ᠶᠠᠨ ᠯᠢᠩ ᠪᠣᠯᠤᠨ ᠵᠠᠯᠠᠨ ᠠᠶᠢᠯ ᠬᠤᠲᠠ ᠶᠢᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠵᠠᠯᠠᠨ ᠠᠶᠢᠯ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠨ ᠵᠢᠯᠣᠭᠤᠳᠬᠤ ᠠᠵᠢᠯ ᠤᠨ ᠲᠤᠬᠢᠷᠠᠭᠤᠯᠭ᠎ᠠ ᠶᠢᠨ ᠬᠤᠷᠠᠯ ᠬᠤᠷᠠᠯᠳᠤᠵᠤ᠂ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠦ᠋ ᠴᠧᠨ ᠳ᠋ᠦᠩ ᠬᠤᠷᠠᠯ ᠳᠤ ᠣᠷᠣᠯᠴᠠᠪᠠ᠃     ᠪᠥᠬᠦ ᠬᠤᠲᠠ ᠶᠢᠨ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠠᠵᠢᠯ ᠤᠨ ᠬᠤᠷᠠᠯ ᠵᠢᠴᠢ ᠬᠤᠲᠠ᠂ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠷᠠᠯ ᠠᠴᠠ ᠪᠥᠬᠦ ᠤᠯᠤᠰ᠂ ᠪᠥᠬᠦ ᠣᠷᠣᠨ ᠤ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠠᠵᠢᠯ ᠤᠨ ᠲᠧᠯᠸᠢᠰ  ᠣᠳᠠᠰᠣᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠤᠱᠯᠠᠭᠤᠯᠤᠨ᠂ ᠬᠤᠭᠤᠴᠠᠭ᠎ᠠ ᠰᠣᠯᠢᠬᠤ ᠠᠵᠢᠯ ᠤᠨ ᠬᠥᠮᠦᠵᠢᠯ ᠰᠡᠷᠡᠮᠵᠢᠯᠡᠭᠦᠯᠦᠯ ᠤᠨ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ ᠤ ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠬᠤ ᠶᠢᠨ ᠬᠠᠮᠲᠤ ᠬᠤᠲᠠ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠪᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠤᠭᠤᠴᠠᠭ᠎ᠠ ᠰᠣᠯᠢᠬᠤ ᠠᠵᠢᠯ ᠢ ᠨᠢᠭᠡᠳᠦᠯᠲᠡᠶ ᠲᠥᠯᠥᠪᠯᠡᠨ ᠳᠣᠭᠢᠷᠠᠭᠤᠯᠪᠠ᠃ ᠬᠤᠲᠠ ᠶᠢᠨ ᠤᠳᠤᠷᠢᠳᠤᠯᠭ᠎ᠠ ᠯᠢ ᠱᠦ ᠶᠠᠨ᠂ ᠢᠦᠶ ᠫᠢᠩ᠂ ᠰᠦᠨ ᠰᠢᠤ ᠹᠸᠢ᠂ ᠵᠠᠩ ᠸᠧᠶ ᠵᠢᠶᠦ᠋ᠨ᠂ ᠯᠢᠦ ᠬᠤᠩ ᡁᠢ᠂ ᠶᠠᠨ ᡁᠢ ᠭᠠᠩ᠂ ᠯᠢ ᠳ᠋ᠦᠩ ᠹᠠᠩ ᠵᠢᠴᠢ ᠬᠤᠲᠠ᠂ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠪᠦᠷᠢᠯᠳᠦᠬᠦᠨ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠡᠯ᠎ᠡ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠡᠯ᠎ᠡ ᠬᠤᠲᠠ ᠶᠢᠨ ᠰᠢᠭᠤᠳ ᠬᠠᠷᠢᠶ᠎ᠠ ᠨᠠᠮ ︵ᠠᠵᠤ  ᠦᠢᠯᠡᠳᠪᠦᠷᠢ︶ ᠤᠨ ᠬᠤᠷᠢᠶ᠎ᠠ ᠶᠢᠨ ᠬᠠᠷᠢᠭᠤᠴᠠᠯᠭᠠᠲᠠᠨ᠂ ᠬᠤᠭᠤᠴᠠᠭ᠎ᠠ ᠰᠣᠯᠢᠬᠤ ᠶᠢ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠥᠬᠦᠶ ᠬᠥᠮᠦᠰ ᠬᠤᠷᠠᠯ ᠳᠤ ᠣᠷᠣᠯᠴᠠᠵᠠᠶ᠃   ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠸᠧᠶ ᠵᠢᠶᠦ᠋ᠨ ᠰᠢᠩ ᠬᠤᠸᠠ ᠵᠡᠭᠡᠯᠢ ᠭᠤᠳᠤᠮᠵᠢ ᠳᠤ ᠬᠦᠷᠴᠦ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃    ᠬᠥᠯᠥᠨ ᠪᠤᠶᠢᠷ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠳ᠋ᠦᠩ ᠶᠤᠸᠠᠢ ᠨᠠᠷ ᠵᠠᠯᠠᠨ ᠠᠶᠢᠯ ᠬᠤᠳᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠠᠩ ᠵᠢᠶ ᠴᠦᠨ ᠪᠠᠷ᠎ᠠ ᠪᠣᠯᠪᠠ᠃    24 — 25      ᠤ ᠡᠳᠦᠷ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠸᠠᠩ ᠯᠢ ᠬᠤᠩ ᠨᠠᠷ ᠵᠠᠯᠠᠨ ᠠᠶᠢᠯ ᠬᠤᠲᠠ ᠳᠤ ᠬᠦᠷᠴᠦ᠂ ᠠᠵᠤ  ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠪᠠᠳᠠᠨ ᠪᠠᠶᠢᠴᠠᠭᠠᠪᠠ᠃ ᠬᠥᠯᠥᠨ ᠪᠤᠶᠢᠷ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ ᠶᠤᠸᠠᠢ ᠰᠢᠶᠤᠤ ᠪᠥᠸᠧ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠸᠧᠶ ᠵᠢᠶᠦ᠋ᠨ ᠪᠠᠷ᠎ᠠ ᠪᠣᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号