︵ᠳᠦᠷᠪᠡᠳᠦᠭᠡᠷ ᠬᠤᠭᠤᠴᠠᠭ᠎ᠠ︶2021 ᠣᠨ ᠤ 11 ᠰᠠᠷ᠎ᠠ ᠶᠢᠨ ᠶᠡᠭᠡ ᠬᠡᠷᠡᠭ ᠤᠨ ᠲᠡᠮᠳᠡᠭᠯᠡᠯ
ᠨᠡᠶᠢᠲᠡᠯᠡᠭᠰᠡᠨ ᠴᠠᠭ᠄
2022/2/24
    25      ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ ᠠᠷᠪᠠᠨ ᠲᠠᠪᠤᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠤᠱᠯᠠᠭᠤᠯᠤᠨ᠂ ᠡᠵᠡᠩᠨᠡᠨ ᠬᠤᠳᠠᠯᠳᠣᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠲᠤᠰᠬᠠᠶ ᠰᠡᠳᠦᠪ ᠢᠶᠠᠷ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠭᠡᠷ ᠲᠡᠭᠡᠨ ᠪᠠᠶᠢᠭ᠎ᠠ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠳᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃    ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠪᠥᠸᠧ ᠬᠤᠳᠠ ᠶᠢᠨ ᠵᠠᠰᠠᠭ ᠤᠨ ᠣᠷᠳᠣᠨ ᠤ 2021 ᠣᠨ ᠤ ᠠᠷᠪᠠᠨ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠥᠯᠥᠨ ᠪᠤᠶᠢᠷ ᠬᠤᠳᠠ ᠶᠢᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠭᠡᠷ ᠲᠡᠭᠡᠨ ᠪᠠᠶᠢᠭ᠎ᠠ ᠬᠤᠳᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃     26      ᠤ ᠡᠳᠦᠷ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢᠦᠶ ᠬᠦᠶ ᠾᠧ ᠨᠡᠷ ᠵᠠᠯᠠᠨ ᠠᠶᠢᠯ ᠬᠤᠲᠠ ᠳᠤ ᠬᠦᠷᠴᠦ ᠨᠢᠭᠡᠳᠦᠮᠡᠯ ᠹᠷᠣᠨᠲ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠸᠧᠶ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠳ᠋ᠦᠩ ᠹᠠᠩ ᠪᠠᠷ᠎ᠠ ᠪᠣᠯᠪᠠ᠃    ᠬᠤᠳᠠ ᠶᠢᠨ ᠨᠠᠮ ᠤᠨ  ᠬᠤᠷᠢᠶ᠎ᠠ ᠶᠢᠨ ᠳᠡᠳ᠋ ᠱᠦᠵᠢ ᠵᠠᠩ ᠸᠧᠢ ᠵᠢᠶᠦ᠋ᠨ ᠨᠠᠨᠮᠤ ᠣᠷᠴᠣᠨ ᠦᠨᠳᠦᠰᠦᠲᠡᠨ ᠤ ᠰᠢᠶᠠᠩ ᠳᠤ ᠬᠦᠷᠴᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠤᠭᠰᠠᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠵᠢᠯᠣᠭᠤᠳᠪᠠ᠃    ᠵᠠᠯᠠᠨ ᠠᠶᠢᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠲᠠ ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ  ᠪᠠᠨ ᠭᠦᠢᠴᠡᠳᠭᠡᠬᠦ ᠪᠣᠯᠪᠠᠰᠣᠷᠠᠯ ᠤᠨ ᠠᠩᠬᠢ ᠦᠷᠨᠢᠭᠦᠯᠪᠡ᠃ ᠦᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯᠲᠠᠨ ᠤ ᠶᠠᠪᠤᠳᠠᠯ ᠤᠨ ᠲᠥᠯᠥᠭᠡᠯᠡᠭᠴᠢ ᠶᠢᠨ ᠰᠣᠩᠭᠤᠭᠤᠯᠢ ᠶᠢᠨ ᠵᠥᠪᠯᠡᠯ ᠤᠨ ᠠᠯᠪᠠᠨ ᠬᠡᠷ ᠤᠨ ᠡᠷᠬᠢᠯᠡᠭᠴᠢ ᠢᠦᠶ ᠶᠦᠩ ᠴᠠᠩ ᠢ ᠤᠷᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠬᠢᠭᠡᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠲᠦᠯᠦᠭᠡᠯᠡᠭᠴᠢ ᠶᠢᠨ ᠠᠵᠢᠯ ᠢ ᠰᠠᠶᠢᠳᠣᠷ ᠬᠢᠬᠦ ᠲᠣᠬᠠᠢ ᠲᠣᠰᠬᠠᠢ ᠰᠡᠳᠦᠪᠲᠦ ᠲᠠᠶᠢᠯᠣᠮᠵᠢ ᠬᠢᠪᠡ᠃  ᠬᠤᠲᠠ  ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠱᠦ ᠶᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠢᠨ ᠵᠢᠱᠢᠭᠳᠡᠭᠴᠢ ᠰᠦᠨ ᠰᠢᠤ ᠹᠸᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠴᠤᠸᠠᠨ ᠹᠦ᠋᠂ ᠸᠧᠶ ᠬᠤᠩ ᠴᠦᠨ ᠵᠢᠴᠢ ᠬᠤᠲᠠ ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠪᠠᠰᠤᠷᠠᠭᠤᠯᠤᠯ ᠳᠤ ᠣᠷᠣᠯᠴᠠᠪᠠ᠃     27      ᠤ ᠡᠳᠦᠷ ᠵᠠᠯᠠᠨ ᠠᠶᠢᠯ ᠬᠤᠲᠠ ᠶᠢᠨ  ᠰᠢᠨ᠎ᠡ ᠲᠢᠲᠢᠮᠯᠢᠭ‌ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠠᠪᠢᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠵᠠᠷᠯᠠᠨ ᠮᠡᠳᠡᠭᠳᠡᠵᠦ᠂ ᠣᠳᠣᠬᠠᠨ ᠤ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠨ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠬᠤᠷᠠᠯ ᠡᠷᠭᠢᠯᠡᠵᠦ᠂ ᠬᠤᠲᠠ ᠶᠢᠨ ᠤᠳᠤᠷᠢᠳᠤᠯᠭ᠎ᠠ ᠶᠠᠩ ᠵᠢᠶ ᠴᠦᠨ᠂ ᠯᠢ ᠶᠠᠨ ᠯᠢᠩ᠂  ᠮᠧᠩ ᠭᠠᠩ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ︽ᠨᠢᠭᠡ ᠠᠯᠪᠠᠨ ᠬᠡᠷ  ᠨᠠᠶᠢᠮᠠᠨ ᠳᠤᠭᠤᠶᠢᠯᠠᠩ︾᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠣᠪᠴᠢᠶ᠎ᠠ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      28      ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠵᠧᠩ ᠶᠠᠩ ᠵᠡᠭᠡᠯᠢ ᠭᠤᠳᠤᠮᠵᠢ ᠶᠢᠨ ᠬᠤᠩ ᠴᠢ ᠨᠡᠶᠢᠭᠡᠮ ᠲᠣᠭᠤᠷᠢᠭ᠂ ᠬᠤᠲᠠ ᠶᠢᠨ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠪᠠ ᠪᠥᠭᠡᠮ ᠬᠦᠴᠢᠯ ᠤᠨ ᠥᠯᠢᠭᠡᠷ ᠠᠪᠬᠤ ᠭᠠᠵᠠᠷ᠂ ᠾᠧᠩ ᠶᠤᠸᠠᠨ ᠪᠠᠷᠠᠭᠠᠨ ᠤ  ᠭᠦᠢᠯᠭᠡᠭᠡᠨ ᠤ ᠶᠦᠨ ᠳ᠋ᠡ ᠲᠦᠷᠭᠡᠨ ᠬᠦᠷᠭᠡᠯᠲᠡ᠂ ᠵᠠᠯᠠᠨ ᠠᠶᠢᠯ ᠲᠡᠷᠭᠡᠨ ᠥᠷᠲᠡᠭᠡᠨ ᠤ ᠡᠳ᠋ ᠪᠠᠷᠠᠭᠠᠨ ᠤ ᠭᠠᠵᠠᠷ᠂ ᠳᠣᠲᠣᠭᠠᠳᠤ ᠶᠢ ᠬᠠᠮᠠᠭᠠᠯᠠᠬᠤ ᠲᠣᠮᠣ ᠳ᠋ᠠᠶᠢᠲ᠋ᠠ ᠶᠢᠨ ᠵᠠᠳᠠᠯᠤᠯᠲᠠ ᠶᠢᠨ ᠲᠥᠪ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠰᠠᠯᠠᠭ᠎ᠠ ᠮᠥᠴᠢᠷ ᠪᠠ ᠲᠠᠯᠠᠪᠤᠷ ᠲᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠠᠩ ᠵᠢᠶ ᠴᠦᠨ᠂ ᠵᠢᠯᠣᠭᠤᠳᠬᠤ ᠭᠠᠵᠠᠷ ᠤᠨ ᠠᠯᠪᠠᠨ ᠬᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃      29      ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠲᠣᠬᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠬᠡᠷ ᠲᠡᠭᠡᠨ ᠪᠠᠶᠢᠭ᠎ᠠ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ︽ᠨᠢᠭᠡ ᠠᠯᠪᠠᠨ ᠬᠡᠷ  ᠨᠠᠶᠢᠮᠠᠨ ᠳᠤᠭᠤᠶᠢᠯᠠᠩ︾᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃     30      ᠤ ᠡᠳᠦᠷ ᠵᠠᠯᠠᠨ ᠠᠶᠢᠯ ᠬᠤᠲᠠ ᠶᠢᠨ  ᠰᠢᠨ᠎ᠡ ᠲᠢᠲᠢᠮᠯᠢᠭ‌ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠲᠠᠪᠢᠨ ᠳᠥᠷᠪᠡᠳᠦᠭᠡᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃  ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠬᠤᠷᠠᠯ ᠡᠷᠭᠢᠯᠡᠵᠦ᠂ ᠬᠤᠲᠠ ᠶᠢᠨ ᠤᠳᠤᠷᠢᠳᠤᠯᠭ᠎ᠠ ᠡᠦ ᠴᠧᠨ ᠳ᠋ᠦᠩ᠂ ᠶᠠᠩ ᠵᠢᠶ ᠴᠦᠨ᠂  ᠮᠧᠩ ᠭᠠᠩ᠂ ᠯᠦ ᠶᠠ ᠭᠤᠸᠠᠩ᠂ ︽ᠨᠢᠭᠡᠳᠦᠭᠡᠷ ᠠᠯᠪᠠᠨ ᠭᠡᠷ ᠨᠠᠢᠮᠠᠨ ᠳᠤᠭᠤᠶᠢᠯᠠᠩ︾᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠭᠤᠴᠠᠯᠭᠠᠲᠠᠨ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠰᠢᠶᠠᠩ ᠪᠠᠯᠭᠠᠰᠤᠨ ᠤ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠡᠯ᠎ᠡ ᠦᠨᠳᠦᠰᠦᠨ ᠱᠠᠲᠤᠨ ᠤ ᠥᠷᠲᠡᠭᠡ ᠭᠠᠵᠠᠷ ᠵᠢᠴᠢ ᠬᠠᠷᠢᠶ᠎ᠠ ᠣᠷᠣᠨ ᠤ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃     ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠠᠩ ᠸᠧᠶ ᠵᠢᠶᠦ᠋ᠨ ᠨᠠᠨᠮᠤ ᠣᠷᠴᠣᠨ ᠦᠨᠳᠦᠰᠦᠲᠡᠨ ᠤ ᠰᠢᠶᠠᠩ ᠳᠤ ᠬᠦᠷᠴᠦ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠣᠭᠤᠳᠪᠠ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠵᠢᠶᠠᠩ ᠵᠢᠶᠦ᠋ᠨ ᠶᠦᠩ  ᠳᠠᠭᠠᠭᠠᠴᠢᠯᠠᠨ ᠬᠤᠯᠪᠣᠭᠰᠠᠨ ᠰᠢᠶᠠᠩ ᠪᠠᠯᠭᠠᠰᠤᠨ ᠤ ᠴᠢᠩᠭᠢᠰ ᠬᠠᠭᠠᠨ ᠪᠠᠯᠭᠠᠰᠤᠨ  ᠢᠶᠠᠷ ᠵᠠᠮᠴᠢᠯᠠᠵᠤ᠂ ᠱᠢ ᠴᠢᠶᠣᠤ᠂ ᠳ᠋ᠦᠩ ᠳ᠋ᠧ ᠱᠧᠩ᠂  ᠶᠢᠦ ᠢ ᠨᠡᠶᠢᠭᠡᠮ ᠲᠣᠭᠤᠷᠢᠭ᠂ ᠴᠧᠩ ᠴᠠᠩ ᠨᠡᠶᠢᠭᠡᠮ ᠲᠣᠭᠤᠷᠢᠭ ᠵᠡᠷᠭᠡ ᠲᠣᠰᠬᠤᠨ ᠤ ᠰᠠᠭᠤᠭᠠᠯᠢ ᠠᠷᠠᠳ ᠲᠤ ᠬᠦᠷᠴᠦ᠂ ᠳᠥᠷᠪᠡᠨ ᠪᠢᠰᠢ ᠬᠤᠶᠠᠷ ᠰᠢᠯᠤᠭᠤᠨ ᠤ ᠬᠡᠯᠪᠡᠷᠢ ᠪᠠᠷ ᠡᠷᠦᠬᠡ ᠳᠠᠷᠠᠭᠠᠯᠠᠨ ᠲᠤᠰᠠᠭᠠᠷᠯᠠᠭᠰᠠᠨ ᠡᠷᠦᠬᠡ ᠳᠤ ᠬᠦᠷᠴᠦ ᠲᠤᠰᠠᠭᠠᠷᠯᠠᠭᠰᠠᠨ ᠪᠠᠶᠢᠳᠠᠯ ᠢ ᠪᠠᠶᠢᠴᠠᠭᠠᠵᠤ᠂ ᠳᠡᠯᠭᠡᠭᠦᠷ᠂ ᠦᠰᠦ ᠵᠠᠰᠠᠬᠤ ᠭᠠᠵᠠᠷ ᠵᠡᠷᠭᠡ ᠣᠯᠠᠨ ᠨᠡᠶᠢᠲᠡ ᠶᠢᠨ ᠲᠠᠯᠠᠪᠤᠷ ᠢ ᠨᠢᠭᠤᠴᠠ ᠪᠠᠷ ᠰᠤᠷᠪᠤᠯᠵᠢᠯᠠᠪᠠ᠃    
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号