︵ᠨᠢᠭᠡᠳᠦᠭᠡᠷ ᠬᠤᠭᠤᠴᠠᠭ᠎ᠠ︶ 2021 ᠣᠨ ᠤ 12 ᠰᠠᠷ᠎ᠠ ᠶᠢᠨ ᠶᠡᠭᠡ ᠬᠡᠷᠡᠭ ᠤᠨ ᠲᠡᠮᠳᠡᠭᠯᠡᠯ
ᠨᠡᠶᠢᠲᠡᠯᠡᠭᠰᠡᠨ ᠴᠠᠭ᠄
2022/2/24
   2      ᠤᠨ ᠡᠳᠦᠷ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠮᠣᠯᠧᠺᠦ᠋ᠯ ᠤᠨ ᠠᠮᠢᠳᠤ ᠪᠣᠳᠠᠰ ᠤᠨ ᠰᠤᠳᠤᠯᠤᠯ ᠤᠨ ᠲᠤᠷᠰᠢᠯᠲᠠ ᠶᠢᠨ ᠲᠠᠰᠤᠭ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠬᠠᠳᠠᠭᠠᠯᠠᠮᠵᠢ ᠶᠢᠨ ᠬᠥᠮᠥᠷᠭᠡ᠂ ᠬᠤᠲᠠ ᠶᠢᠨ ᠡᠮᠨᠡᠯᠭᠡ ᠶᠢᠨ ᠬᠤᠷᠢᠶ᠎ᠠ᠂ ᠰᠢᠶᠠᠩ ᠶᠠᠩ ᠵᠡᠭᠡᠯᠢ ᠭᠤᠳᠤᠮᠵᠢ᠂ ᠶᠢᠨ ᠪᠠᠶ ᠯᠢᠩ ᠪᠠᠭᠤᠳᠠᠯ ᠵᠡᠷᠭᠡ ᠭᠠᠵᠠᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠬᠢᠨᠠᠨ ᠵᠢᠯᠣᠭᠤᠳᠪᠠ ᠃ ᠬᠤᠲᠠ ᠶᠢᠨ ᠤᠳᠤᠷᠢᠳᠤᠯᠭ᠎ᠠ ᠸᠠᠩ ᠪᠥᠸᠧ᠂ ᠯᠢᠦ ᠬᠤᠩ ᡁᠢ᠂ ᠶᠠᠨ ᡁᠢ ᠭᠠᠩ᠂ ᠵᠢᠶᠠᠩ ᠵᠢᠶᠦ᠋ᠨ ᠶᠦᠩ ᠪᠠᠷ᠎ᠠ ᠪᠣᠯᠪᠠ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠠᠩ ᠸᠧᠶ ᠵᠢᠶᠦ᠋ᠨ ᠨᠠᠨᠮᠤ ᠣᠷᠴᠣᠨ  ᠦᠨᠳᠦᠰᠦᠲᠡᠨ ᠤ ᠰᠢᠶᠠᠩ᠂ ᠨᠠᠨᠮᠤ  ᠣᠶ ᠰᠢᠭᠤᠶ ᠶᠢᠨ ᠲᠣᠪᠴᠢᠶ᠎ᠠ ᠵᠢᠴᠢ ᠬᠠᠷᠢᠶ᠎ᠠ ᠲᠣᠭᠤᠷᠢᠭ ᠤᠨ ᠠᠶᠢᠯ ᠲᠣᠰᠬᠤᠨ ᠳᠤ ᠬᠦᠷᠴᠦ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠪᠠ᠃     ᠵᠠᠯᠠᠨ ᠠᠶᠢᠯ ᠬᠤᠲᠠ ᠶᠢᠨ ᠪᠥᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠵᠢᠶ ᠴᠦᠨ ᠬᠤᠷᠠᠯ ᠡᠷᠭᠢᠯᠡᠵᠦ᠂ ᠠᠵᠢᠯᠲᠠᠨ ᠤ ᠲᠣᠬᠢᠷᠠᠭᠤᠯᠤᠯᠲᠠ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠡᠳ᠋ ᠪᠣᠳᠠᠰ ᠤᠨ ᠨᠥᠭᠡᠴᠡ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠳᠤ ᠣᠷᠣᠯᠴᠠᠭᠰᠠᠨ ᠨᠢᠭᠡᠴᠡ ᠠᠴᠠ ᠲᠣᠰ ᠲᠣᠰ ᠬᠠᠨᠳᠤᠯᠭᠠᠲᠤ ᠴᠢᠨᠠᠷᠲᠠᠶ ᠰᠠᠨᠠᠯ ᠰᠠᠨᠠᠭᠤᠯᠭ᠎ᠠ ᠥᠭᠪᠡ᠃     ᠬᠥᠯᠥᠨ ᠪᠤᠶᠢᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠤᠷᠢᠨ ᠬᠢᠨᠠᠨ ᠵᠢᠯᠣᠭᠤᠳᠬᠤ ᠳᠤᠭᠤᠶᠢᠯᠠᠩ ᠵᠠᠯᠠᠨ ᠠᠶᠢᠯ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠬᠥᠯᠥᠨ ᠪᠤᠶᠢᠷ ᠬᠤᠲᠠ ᠶᠢᠨ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ᠂ ᠵᠠᠯᠠᠨ ᠠᠶᠢᠯ ᠭᠠᠯᠲᠤ ᠲᠡᠷᠭᠡᠨ ᠤ ᠥᠷᠲᠡᠭᠡ᠂ ᠾᠧᠩ ᠶᠤᠸᠠᠨ ᠪᠠᠷᠠᠭᠠᠨ ᠤ  ᠭᠦᠢᠯᠭᠡᠭᠡᠨ ᠤ ᠶᠦᠨ ᠳ᠋ᠡ ᠲᠦᠷᠭᠡᠨ ᠬᠦᠷᠭᠡᠯᠲᠡ ᠶᠢᠨ ᠢᠯᠭᠠᠯᠲᠠ ᠶᠢᠨ ᠲᠥᠪ ᠵᠡᠷᠭᠡ ᠭᠠᠵᠠᠷ ᠲᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠴᠤ  ᠪᠠᠶᠢᠴᠠᠭᠠᠪᠠ ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠠᠩ ᠵᠢᠶ ᠴᠦᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠱᠢ ᠶᠦᠩ ᠪᠠᠷ᠎ᠠ ᠪᠣᠯᠪᠠ᠃      3      ᠤ ᠡᠳᠦᠷ ᠵᠠᠯᠠᠨ ᠠᠶᠢᠯ ᠬᠤᠳᠠ ᠶᠢᠨ ᠶᠢᠰᠦᠳᠦᠭᠡᠷ ᠬᠤᠭᠤᠴᠠᠭᠠᠨ ᠤ ᠬᠤᠳᠠ ᠶᠢᠨ ᠨᠠᠮ ᠤᠨ  ᠬᠤᠷᠢᠶ᠎ᠠ ᠶᠢᠨ ᠪᠠᠶᠢᠩᠭᠤ ᠶᠢᠨ  ᠬᠤᠷᠢᠶ᠎ᠠ ᠶᠢᠨ ᠠᠷᠪᠠᠨ ᠳᠥᠷᠪᠡᠳᠦᠭᠡᠷ  ᠣᠳᠠᠭᠠᠨ ᠤ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠬᠤᠷᠠᠯ ᠢ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠤᠣᠯ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃     ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠳᠤᠭᠠᠷ ᠬᠤᠷᠠᠯᠳᠤᠭᠠᠨ ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ  ᠱᠦ ᠶᠠᠨ ᠬᠤᠷᠠᠯ ᠡᠷᠭᠢᠯᠡᠵᠦ᠂ ᠳᠡᠳ᠋ ᠡᠷᠬᠢᠯᠡᠭᠴᠢ ᠵᠥᠩ ᠯᠢ᠂ ᠵᠠᠩ ᠴᠤᠸᠠᠨ ᠹᠦ᠋᠂ ᠸᠧᠶ ᠬᠤᠩ ᠴᠦᠨ ᠬᠤᠷᠠᠯ ᠳᠤ ᠣᠷᠣᠯᠴᠠᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠦᠨ ᠰᠢᠤ ᠹᠸᠢ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠬᠤᠩ ᡁᠢ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠦ᠋ ᠴᠧᠨ ᠳ᠋ᠦᠩ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠯ᠎ᠡ ᠠᠵᠢᠯ ᠤᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ ᠬᠤᠷᠠᠯ ᠠᠴᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠬᠠᠤᠯᠢ ᠳᠤ ᠲᠣᠭᠲᠠᠭᠠᠭᠰᠠᠨ ᠵᠢᠷᠤᠮ ᠢᠶᠠᠷ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠤᠴᠢᠷ   ᠢ ᠶᠠᠪᠣᠭᠳᠠᠭᠤᠯᠵᠣ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ ᠤᠨ ᠬᠢᠨᠠᠨ ᠪᠠᠶᠢᠴᠠᠭᠠᠭᠳᠠᠬᠤ ᠡᠲᠡᠭᠡᠳ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢ ᠶᠢᠨ ᠬᠥᠮᠦᠵᠢᠯ ᠥᠷᠨᠢᠭᠦᠯᠦᠭᠰᠡᠨ ᠪᠠᠶᠢᠳᠠᠯ ᠤᠨ ᠲᠤᠬᠠᠶ ᠲᠤᠰᠬᠠᠶ ᠰᠡᠳᠦᠪᠲᠦ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ 2020 ᠣᠨ ᠤ ᠡᠳ᠋ ᠤᠨ ᠵᠠᠰᠠᠭ ᠤᠨ ᠲᠥᠰᠦᠪ ᠤᠨ ᠭᠦᠢᠴᠡᠳᠬᠡᠯ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ 2021 ᠣᠨ ᠤ ᠠᠩᠬᠠᠳᠤᠭᠠᠷ ᠤᠳᠠᠭ᠎ᠠ ᠶᠢᠨ ᠡᠳ᠋ ᠤᠨ ᠵᠠᠰᠠᠭ ᠤᠨ ᠲᠥᠰᠦᠪ ᠤᠨ ᠲᠤᠬᠢᠷᠠᠭᠤᠯᠤᠯᠳᠠ ᠶᠢᠨ ᠲᠥᠰᠦᠯ ᠢ ᠬᠢᠨᠠᠨ ᠪᠠᠶᠢᠴᠠᠭᠠᠵᠤ ᠵᠥᠪᠰᠢᠶᠡᠷᠡᠵᠦ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ 2020 ᠣᠨ ᠤ ᠲᠤᠰ ᠱᠠᠲᠤᠨ ᠤ ᠲᠥᠰᠦᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠲᠤᠬᠠᠢ ᠬᠢᠨᠠᠨ ᠪᠤᠳᠤᠯᠳᠠ ᠶᠢᠨ ᠠᠵᠢᠯ ᠤᠨ ᠮᠡᠳᠡᠭᠦᠯᠦᠯᠲᠡ ᠵᠢᠴᠢ ᠬᠢᠨᠠᠨ ᠪᠤᠳᠤᠯᠳᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ   ᠰᠣᠨᠣᠰᠴᠣ ᠬᠢᠨᠠᠨ ᠵᠦᠪᠯᠡᠪᠡ᠃    ᠵᠠᠯᠠᠨ ᠠᠶᠢᠯ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠵᠠᠯᠠᠨ ᠠᠶᠢᠯ ᠬᠤᠲᠠ ᠶᠢᠨ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠠᠴᠠ 21 ᠡᠮᠴᠢ ᠰᠤᠪᠢᠯᠠᠭᠴᠢ ᠶᠢ ᠮᠠᠨᠵᠤᠤᠷ ᠬᠤᠲᠠ ᠶᠢᠨ ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ ᠲᠤ ᠲᠣᠮᠢᠯᠠᠵᠤ ᠲᠤᠰᠠᠯᠠᠭᠤᠯᠪᠠ᠃    4      ᠤ ᠡᠳᠦᠷ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠳᠠᠬᠢᠨ ᠳᠠᠶᠢᠴᠢᠯᠠᠯᠲᠠ ᠬᠢᠵᠦ ᠳᠠᠬᠢᠨ ᠲᠣᠬᠢᠷᠠᠭᠤᠯᠤᠯᠲᠠ ᠬᠢᠵᠦ ᠳᠠᠬᠢᠨ ᠪᠠᠶᠢᠷᠢᠯᠠᠭᠤᠯᠤᠯᠲᠠ ᠬᠢᠪᠠ᠃ ᠬᠤᠲᠠ ᠶᠢᠨ ᠳᠥᠷᠪᠡᠨ ᠶᠡᠭᠡ ᠪᠠᠭ ᠤᠨ ᠤᠳᠤᠷᠢᠳᠤᠯᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠵᠢᠴᠢ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    5     ᠤ ᠡᠳᠦᠷ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠨᠢᠭᠡᠳᠦᠭᠡᠷ ᠹᠷᠣᠨᠲ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠢᠪᠠᠳᠠᠨ ᠵᠢᠯᠣᠭᠤᠳᠪᠠ᠂ ᠬᠤᠲᠠ ᠶᠢᠨ ᠤᠳᠤᠷᠢᠳᠤᠯᠭ᠎ᠠ ᠸᠠᠩ ᠪᠥᠸᠧ᠂ ᠶᠠᠩ ᠵᠢᠶ ᠴᠦᠨ᠂ ᠯᠢᠦ ᠭᠦᠸᠧ ᠬᠤᠸᠠ᠂ ᠵᠢᠶᠠᠩ ᠵᠢᠶᠦ᠋ᠨ ᠶᠦᠩ᠂ ᠯᠦ ᠶᠠ ᠭᠤᠸᠠᠩ᠂ ᠪᠦᠦ ᠢᠩ᠂ ᠯᠢᠦ ᠱᠢ ᠶᠦᠩ ᠨᠡᠷ ᠪᠠᠷ᠎ᠠ ᠪᠣᠯᠪᠠ᠃    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠸᠧᠶ ᠵᠢᠶᠦ᠋ᠨ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ᠂ ᠬᠤᠲᠠ ᠶᠢᠨ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠵᠠᠶ᠃    7      ᠤ ᠡᠳᠦᠷ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠢᠯᠣᠭᠤᠳᠬᠤ ᠭᠠᠵᠠᠷ ᠤᠨ ︽ᠨᠢᠭᠡ ᠠᠯᠪᠠᠨ ᠬᠡᠷ  ᠨᠠᠶᠢᠮᠠᠨ ᠳᠤᠭᠤᠶᠢᠯᠠᠩ︾ ᠤᠨ ᠪᠦᠷᠢᠯᠳᠦᠬᠦᠨ ᠨᠢᠭᠡᠴᠡ ᠵᠢᠴᠢ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠬᠡᠰᠡᠭ ᠬᠤᠳᠠᠯᠳᠤᠭᠠᠨ ᠤ ᠨᠡᠶᠢᠭᠡᠮᠯᠢᠭ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠵᠡᠷᠭᠡ ᠨᠡᠶᠢᠭᠡᠮ ᠤᠨ ᠬᠠᠶᠢᠷ᠎ᠠ ᠬᠠᠯᠠᠮᠵᠢ ᠲᠠᠢ ᠬᠥᠮᠦᠰ ᠢ ᠵᠣᠬᠢᠶᠠᠨ ᠪᠠᠶᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠠᠨᠳᠢᠪᠯᠠᠨ ᠬᠦᠷᠭᠡᠬᠦ ᠠᠵᠢᠯᠯᠠᠭ᠎ᠠ ᠥᠷᠨᠢᠭᠦᠯᠵᠦ᠂ ᠡᠯ᠎ᠡ ᠬᠤᠳᠠᠯᠳᠤᠭᠠᠨ ᠤ ᠨᠡᠶᠢᠭᠡᠮᠯᠢᠭ᠂ ᠠᠵᠤ ᠠᠬᠤᠶᠢᠯᠠᠯ ᠤᠨ 700500 ᠲᠥᠭᠦᠷᠢᠭ᠂ ᠠᠮᠠᠪᠴᠢ ᠶᠢ ᠨᠡᠶᠢᠳᠡ 13 ᠲᠦᠮᠡᠨ ᠬᠦᠯᠢᠶᠡᠨ ᠠᠪᠤᠪᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号